ᠠᠭᠤᠷᠬᠠᠶ ᠶᠢᠨ ᠡᠬᠢ ᠪᠠᠶᠠᠯᠢᠭ ᠢ ᠨᠡᠭᠡᠭᠡᠬᠦ ᠶᠠᠪᠤᠴᠠ ᠳᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2021/3/16
                           ᠦᠪᠣᠷ ᠵᠠᠰᠠᠭ ᠠᠯᠪᠡᠨ ᠳᠠᠷᠬᠠᠭᠠᠭᠰᠠᠨ ﹇2021﹈ 7 ᠳ᠋ᠤᠭᠠᠷ ᠲᠣᠭᠠᠳᠣ       ᠠᠭᠤᠷᠬᠠᠶ ᠶᠢᠨ ᠡᠬᠢ ᠪᠠᠶᠠᠯᠢᠭ ᠢ ᠨᠡᠭᠡᠭᠡᠬᠦ ᠶᠠᠪᠤᠴᠠ ᠳᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠬᠤ       ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠠᠪᠤᠴᠠ ᠳᠤ ᠨᠤᠲᠤᠭ ᠪᠡᠯᠴᠢᠭᠡᠷ ᠤᠨ ᠠᠮᠢ ᠠᠬᠤᠶ ᠶᠢ ᠰᠦᠢᠣᠡᠭᠡᠭᠰᠡᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠤᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠣᠭᠠᠷ᠂ ᠲᠦᠷᠪᠡᠳᠣᠭᠡᠷ᠂ ᠲᠠᠪᠣᠳᠣᠭᠠᠷ ᠪᠦᠭᠦᠳᠡ ᠬᠤᠷᠡᠯ ᠤᠨ ᠵᠣᠷᠢᠭ ᠰᠠᠨᠠᠭ᠎ᠠ ᠶᠢ ᠪᠦᠭᠦ ᠳᠠᠯ᠎ᠡ ᠪᠠᠷ ᠲᠣᠭᠤᠰᠢᠯᠠᠭᠤᠯᠣᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠣᠭᠤᠰᠢᠯᠠᠭᠤᠯᠵᠣ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠤᠶᠢᠪᠢᠰᠢ ᠦᠭᠡᠢ ᠡᠷᠡᠰ ᠲᠣᠭᠤᠰᠢᠯᠠᠭᠤᠯᠵᠣ᠂ ᠠᠮᠢ ᠠᠬᠤᠶ ᠶᠢ ᠣᠷᠢᠣᠡ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢᠨ ᠤᠳᠤᠷᠢᠳᠤᠮᠵᠢ ᠶᠢ ᠪᠠᠳᠣ ᠪᠣᠢ ᠪᠣᠯᠭᠠᠨ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠷ ᠠᠭᠤᠷᠬᠠᠢ ᠶᠢᠨ ᠡᠬᠢ ᠪᠠᠶᠠᠯᠢᠭ ᠢ ᠨᠡᠬᠡᠭᠡᠭᠦ ᠳᠤ ᠨᠤᠲᠤᠭ ᠪᠡᠯᠴᠢᠭᠡᠷ ᠲᠠᠲᠠᠪᠤᠷᠢᠯᠠᠨ ᠡᠵᠡᠯᠡᠵᠦ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠵᠢᠷᠣᠮᠵᠢᠭᠤᠯᠵᠣ᠂ ᠨᠢᠭᠡ ᠠᠴᠠ ᠨᠥᠭᠦᠭᠡ ᠶᠢ ᠮᠡᠳᠡᠵᠣ᠂ ᠠᠯᠳᠠᠰᠢ ᠭᠠᠷᠬᠤ ᠶᠢ ᠬᠤᠷᠢᠭᠯᠠᠨ᠂ ᠳᠦᠷᠢᠮ ᠲᠣᠭᠲᠠᠴᠠ ᠶᠢᠨ ᠲᠠᠯ᠎ᠠ ᠠᠴᠠ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠬᠦᠷᠢᠶᠡᠨ ᠳᠠᠬᠢ ᠨᠤᠲᠤᠭ ᠪᠡᠯᠴᠢᠭᠡᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠦᠨᠡᠨ ᠬᠦ ᠴᠢᠩᠭᠠᠣᠡᠬᠠᠵᠣ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠠᠨ ᠦᠷᠭᠦᠯᠵᠢᠯᠡᠨ ᠪᠠᠬᠢᠵᠢᠭᠦᠯᠵᠣ᠂ ᠡᠬᠡ ᠤᠯᠤᠰ ᠤᠨ ᠤᠮᠠᠷᠠᠲᠤ ᠬᠢᠯᠢ ᠳᠤ ᠲᠦᠮᠡᠨ ᠭᠠᠵᠠᠷ ᠤᠨ ᠨᠣᠮᠢᠨ ᠨᠣᠭᠤᠭᠠᠨ ᠤᠷᠲᠤ ᠴᠠᠭᠠᠨ ᠬᠡᠷᠡᠮ ᠢ ᠴᠣᠭᠴᠠᠯᠠᠨ᠎ᠠ᠃      ᠬᠤᠶᠠᠷ᠂ ᠭᠤᠣᠯ ᠡᠭᠦᠷᠭᠡ      ︵ᠨᠢᠭᠡ︶ ᠨᠤᠲᠤᠭ ᠪᠡᠯᠴᠢᠭᠡᠷ ᠲᠠᠬᠢ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠪᠠᠷ ᠰᠢᠨ᠎ᠡ ᠲᠥᠷᠥᠯ ᠵᠦᠢᠯ ᠪᠠᠶᠢᠭᠤᠯᠬᠤ ᠶᠢ ᠴᠢᠩᠭ᠎ᠠ ᠬᠢᠵᠠᠭᠠᠷᠯᠠᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠤᠯᠠᠭᠠᠨ ᠱᠤᠭᠤᠮ ᠤᠨ ᠳᠣᠲᠣᠷ᠎ᠠ ᠳᠤᠷ᠎ᠠ ᠪᠠᠷ ᠮᠠᠯᠲᠠᠬᠤ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠲᠥᠷᠥᠯ ᠵᠦᠢᠯ ᠢ ᠰᠢᠨ᠎ᠡ ᠪᠠᠷ ᠭᠠᠷᠭᠠᠬᠤ ᠶᠢ ᠴᠢᠩᠭ᠎ᠠ ᠬᠤᠷᠢᠭᠯᠠᠨ᠎ᠠ᠂ ᠪᠣᠰᠣᠣᠨ ᠨᠤᠲᠤᠭ ᠪᠡᠯᠴᠢᠭᠡᠷ ᠲᠤ ᠬᠠᠤᠯᠢ ᠲᠣᠭᠲᠠᠭᠠᠯ ᠶᠣᠰᠣᠭᠠᠷ ᠵᠥᠪᠰᠢᠶᠡᠷᠡᠭᠦᠯᠦᠭᠰᠡᠨ ᠤᠯᠤᠰ ᠤᠨ ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠢ ᠪᠠᠲᠤᠯᠠᠬᠤ ᠲᠥᠷᠥᠯ ᠵᠦᠢᠯ ᠠᠴᠠ ᠭᠠᠳᠠᠨ᠎ᠠ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠲᠥᠷᠥᠯ ᠵᠦᠢᠯ ᠢ ᠰᠢᠨ᠎ᠡ ᠪᠠᠷ ᠭᠠᠷᠭᠠᠵᠤ ᠪᠣᠯᠬᠤ ᠦᠭᠡᠶ᠃ ᠰᠢᠨ᠎ᠡ ᠪᠠᠷ ᠭᠠᠷᠭᠠᠭᠰᠠᠨ ᠠᠭᠤᠷᠬᠠᠢ ᠶᠢᠨ ᠡᠬᠢ ᠪᠠᠶᠠᠯᠢᠭ ᠢ ᠨᠡᠬᠡᠭᠡᠭᠦ ᠲᠥᠷᠥᠯ ᠵᠦᠢᠯ ᠨᠢ ᠡᠬᠢᠨ ᠤ ᠬᠤᠭᠤᠴᠠᠭᠠᠨ ᠤ ᠠᠵᠢᠯ ᠥᠷᠨᠢᠭᠦᠯᠬᠦ ᠳᠤ ᠪᠠᠨ᠂ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ︽ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠵᠢᠷᠤᠮᠵᠢᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠣᠷᠢᠣᠨ ᠢᠶᠠᠷ ᠤᠷᠢᠳᠴᠢᠯᠠᠨ ᠬᠢᠨᠠᠵᠤ᠂ ᠳᠠᠷᠠᠭ᠎ᠠ ᠨᠢ ᠲᠥᠷᠥᠯ ᠵᠦᠢᠯ ᠢ ᠲᠣᠭᠳᠠᠭᠠᠨ᠂ ᠰᠡᠭᠦᠯᠡᠷ ᠨᠢ ᠪᠦᠲᠦᠭᠡᠨ ᠪᠠᠶᠢᠭᠤᠯᠬᠤ ᠡᠬᠢ ᠡᠭᠦᠰᠦᠯ ᠠᠴᠠ ᠨᠢ ᠡᠵᠡᠮᠳᠡᠬᠦ ᠵᠠᠷᠴᠢᠮ ᠢ ᠨᠠᠶᠢᠳᠠᠪᠤᠷᠢᠵᠢᠭᠤᠯᠵᠤ ᠪᠣᠲᠠᠲᠠᠶᠢᠵᠢᠭᠤᠯᠬᠤ ᠬᠡᠷᠡᠭᠲᠡᠶ᠃ ᠠᠭᠤᠷᠬᠠᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠳᠤ ᠨᠤᠲᠤᠭ ᠪᠡᠯᠴᠢᠭᠡᠷ ᠢ ᠦᠨᠡᠨ ᠬᠦ ᠲᠦᠷ ᠴᠠᠭ ᠡᠵᠡᠯᠡᠨ ᠬᠡᠷᠡᠭᠯᠡᠬᠦ ᠴᠢᠬᠤᠯᠠᠳᠠᠢ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠭᠲᠠᠭᠠᠭᠰᠠᠨ ᠡᠷᠬᠡ ᠮᠡᠳᠡᠯ ᠢ ᠦᠨᠳᠦᠰᠦᠯᠡᠨ ᠱᠠᠲᠤ ᠬᠤᠪᠢᠶᠠᠵᠣ ᠬᠢᠨᠠᠨ ᠵᠥᠪᠰᠢᠶᠡᠷᠡᠨ᠎ᠡ᠃ ᠲᠦᠷ ᠴᠠᠭ ᠡᠵᠡᠯᠡᠨ ᠬᠡᠷᠡᠭᠯᠡᠬᠦ ᠨᠤᠲᠤᠭ ᠪᠡᠯᠴᠢᠭᠡᠷ ᠲᠤ ᠦᠨᠢᠳᠡ ᠶᠢᠨ ᠴᠢᠨᠠᠷᠲᠠᠶ ᠪᠠᠷᠢᠯᠭ᠎ᠠ ᠪᠠ ᠪᠠᠷᠢᠯᠭ᠎ᠠ ᠶᠢᠨ ᠪᠣᠰᠣᠳ ᠵᠦᠢᠯᠡᠰ ᠢ ᠪᠠᠷᠢᠵᠤ ᠪᠣᠯᠬᠤ ᠦᠭᠡᠶ᠂ ᠬᠡᠷᠡᠭᠯᠡᠬᠦ ᠬᠤᠭᠤᠴᠠᠭ᠎ᠠ ᠶᠢ ᠨᠢ ᠬᠤᠶᠠᠷ ᠵᠢᠯ ᠠᠴᠠ ᠬᠡᠳᠣᠷᠡᠭᠦᠯᠵᠣ ᠪᠣᠯᠬᠤ ᠦᠭᠡᠶ᠂ ᠡᠵᠡᠯᠡᠨ ᠬᠡᠷᠡᠭᠯᠡᠬᠦ ᠬᠤᠭᠤᠴᠠᠭ᠎ᠠ ᠨᠢ ᠲᠣᠯᠣᠭᠰᠠᠨ ᠤ ᠳᠠᠷᠠᠭ᠎ᠠ᠂ ᠨᠤᠲᠤᠭ ᠪᠡᠯᠴᠢᠭᠡᠷ ᠢ ᠬᠡᠷᠡᠭᠯᠡᠵᠦ ᠪᠠᠶᠢᠭ᠎ᠠ ᠨᠢᠭᠡᠴᠢ ᠨᠢ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢᠨ ᠬᠠᠮᠲᠤ ᠴᠠᠭ ᠲᠤᠬᠠᠶ ᠳᠤ ᠨᠢ ᠪᠤᠴᠠᠭᠠᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠢᠨᠠᠨ ᠬᠠᠮᠢᠶᠠᠷᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ︶      ︵ᠬᠤᠶᠠᠷ︶ ᠨᠤᠲᠤᠭ ᠪᠡᠯᠴᠢᠭᠡᠷ ᠳᠡᠭᠡᠷ᠎ᠡ ᠨᠢᠭᠡᠨᠲᠡ ᠪᠠᠶᠢᠭᠤᠯᠤᠭᠰᠠᠨ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠲᠥᠷᠥᠯ ᠵᠦᠢᠯ ᠢ ᠴᠢᠩᠭ᠎ᠠ ᠵᠢᠷᠣᠮᠵᠢᠭᠤᠯᠣᠨ᠎ᠡ᠃ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠨᠤᠲᠤᠭ ᠪᠡᠯᠴᠢᠭᠡᠷ ᠳᠡᠭᠡᠷ᠎ᠡ ᠨᠢᠭᠡᠨᠲᠡ ᠪᠠᠶᠢᠭᠤᠯᠤᠭᠰᠠᠨ ᠪᠠ ᠪᠠᠶᠢᠭᠤᠯᠵᠤ ᠪᠠᠶᠢᠭ᠎ᠠ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠲᠥᠷᠥᠯ ᠵᠦᠢᠯ ᠳᠤ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠭᠠᠷ ᠲᠣᠭᠲᠠᠭᠠᠭᠰᠠᠨ ᠠᠭᠤᠷᠬᠠᠶ ᠶᠢᠨ ᠣᠷᠣᠨ ᠤ ᠬᠡᠪᠴᠢᠶᠡᠨ ᠠᠴᠠ ᠭᠠᠳᠠᠭᠤᠷ ᠬᠠᠪᠲᠠᠭᠠᠶ ᠲᠠᠯᠠᠪᠠᠶ ᠪᠠᠨ ᠦᠷᠬᠡᠳᠬᠡᠨ ᠨᠡᠮᠡᠭᠳᠡᠭᠦᠯᠵᠦ ᠪᠣᠯᠬᠤ ᠦᠭᠡᠶ᠂ ᠵᠥᠪᠰᠢᠶᠡᠷᠡᠭᠦᠯᠦᠭᠡᠳᠦᠶ ᠪᠠᠷ ᠠᠭᠤᠷᠬᠠᠢ ᠶᠢᠨ ᠬᠤᠳᠳᠤᠭ ᠮᠠᠯᠲᠠᠵᠤ ᠨᠡᠭᠡᠭᠡᠵᠣ ᠪᠠᠶᠢᠭᠰᠠᠨ ᠢᠶᠠᠨ ᠵᠠᠳᠠᠭᠠᠶ ᠮᠠᠯᠲᠠᠬᠤ ᠪᠣᠯᠭᠠᠨ ᠬᠤᠪᠢᠷᠠᠭᠤᠯᠵᠤ ᠪᠣᠯᠬᠤ ᠦᠭᠡᠶ᠂ ᠨᠣᠳᠤᠭ ᠪᠡᠯᠴᠢᠭᠡᠷ ᠢ ᠡᠵᠡᠯᠡᠨ ᠬᠡᠷᠩᠯᠡᠭᠰᠡᠨ ᠰᠢᠭᠠᠷᠤ ᠢᠯᠭᠠᠷᠠᠭᠤᠯᠬᠤ ᠲᠠᠯᠠᠪᠠᠶ᠂ ᠢᠯᠭᠠᠳᠠᠰᠣ ᠶᠢᠨ ᠲᠠᠯᠠᠪᠠᠶ᠂ ᠨᠡᠭᠦᠷᠡᠰᠦᠨ ᠴᠢᠯᠠᠭᠤ ᠣᠪᠣᠭᠠᠯᠠᠬᠤ ᠲᠠᠯᠠᠪᠠᠶ᠂ ᠲᠠᠯᠠᠪᠠᠶ ᠶᠢᠨ ᠲᠣᠭᠤᠷᠢᠭ ᠲᠠᠬᠢ ᠵᠠᠮ ᠤᠨ ᠲᠠᠯᠠᠪᠠᠶ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠨᠤᠲᠤᠭ ᠪᠡᠯᠴᠢᠭᠡᠷ ᠢ ᠦᠷᠭᠦᠯᠵᠢᠯᠡᠨ ᠡᠵᠡᠯᠡᠨ ᠬᠡᠷᠡᠭᠯᠡᠬᠦ ᠪᠠᠷ ᠭᠤᠶᠤᠴᠢᠯᠠᠪᠠᠯ᠂ ᠠᠭᠤᠷᠬᠠᠶ ᠶᠢᠨ ᠬᠦᠷᠣᠰᠣ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠪᠠ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ ᠤᠨ ᠱᠠᠭᠠᠷᠳᠠᠯᠭ᠎ᠠ ᠶᠣᠰᠣᠭᠠᠷ᠂ ᠤᠤᠯ ᠤᠨ ᠬᠡᠷᠩᠯᠡᠵᠣ ᠪᠠᠶᠢᠭᠰᠠᠨ ᠠᠭᠤᠷᠬᠠᠶ ᠶᠢᠨ ᠭᠠᠵᠠᠷ ᠲᠤ ᠵᠣᠬᠢᠬᠤ ᠵᠠᠰᠠᠯᠲᠠ ᠬᠢᠭᠰᠡᠨ ᠤ ᠳᠠᠷᠠᠭ᠎ᠠ᠂ ᠨᠤᠲᠤᠭ ᠪᠡᠯᠴᠢᠭᠡᠷ ᠢ ᠬᠡᠷᠡᠭᠯᠡᠬᠦ ᠪᠠᠷ ᠭᠤᠶᠤᠴᠢᠯᠠᠵᠤ ᠪᠣᠯᠤᠨ᠎ᠠ᠂ ᠡᠬᠢ ᠪᠠᠶᠠᠯᠢᠭ ᠨᠢ ᠰᠢᠪᠬᠠᠷᠴᠣ ᠦᠢᠯᠡᠴᠢᠯᠡᠭᠡᠨ ᠤ ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ ᠪᠤᠴᠠᠭᠠᠬᠤ ᠶᠢᠨ ᠬᠠᠮᠲᠤ ᠤᠷᠭᠤᠮᠠᠯ ᠤᠨ ᠬᠤᠴᠢᠯᠭ᠎ᠠ ᠶᠢ ᠨᠢ ᠰᠡᠷᠭᠦᠭᠡᠭᠦ ᠬᠡᠷᠩᠳᠠᠢ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠪᠠ ᠠᠭᠤᠷᠬᠠᠶ ᠶᠢᠨ ᠡᠬᠢ ᠪᠠᠶᠠᠯᠢᠭ ᠤᠨ ᠬᠦᠷᠢᠶᠡᠨ ᠳᠠᠬᠢ ᠲᠤᠰᠬᠠᠶᠢᠯᠠᠨ ᠴᠡᠭᠴᠡᠯᠡᠨ ᠵᠠᠰᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡᠨᠲᠡ ᠪᠠᠶᠢᠭᠤᠯᠤᠭᠰᠠᠨ ᠨᠡᠭᠦᠷᠡᠰᠦᠨ ᠠᠭᠤᠷᠬᠠᠶ ᠵᠡᠷᠭᠡ ᠠᠭᠤᠷᠬᠠᠶ ᠶᠢᠨ ᠡᠬᠢ ᠪᠠᠶᠠᠯᠢᠭ ᠤᠨ ᠬᠦᠷᠢᠶᠡᠨ ᠳᠠᠬᠢ ᠦᠯᠡᠳᠡᠭᠳᠡᠯ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ︵ᠬᠠᠷᠢᠭᠤᠴᠠᠬᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠢᠨᠡᠨ ᠬᠠᠮᠢᠶᠠᠷᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ︶      ︵ᠭᠤᠷᠪᠠ︶ ᠠᠭᠤᠷᠬᠠᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠳᠠᠯᠠᠨ᠎ᠠ᠃ ︽ᠬᠡᠨ ᠰᠦᠢᠣᠡᠭᠡᠪᠡᠯ ᠲᠡᠷᠡ ᠵᠠᠰᠠᠬᠤ︾ ᠵᠠᠷᠴᠢᠮ ᠶᠣᠰᠣᠭᠠᠷ᠂ ᠠᠭᠤᠷᠬᠠᠶ ᠶᠢᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠬᠢᠭᠡᠳ ᠰᠡᠷᠭᠦᠭᠡᠨ ᠵᠠᠰᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠠᠮᠢ ᠠᠬᠤᠶ ᠶᠢ ᠦᠩᠵᠢᠭᠦᠯᠣᠨ ᠰᠡᠷᠭᠦᠭᠡᠭᠦ ᠠᠵᠢᠯ ᠢ ᠥᠷᠨᠢᠭᠦᠯᠵᠦ᠂ ᠬᠠᠶᠠᠭᠳᠠᠮᠠᠯ ᠠᠭᠤᠷᠬᠠᠶ᠂ ᠢᠪᠡᠷᠡᠵᠦ ᠨᠤᠷᠠᠭᠰᠠᠨ ᠠᠭᠤᠷᠬᠠᠢ ᠶᠢᠨ ᠭᠠᠵᠡᠷ ᠪᠠ ᠨᠡᠭᠦᠷᠡᠰᠦᠨ ᠠᠭᠤᠷᠬᠠᠶ ︵ᠨᠡᠭᠦᠷᠡᠰᠦᠨ ᠴᠢᠯᠠᠭᠤ︶ ᠶᠢᠨ ᠨᠣᠴᠣᠵᠣ ᠪᠠᠶᠢᠭ᠎ᠠ ᠭᠠᠵᠡᠷ ᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠣᠶ ᠰᠢᠭᠤᠶ ᠨᠣᠳᠤᠭ ᠪᠡᠯᠴᠢᠭᠡᠷ ᠵᠡᠷᠭᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠭᠦ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠭᠤᠷᠬᠠᠶ ᠶᠢᠨ ᠬᠦᠷᠣᠰᠣ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠬᠢᠭᠡᠳ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ ᠢ ᠴᠢᠩᠭ᠎ᠠ ᠨᠠᠶᠢᠳᠠᠪᠤᠷᠢᠵᠢᠭᠤᠯᠵᠤ᠂ ᠡᠵᠡᠯᠡᠨ ᠬᠡᠷᠩᠯᠡᠭᠳᠡᠭᠰᠡᠨ ᠨᠤᠲᠤᠭ ᠪᠡᠯᠴᠢᠭᠡᠷ ᠲᠠᠬᠢ ᠠᠭᠤᠷᠬᠠᠶ ᠶᠢᠨ ᠣᠷᠴᠢᠨ ᠲᠣᠭᠤᠷᠢᠨ ᠤ ᠶᠡᠷᠦᠩᠬᠡᠶᠢᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠯᠭᠡᠨ᠎ᠠ᠃ ᠬᠠᠷᠢᠭᠤᠴᠠᠬᠤ ᠭᠤᠤᠯ ᠴᠣᠭᠴᠠ ᠦᠭᠡᠶ ᠠᠭᠤᠷᠬᠠᠶ ᠳᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠵᠠᠰᠠᠨ ᠰᠠᠶᠢᠵᠢᠷᠠᠭᠤᠯᠬᠤ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠪᠦᠬᠦ ᠲᠠᠯ᠎ᠠ ᠪᠠᠷ ᠪᠠᠶᠢᠴᠠᠭᠠᠨ ᠬᠢᠨᠠᠵᠣ ᠬᠠᠷᠭᠤᠭᠤᠯᠤᠭᠰᠠᠨ ᠰᠠᠭᠤᠷᠢᠨ ᠳᠡᠭᠡᠷ᠎ᠡ᠂ ᠲᠥᠷᠥᠯ᠂ ᠲᠣᠭᠤᠷᠢᠭ᠂ ᠱᠠᠲᠤ ᠬᠤᠪᠢᠶᠠᠵᠣ ᠪᠠᠶᠢᠭᠠᠳ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠡᠵᠡᠨ ᠦᠭᠡᠢ ᠠᠭᠤᠷᠬᠠᠶ ᠶᠢ ᠰᠡᠷᠭᠦᠭᠡᠨ ᠵᠠᠰᠠᠬᠤ ᠶᠢᠨ ᠬᠠᠮᠲᠤ᠂ ᠰᠡᠷᠭᠦᠭᠡᠨ ᠵᠠᠰᠠᠭᠰᠠᠨ ᠤ ᠳᠠᠷᠠᠭᠠᠬᠢ ᠭᠠᠵᠠᠷ ᠰᠢᠷᠣᠶ ᠶᠢ ᠬᠠᠤᠯᠢ ᠪᠠ ᠲᠣᠭᠳᠠᠭᠠᠯ ᠶᠣᠰᠣᠭᠠᠷ᠂ ᠰᠢᠨᠵᠢᠯᠡᠬᠦ ᠤᠬᠠᠭᠠᠨᠴᠢ ᠪᠦᠭᠡᠣᠨ ᠵᠦᠢ ᠵᠣᠬᠢᠰᠲᠠᠶ ᠪᠠᠷ ᠠᠰᠢᠭᠯᠠᠬᠤ ᠪᠣᠯᠭᠠᠨ᠎ᠠ᠃ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠤᠷᠴᠢᠨ ᠲᠤᠭᠤᠷᠢᠨ ᠤ ᠰᠠᠯᠠᠭ᠎ᠠ ᠮᠦᠴᠢᠷ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠲᠠᠢ ᠬᠠᠮᠵᠢᠯᠴᠠᠨ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠤᠭᠲᠠᠭᠠᠵᠤ᠂ ᠪᠤᠬᠢᠷᠳᠤᠯ ᠦᠭᠡᠢ ᠠᠭᠤᠷᠬᠠᠢ ᠶᠢᠨ ᠪᠠᠷᠢᠮᠵᠢᠶᠡᠨ ᠤ ᠲᠣᠭᠲᠠᠯᠴᠠᠭ᠎ᠠ ᠶᠢ ᠪᠦᠷᠢᠨᠰᠢᠭᠦᠯᠦᠨ᠂ ᠠᠭᠤᠷᠬᠠᠢ ᠶᠢᠨ ᠠᠮᠢ ᠠᠬᠤᠢ ᠤᠷᠴᠢᠨ ᠲᠤᠭᠤᠷᠢᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠬᠢᠨᠠᠨ ᠬᠠᠮᠢᠶᠠᠷᠬᠤ ᠨᠢᠭᠡᠴᠢ᠄ ᠦᠪᠡᠷᠳᠡᠬᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠭᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ᠂ ᠠᠮᠢ ᠠᠬᠤᠶ ᠤᠷᠴᠢᠨ ᠲᠤᠭᠤᠷᠢᠨ ᠤ ᠲᠢᠩᠬᠢᠮ᠂ ᠤᠰᠤᠨ ᠠᠰᠢᠨᠨᠯᠠᠯᠳᠠ ᠶᠢᠨ ᠲᠢᠩᠬᠢᠮ᠂ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠨᠧᠷᠬᠢ ᠶᠢᠨ ᠲᠤᠪᠴᠢᠶ᠎ᠠ᠂ ᠤᠶ ᠰᠢᠭᠤᠢ ᠪᠠ ᠨᠣᠳᠤᠭ ᠪᠡᠯᠴᠢᠭᠡᠷ ᠤᠨ ᠲᠤᠪᠴᠢᠶ᠎ᠠ ᠵᠡᠷᠬᠡ ᠰᠠᠯᠠᠭ᠎ᠠ ᠮᠦᠴᠢᠷ︶      ︵ᠳᠥᠷᠪᠡ︶ ᠨᠤᠲᠤᠭ ᠪᠡᠯᠴᠢᠭᠡᠷ ᠲᠠᠬᠢ ᠠᠭᠤᠷᠬᠠᠢ ᠶᠢᠨ ᠡᠬᠢ ᠪᠠᠶᠠᠯᠢᠭ ᠢ ᠨᠡᠭᠡᠭᠡᠭᠦ ᠶᠢ ᠴᠢᠩᠭ᠎ᠠ ᠬᠢᠨᠠᠨ ᠬᠠᠮᠢᠶᠠᠷᠬᠤ ᠬᠡᠷᠡᠭᠲᠡᠶ᠃ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠨᠤᠲᠤᠭ ᠪᠡᠯᠴᠢᠭᠡᠷ ᠲᠠᠬᠢ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠳᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠢ ᠲᠣᠭᠳᠠᠭᠠᠨ᠂ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠡᠨᠧᠷᠭᠢ᠂ ᠣᠶ ᠰᠢᠭᠤᠶ ᠨᠣᠳᠤᠭ ᠪᠡᠯᠴᠢᠭᠡᠷ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠤᠳ ᠢ ᠰᠢᠮᠳᠠᠭᠤᠯᠵᠤ ᠪᠠᠶᠢᠭᠠᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠨᠤᠲᠤᠭ ᠪᠡᠯᠴᠢᠭᠡᠷ ᠲᠠᠬᠢ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢᠨ ᠠᠵᠢᠯ ᠶᠠᠪᠣᠳᠠᠯ ᠤᠨ ᠲᠤᠮᠳᠠᠬᠢ ᠪᠠ ᠠᠵᠢᠯ ᠶᠠᠪᠣᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠦᠨᠡᠡ ᠬᠦ ᠪᠣᠶ ᠪᠣᠯᠭᠠᠬᠤ ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠠᠭᠤᠷᠬᠠᠶ ᠶᠢᠨ ᠬᠦᠷᠣᠰᠣ ᠭᠠᠵᠠᠷ ᠤᠨ ᠣᠷᠴᠢᠨ ᠲᠣᠭᠤᠷᠢᠨ ᠢ ᠵᠠᠰᠠᠬᠤ ᠠᠵᠢᠯ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠣᠬᠢᠷᠲᠤᠯ ᠦᠭᠡᠶ ᠠᠭᠤᠷᠬᠠᠶ ᠶᠢ ᠶᠡᠷᠦᠩᠬᠡᠶᠢᠯᠡᠨ ᠵᠠᠰᠠᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠭᠤᠷᠬᠠᠶ ᠶᠢᠨ ︽ᠭᠤᠷᠪᠠᠨ ᠬᠠᠶᠠᠭᠳᠠᠮᠠᠯ︾ ᠢ ᠵᠠᠰᠠᠬᠤ ᠵᠢᠴᠢ ᠪᠠᠷᠢᠮᠵᠢᠶ᠎ᠠ ᠪᠠᠷ ᠪᠣᠬᠢᠷ ᠪᠣᠳᠠᠰ ᠢ ᠭᠠᠳᠠᠭᠰᠢᠯᠠᠭᠤᠯᠬᠤ ᠳᠤ ᠬᠢᠨᠠᠨ ᠬᠠᠮᠢᠶᠠᠷᠬᠤ ᠠᠵᠢᠯ ᠢ ᠴᠢᠩᠭᠠᠷᠠᠭᠤᠯᠣᠨ᠎ᠠ᠃ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠠᠭᠤᠷᠬᠠᠶ ᠶᠢᠨ ᠣᠷᠣᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠵᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠣ᠂ ᠡᠳᠦᠷ ᠲᠤᠲᠤᠮ ᠤᠨ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠨ᠎ᠡ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠨᠢ ᠨᠤᠲᠤᠭ ᠪᠡᠯᠴᠢᠭᠡᠷ ᠲᠠᠬᠢ ᠠᠭᠤᠷᠬᠠᠶ ᠶᠢᠨ ᠣᠷᠣᠨ ᠤ ᠤᠰᠤᠨ ᠤ ᠡᠬᠢ ᠰᠣᠷᠪᠣᠯᠵᠢ ᠶᠢᠨ ᠬᠠᠮᠠᠭᠠᠯᠠᠯᠳᠠ ᠳᠤ ᠬᠢᠨᠠᠨ ᠬᠠᠮᠢᠶᠠᠷᠬᠤ ᠠᠵᠢᠯ ᠢ ᠬᠠᠤᠯᠢ ᠪᠠ ᠲᠣᠭᠲᠠᠭᠠᠯ ᠶᠣᠰᠣᠭᠠᠷ ᠴᠢᠩᠭᠠᠣᠡᠬᠠᠨ᠎ᠠ᠃ ︽ᠣᠭᠲᠠᠷᠭᠤᠶ ᠠᠴᠠ ᠦᠵᠡᠬᠦ᠂ ᠭᠠᠵᠠᠷ ᠲᠤ ᠨᠢ ᠭᠦᠷᠴᠣ ᠪᠠᠶᠢᠴᠠᠭᠠᠬᠤ︾ ᠵᠡᠷᠭᠡ ᠣᠳᠣ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ᠂ ᠪᠦᠬᠦᠨ ᠢ ᠬᠠᠮᠤᠷᠤᠭᠰᠠᠨ ᠬᠡᠯᠪᠡᠷᠢ ᠪᠦᠭᠦᠢ ᠬᠢᠨᠠᠯᠲᠠ ᠲᠠᠯᠪᠢᠵᠣ ᠪᠠᠶᠢᠴᠠᠭᠠᠬᠤ ᠶᠢ ᠥᠷᠨᠢᠭᠦᠯᠵᠦ᠂ ᠪᠦᠬᠦ ᠲᠠᠯ᠎ᠠ ᠪᠠᠷ ᠬᠢᠨᠠᠨ ᠬᠡᠮᠵᠢᠵᠦ ᠬᠢᠨᠠᠨ ᠬᠠᠮᠢᠶᠠᠷᠬᠤ ᠶᠢ ᠪᠡᠶᠡᠯᠡᠭᠦᠯᠦᠨ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠠᠤᠯᠢ ᠪᠠ ᠲᠣᠭᠲᠠᠭᠠᠯ ᠶᠣᠰᠣᠭᠠᠷ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠭᠥᠭᠵᠢᠭᠦᠯᠣᠨ᠎ᠡ᠃ ᠡᠳᠦᠷ ᠲᠤᠲᠤᠮ ᠤᠨ ᠬᠢᠨᠠᠨ ᠬᠠᠮᠢᠶᠠᠷᠬᠤ ᠪᠠᠷ ᠳᠠᠮᠵᠢᠨ ᠢᠯᠡᠷᠡᠭᠦᠯᠤᠭ᠍ᠰᠡᠨ ᠠᠰᠠᠭᠤᠳᠠᠯ ᠳᠤ ᠠᠵᠢᠯ ᠤᠨ ᠡᠭᠡ ᠳᠠᠩᠰᠠ ᠪᠠᠶᠢᠭᠤᠯᠵᠤ᠂ ᠴᠡᠭᠴᠡᠯᠡᠵᠣ ᠦᠭᠡᠷᠡᠴᠢᠯᠡᠭᠰᠡᠨ ᠪᠠᠶᠢᠪᠠᠯ ᠬᠠᠷᠭᠤᠭᠤᠯᠵᠣ ᠬᠠᠰᠤᠬᠤ ᠳᠦᠷᠢᠮ ᠢ ᠬᠡᠷᠩᠵᠢᠭᠦᠯᠣᠨ᠎ᠡ᠃ ︵ᠬᠠᠷᠢᠭᠤᠴᠠᠬᠤ ᠨᠢᠭᠡᠴᠢ᠄ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠬᠢᠨᠡᠨ ᠬᠠᠮᠢᠶᠡᠷᠬᠤ ᠨᠢᠭᠡᠴᠢ᠄ ᠦᠪᠡᠷᠳᠡᠭᠡᠨ ᠵᠠᠰᠠᠬᠤ ᠣᠷᠣᠨ ᠤ ᠣᠶ ᠰᠢᠭᠤᠶ ᠪᠠ ᠨᠣᠳᠤᠭ ᠪᠡᠯᠴᠢᠭᠡᠷ ᠤᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠳᠢᠩᠬᠢᠮ᠂ ᠬᠦᠭᠵᠢᠬᠦᠯᠥᠯᠳᠡ ᠪᠠ ᠦᠭᠡᠷᠡᠴᠢᠯᠡᠯᠳᠡ ᠶᠢᠨ ᠵᠦᠪᠯᠡᠯ᠂ ᠠᠮᠢ ᠠᠬᠤᠢ ᠣᠷᠴᠢᠨ ᠲᠤᠭᠤᠷᠢᠨ ᠤ ᠳᠢᠩᠬᠢᠮ᠂ ᠣᠰᠣᠨ ᠠᠰᠢᠠᠠᠯᠠᠯᠳᠡ ᠶᠢᠨ ᠳᠢᠩᠬᠢᠮ᠂ ᠡᠨᠧᠷᠬᠢ ᠶᠢᠨ ᠲᠤᠪᠴᠢᠶ᠎ᠠ ᠵᠡᠷᠭᠡ ᠰᠠᠯᠠᠭ᠎ᠠ ᠮᠦᠴᠢᠷ︶      ︵ᠲᠠᠪᠤ︶ ᠠᠭᠤᠷᠬᠠᠶ ᠶᠢᠨ ᠡᠬᠢ ᠪᠠᠶᠠᠯᠢᠭ ᠢ ᠨᠡᠭᠡᠭᠡᠬᠦ ᠲᠠᠯ᠎ᠠ ᠳᠠᠬᠢ ᠬᠠᠤᠯᠢ ᠠᠴᠠ ᠵᠥᠷᠢᠴᠡᠨ ᠨᠤᠲᠤᠭ ᠪᠡᠯᠴᠢᠭᠡᠷ ᠢ ᠡᠵᠡᠯᠡᠵᠣ ᠬᠡᠷᠩᠯᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦᠨ᠎ᠡ᠃ ᠡᠯ᠎ᠡ ᠱᠠᠲᠤᠨ ᠤ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠢ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠣ᠂ ᠬᠠᠤᠯᠢ ᠶᠢ ᠵᠠᠪᠠᠯ ᠵᠢᠷᠤᠮᠯᠠᠬᠤ᠂ ᠬᠠᠤᠯᠢ ᠶᠢ ᠵᠠᠪᠠᠯ ᠴᠢᠩᠭ᠎ᠠ ᠬᠡᠷᠡᠭᠵᠢᠭᠦᠯᠬᠦ᠂ ᠬᠠᠤᠯᠢ ᠠᠴᠠ ᠵᠦᠷᠢᠴᠡᠪᠡᠯ ᠵᠠᠪᠠᠯ ᠨᠡᠬᠡᠮᠵᠢᠯᠡᠬᠦ ᠵᠠᠷᠴᠢᠮ ᠢ ᠪᠠᠷᠢᠮᠲᠠᠯᠠᠨ᠂ ᠵᠦᠪᠰᠢᠶᠡᠷᠡᠭᠦᠯᠤᠭ᠍ᠰᠡᠨ ᠦᠭᠡᠢ ᠪᠠᠶᠢᠵᠤ ᠣᠷᠢᠣᠡ ᠢᠶᠠᠷ ᠪᠠᠶᠢᠭᠤᠯᠬᠤ᠂ ᠵᠦᠪᠰᠢᠶᠡᠷᠡᠭᠰᠡᠨ ᠬᠡᠮᠵᠢᠶᠠᠨ ᠠᠴᠠ ᠢᠯᠡᠭᠦᠦ ᠡᠵᠡᠯᠡᠬᠦ᠂ ᠲᠦᠷ ᠴᠠᠭ ᠬᠡᠷᠩᠯᠡᠭᠦ ᠨᠡᠷ᠎ᠡ ᠪᠠᠷ ᠨᠤᠲᠤᠭ ᠪᠡᠯᠴᠢᠭᠡᠷ ᠢ ᠤᠷᠲᠤ ᠬᠤᠭᠤᠴᠠᠭ᠎ᠠ ᠪᠠᠷ ᠡᠵᠡᠯᠡᠨ ᠬᠡᠷᠡᠭᠯᠡᠬᠦ ᠵᠡᠷᠭᠡ ᠬᠠᠤᠯᠢ ᠪᠠ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠪᠠ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠣᠡᠪᠣᠷᠢᠯᠡᠨ᠎ᠡ᠃ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠭᠦᠢᠴᠡᠳᠬᠡᠬᠦ ᠦᠭᠡᠶ᠂ ᠨᠤᠲᠤᠭ ᠪᠡᠯᠴᠢᠭᠡᠷ ᠢ ᠳᠤᠷ᠎ᠠ ᠪᠠᠷ ᠡᠵᠡᠯᠡᠨ ᠬᠡᠷᠡᠭᠯᠡᠵᠦ ᠪᠠᠶᠢᠭ᠎ᠠ ᠠᠵᠤ ᠠᠬᠤᠶᠢᠯᠠᠯ ᠢ ᠦᠨᠡᠨᠴᠢ ᠢᠲᠡᠭᠡᠮᠵᠢ ᠶᠢᠨ ᠲᠣᠭᠲᠠᠯᠴᠠᠭ᠎ᠠ ᠶᠢᠨ ︽ᠬᠠᠷ᠎ᠠ ᠳᠠᠩᠰᠡᠨ︾ ᠳᠤ ᠬᠠᠤᠯᠢ ᠶᠣᠰᠣᠭᠠᠷ ᠵᠢᠭᠰᠠᠭᠠᠨ ᠣᠷᠣᠭᠤᠯᠤᠨ᠎ᠠ᠃ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠶᠠᠪᠤᠴᠠ ᠳᠤ ᠬᠠᠤᠯᠢ ᠠᠴᠠ ᠵᠥᠷᠢᠴᠡᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠡᠳ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ ︵ᠬᠠᠷᠢᠭᠤᠴᠠᠬᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠢᠨᠠᠨ ᠬᠠᠮᠢᠶᠠᠷᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠣᠶ ᠰᠢᠭᠤᠶ ᠪᠠ ᠨᠣᠳᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠤ ᠣᠳᠣᠷᠢᠣᠡᠬᠤ ᠪᠠᠨ ᠴᠢᠩᠭᠠᠷᠠᠭᠤᠯᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠣᠬᠢᠶᠠᠨ ᠪᠠᠶᠢᠭᠤᠯᠵᠤ ᠣᠳᠣᠷᠢᠣᠡᠬᠤ ᠪᠠᠨ ᠴᠢᠩᠭᠠᠷᠠᠭᠤᠯᠵᠣ᠂ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠵᠤ ᠬᠠᠮᠢᠶᠠᠷᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠣᠡᠭᠡᠨ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠤᠭᠤᠷᠣᠨᠳᠣᠬᠢ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠳᠣᠯᠠᠨ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠭᠦ ᠠᠵᠢᠯ ᠳᠠᠬᠢ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠠᠭᠤᠷᠬᠠᠶ ᠶᠢ ᠶᠡᠷᠦᠩᠬᠡᠶᠢᠯᠡᠨ ᠵᠠᠰᠠᠬᠤ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠦᠨ᠂ ᠤᠷᠲᠤ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠨᠣᠳᠤᠭ ᠪᠡᠯᠴᠢᠭᠡᠷ ᠤᠨ ᠠᠮᠢ ᠠᠬᠤᠢ ᠶᠢᠨ ᠠᠮᠣᠷ ᠲᠦᠪᠰᠢᠨ ᠢ ᠦᠨᠡᠨ ᠬᠦ ᠪᠠᠳᠣᠯᠠᠬᠤ ᠬᠡᠷᠩᠳᠠᠢ᠃       ︵ᠬᠤᠶᠠᠷ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠤᠰᠤᠨ ᠠᠰᠢᠭᠯᠠᠯᠲᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ᠂ ᠡᠨᠧᠷᠭᠢ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠬᠦᠨ ᠨᠢᠭᠡᠴᠢ ᠪᠣᠯᠭᠠᠭᠰᠠᠨ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠬᠦᠷᠢᠶᠡᠨ ᠳᠠᠬᠢ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠬᠤ ᠬᠡᠷᠩᠳᠠᠢ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠴᠤ ᠯᠠᠪᠯᠠᠯᠲᠠ ᠪᠣᠯᠭᠠᠨ ᠵᠣᠬᠢᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠢ ᠨᠢ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ᠂ ᠬᠠᠷᠢᠯᠴᠠᠨ ᠬᠠᠮᠵᠢᠯᠴᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠨ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠭᠦ ᠬᠦᠷᠢᠶᠡᠨ ᠳᠠᠬᠢ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠤᠨ ᠴᠢᠬᠤᠯᠠ ᠶᠡᠭᠡ ᠵᠦᠢᠯᠡᠰ ᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠠᠶᠢᠮᠠᠭ ᠬᠤᠲᠠ ᠶᠢᠨ ᠳᠠᠷᠠᠭ᠎ᠠ ᠨᠢᠭᠡ ᠵᠢᠯ ᠤᠨ ᠠᠵᠢᠯ ᠤᠨ ᠲᠥᠯᠥᠪᠯᠡᠭᠡ ᠵᠢᠴᠢ ᠱᠠᠲᠤ ᠦᠶ᠎ᠡ ᠶᠢᠨ ᠴᠢᠨᠠᠷᠲᠠᠶ ᠡᠭᠦᠷᠭᠡ ᠶᠢ ᠬᠢᠨᠠᠨ ᠲᠣᠭᠲᠠᠭᠠᠬᠤ ᠶᠢᠨ ᠬᠠᠮᠲᠤ᠂ ᠬᠡᠷᠡᠭᠵᠢᠭᠦᠯᠦᠭᠰᠡᠨ ᠪᠠᠶᠢᠳᠠᠯ ᠳᠤ ᠨᠢ ᠬᠢᠨᠠᠯᠲᠠ ᠲᠠᠯᠪᠢᠨ ᠪᠠᠶᠢᠴᠠᠭᠠᠵᠤ᠂ ᠬᠤᠯᠪᠣᠭᠠᠯᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠩᠳᠠᠢ᠃      ︵ᠭᠤᠷᠪᠠ︶ ᠮᠥᠷᠳᠡᠵᠦ ᠦᠷ᠎ᠡ ᠪᠦᠲᠦᠮᠵᠢ ᠶᠢ ᠨᠢ ᠲᠣᠯᠭᠠᠨ ᠠᠰᠠᠭᠤᠬᠤ ᠶᠢ ᠴᠢᠩᠭᠠᠷᠠᠭᠤᠯᠬᠤ ᠬᠡᠷᠩᠳᠠᠢ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠬᠢᠨᠠᠯᠲᠠ ᠲᠠᠯᠪᠢᠬᠤ᠂ ᠰᠢᠯᠭᠠᠨ ᠦᠨᠡᠯᠡᠬᠦ᠂ ᠱᠠᠩᠨᠠᠵᠤ ᠲᠣᠷᠭᠠᠬᠤ ᠵᠡᠷᠭᠡ ᠠᠵᠢᠯ ᠤᠨ ᠲᠣᠭᠲᠠᠴᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ︾ ︽ᠬᠠᠷᠢᠭᠤᠴᠠᠯᠭ᠎ᠠ ᠠᠯᠳᠠᠪᠡᠯ ᠬᠠᠷᠢᠭᠤᠴᠠᠯᠭ᠎ᠠ ᠨᠡᠬᠡᠮᠵᠢᠯᠡᠬᠦ︾ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠢᠯ ᠨᠢ ᠨᠠᠶᠢᠳᠠᠪᠤᠷᠢ ᠦᠭᠡᠢ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠪᠠᠶᠢᠪᠠᠯ᠂ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠭᠦ ᠬᠡᠷᠡᠭᠲᠡᠶ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠳᠡᠭᠡᠷ᠎ᠡ ᠨᠢᠭᠡ ᠵᠢᠯ ᠤᠨ ᠠᠭᠤᠷᠬᠠᠢ ᠶᠢᠨ ᠡᠬᠢ ᠪᠠᠶᠠᠯᠢᠭ ᠢ ᠨᠡᠭᠡᠭᠡᠭᠦ ᠠᠵᠢᠯ ᠳᠠᠬᠢ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠠᠶᠢᠳᠠᠯ ᠵᠢᠴᠢ ᠳᠠᠷᠠᠭ᠎ᠠ ᠨᠢᠭᠡ ᠵᠢᠯ ᠤᠨ ᠠᠵᠢᠯ ᠤᠨ ᠲᠥᠯᠥᠪᠯᠡᠭᠡ ᠪᠠᠨ ᠵᠢᠯ ᠪᠦᠷᠢ ᠶᠢᠨ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃                                                                         2021 ᠣᠨ ᠤ 2 ᠳ᠋ᠤᠭᠠᠷ ᠰᠠᠷ᠎ᠡ ᠶᠢᠨ 6 ᠤ ᠡᠳᠣᠷ                                                                         ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ