|
ᠶᠡᠷᠦᠩᠬᠡᠢ ᠱᠦᠵᠢ ᠠᠴᠠ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠲᠤ ᠲᠠᠯᠪᠢᠭᠰᠠᠨ ᠬᠦᠰᠡᠯ ᠨᠠᠶᠢᠳᠠᠯᠭ᠎ᠠ |
|
|
ᠨᠡᠶᠢᠲᠡᠯᠡᠭᠰᠡᠨ ᠴᠠᠭ᠄
2021/3/16
|
|
3 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃ ᠶᠡᠷᠦᠩᠬᠡᠢ ᠱᠦᠵᠢ ᠠᠴᠠ ᠥᠪᠥᠷ ᠮᠣᠩᠭᠤᠯ ᠤᠨ ᠨᠥᠬᠦᠳ ᠲᠣᠭᠲᠠᠭᠤᠨ ᠢᠶᠠᠷ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠪᠣᠯᠭᠠᠨ ᠪᠥᠲᠦᠭᠡᠨ ᠪᠠᠶᠢᠭᠤᠯᠬᠤ ᠶᠣᠰᠤ ᠪᠠᠷ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠭᠠᠨ ᠪᠥᠲᠦᠭᠡᠨ ᠪᠠᠶᠢᠭᠤᠯᠵᠤ᠂ ᠮᠠᠨ ᠤ ᠤᠯᠤᠰ ᠤᠨ ᠢᠶᠠᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠳᠣᠭᠲᠠᠭᠠᠵᠤ᠂ ᠭᠠᠳᠠᠭᠠᠳᠤ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ ᠠᠵᠢᠯ ᠢ ᠥᠴᠦᠬᠡᠨ ᠴᠤ ᠰᠤᠯᠠᠷᠠᠭᠤᠯᠤᠯ ᠦᠭᠡᠢ ᠰᠠᠶᠢᠲᠤᠷ ᠬᠢᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠶ᠎ᠡ᠃
|
|
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|