ᠱᠢ ᠲᠠᠢ ᠹᠧᠩ ᠪᠠᠶᠠᠨᠨᠠᠭᠤᠷ ᠬᠤᠳᠠ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ  ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠥ ᠪᠣᠷᠣᠲᠣᠬᠤᠢ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2021/3/18
      3 ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠪᠠᠶᠠᠨᠨᠠᠭᠤᠷ ᠬᠤᠳᠠ ᠶᠢᠨ ᠯᠢᠨ ᠾᠧ ᠲᠣᠭᠤᠷᠢᠭ᠂ ᠦᠶᠤᠸᠠᠨ ᠰᠢᠶᠠᠨ᠂ ᠤᠷᠠᠳ ᠤᠨ ᠡᠮᠦᠨᠡᠲᠦ ᠬᠤᠰᠢᠭᠤ ᠪᠠᠷ ᠬᠦᠨᠵᠡᠬᠡᠶᠢᠷᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠲᠤᠨ ᠭᠤᠣᠯ ᠤᠨ ᠭᠤᠣᠯ ᠤᠨ ᠵᠠᠮ ᠢ ᠴᠡᠭᠴᠡᠯᠡᠨ ᠵᠠᠰᠠᠬᠤ᠂ ᠤᠯᠠᠭᠠᠨᠰᠤᠬᠠᠢ ᠶᠢᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠥ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠥ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠴᠠᠭ ᠲᠣᠬᠢᠶᠠᠯ ᠢ ᠠᠯᠳᠠᠯ ᠦᠬᠡᠢ ᠪᠠᠷ ᠲᠠᠷᠢᠶᠠᠯᠠᠩ ᠤᠨ ᠦᠢᠯᠡᠳᠪᠦᠷᠢᠯᠡᠯ ᠢ ᠰᠠᠶᠢᠲᠤᠷ ᠠᠳᠬᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠪᠠᠷ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠬᠥᠲᠥᠯᠥᠨ ᠳᠠᠭᠠᠭᠤᠯᠵᠥ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠤᠨ᠂ ᠬᠠᠳᠤᠨ ᠭᠤᠤᠯ ᠤᠨ ᠭᠤᠤᠯ ᠤᠨ ᠵᠠᠮ ᠢ ᠳᠤᠷ᠎ᠠ ᠪᠠᠷ ᠢᠶᠠᠨ ᠡᠵᠡᠯᠡᠵᠦ ᠳᠤᠷ᠎ᠠ ᠪᠠᠷ ᠢᠶᠠᠨ ᠪᠠᠶᠢᠭᠤᠯᠬᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠥ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠥ᠂ ᠪᠣᠷᠣᠲᠣᠬᠤᠢ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃
0318石泰峰在巴彦淖尔市调研时强调.jpg
      ᠢᠴᠡᠭᠰᠡᠳ ᠬᠦᠳᠡᠯᠵᠦ᠂ ᠬᠠᠪᠤᠷ ᠤᠨ ᠲᠠᠷᠢᠶᠠᠯᠠᠭ᠎ᠠ ᠡᠬᠢᠯᠡᠬᠦ ᠪᠤᠯᠤᠯ᠎ᠠ᠃ ᠱᠢ ᠲᠠᠢ ᠹᠧᠩ ᠨᠢᠰᠬᠡᠯ ᠠᠴᠠ ᠪᠠᠭᠤᠮᠠᠭᠴᠠ ᠮᠠᠰᠢᠨ ᠲᠡᠷᠭᠡᠨ ᠳᠤ ᠰᠠᠭᠤᠵᠥ ᠯᠢᠨ ᠾᠧ ᠲᠠᠷᠢᠶᠠᠯᠠᠩ ᠤᠨ ᠲᠠᠯᠠᠪᠠᠢ ᠶᠢᠨ ᠨᠠᠢᠮᠠᠳᠤᠭᠠᠷ ᠬᠤᠪᠢᠶᠠᠷᠢ ᠲᠠᠯᠠᠪᠠᠢ ᠳᠤ ᠬᠦᠷᠴᠦ᠂ ᠰᠢᠭᠤᠳ ᠲᠠᠷᠢᠶᠠᠨ ᠭᠠᠵᠠᠷ ᠢ ᠴᠢᠭᠯᠡᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠢ ᠰᠢᠨᠵᠢᠯᠡᠨ ᠪᠠᠶᠢᠴᠠᠭᠠᠪᠠ᠃ ᠪᠣᠭᠤᠳᠠᠶ ᠳᠠᠷᠢᠬᠤ ᠲᠤᠬᠠᠶ ᠶᠢᠨ ᠭᠠᠵᠠᠷ ᠲᠤ᠂ ᠲᠡᠷᠡ ᠲᠠᠷᠢᠮᠠᠯ ᠤᠨ ᠡᠷᠦᠬᠡ ᠪᠣᠯᠤᠨ ᠲᠤᠬᠠᠶ ᠶᠢᠨ ᠭᠠᠵᠠᠷ ᠤᠨ ᠺᠠᠳ᠋ᠷᠴᠤᠳ ᠲᠠᠢ ᠲᠠᠷᠢᠶᠠᠯᠠᠩ ᠤᠨ ᠦᠢᠯᠡᠳᠪᠦᠷᠢᠯᠡᠯ ᠤᠨ ᠲᠤᠬᠠᠶ ᠶᠠᠷᠢᠯᠴᠠᠵᠤ᠂ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ᠂ ᠬᠥᠷᠥᠰᠥ ᠰᠢᠷᠣᠶ ᠶᠢ ᠬᠡᠮᠵᠢᠨ ᠪᠣᠷᠲᠣᠭᠤᠷ ᠣᠷᠣᠭᠤᠯᠬᠤ᠂ ᠲᠠᠷᠢᠮᠠᠯ ᠤᠨ ᠪᠦᠲᠦᠴᠡ᠂ ᠠᠮᠤ ᠪᠤᠳᠠᠭ᠎ᠠ ᠳᠠᠷᠢᠬᠤ ᠲᠠᠯᠠᠪᠠᠶ᠂ ᠬᠠᠪᠤᠷ ᠤᠨ ᠲᠠᠷᠢᠶᠠᠯᠠᠭ᠎ᠠ ᠶᠢᠨ ᠪᠠᠯᠠ ᠮᠥᠩᠭᠦ ᠶᠢᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠯᠠᠨ ᠲᠠᠢ ᠬᠠᠮᠲᠤ ᠪᠠᠷ ᠥᠪᠡᠷ ᠤᠨ ᠥᠷᠲᠡᠭ ᠢ ᠨᠢ ᠬᠡᠮᠵᠢᠨ ᠪᠤᠳᠤᠵᠤ᠂ ᠣᠷᠣᠯᠭ᠎ᠠ ᠶᠢ ᠨᠢ ᠲᠦᠰᠦᠭᠡᠯᠡᠨ ᠪᠤᠳᠤᠪᠠ᠃ ᠱᠢ ᠲᠠᠢ ᠹᠧᠩ᠂ ᠣᠳᠣᠬᠠᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠠᠳ ᠪᠠᠶᠢᠨ᠎ᠠ᠂ ᠡᠯ᠎ᠡ ᠭᠠᠵᠠᠷ ᠤᠨ ᠬᠢᠨ ᠲᠠᠷᠢᠶᠠᠯᠠᠬᠤ ᠴᠠᠭ ᠢ ᠠᠯᠳᠠᠯ ᠦᠭᠡᠢ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠲᠥᠯᠥᠪᠵᠢᠭᠦᠯᠦᠨ ᠵᠣᠬᠢᠶᠠᠨ ᠪᠠᠶᠢᠭᠤᠯᠵᠤ᠂ ᠲᠠᠷᠢᠶᠠᠯᠠᠩ ᠤᠨ ᠮᠠᠰᠢᠨ ᠪᠠᠭᠠᠵᠢ᠂ ᠲᠠᠷᠢᠶᠠᠯᠠᠩ ᠤᠨ ᠬᠡᠷᠡᠭᠰᠡᠯ᠂ ᠦᠷ᠎ᠡ ᠶᠢᠨ ᠬᠠᠩᠭᠠᠯᠭ᠎ᠠ ᠨᠥᠭᠡᠴᠡᠯᠡᠯ ᠢ ᠴᠢᠩᠭᠠᠳᠬᠠᠨ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠲᠤᠬᠢᠷᠠᠭᠤᠯᠬᠤ ᠪᠠ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠰᠠᠶᠢᠳᠤᠷ ᠬᠢᠬᠦ ᠠᠵᠢᠯ ᠢ ᠰᠤᠳᠤᠯᠵᠤ᠂ ᠡᠨᠡ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠰᠠᠶᠢᠠ ᠰᠠᠭᠤᠷᠢ ᠲᠠᠯᠪᠢᠵᠦ ᠦᠭᠬᠦ ᠬᠡᠷᠡᠭᠲᠡᠢ ᠬᠡᠪᠡ᠃ ᠲᠡᠷᠡ᠂ ᠲᠠᠷᠢᠶᠠᠨ ᠭᠠᠵᠠᠷ ᠪᠣᠯ ᠬᠠᠮᠤᠭ ᠤᠨ ᠡᠷᠬᠢᠮ ᠨᠠᠨᠳᠢᠨ ᠡᠬᠢ ᠪᠠᠶᠠᠯᠢᠭ ᠮᠥᠨ᠂ ᠪᠢᠳᠡ ᠲᠠᠷᠢᠶᠠᠨ ᠭᠠᠵᠠᠷ ᠢ ᠰᠠᠶᠢᠲᠤᠷ ᠠᠰᠢᠬᠯᠠᠬᠤ ᠪᠠᠷ ᠪᠠᠷᠠᠬᠤ ᠥᠬᠡᠶ ᠪᠠᠰᠠ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠥᠷᠥᠰᠥ ᠰᠢᠷᠣᠶ ᠶᠢ ᠬᠠᠮᠠᠭᠠᠯᠠᠨ ᠰᠢᠮᠡᠵᠢᠬᠦᠯᠵᠥ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃
0318石泰峰在巴彦淖尔市调研时强调2.jpg
0318石泰峰在巴彦淖尔市调研时强调3.jpg
      ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠭ᠎ᠠ ᠠᠴᠠ ᠰᠠᠯᠵᠤ ᠴᠢᠳᠠᠬᠤ ᠦᠭᠡᠢ ᠶᠤᠮ᠃ ᠱᠢ ᠲᠠᠢ ᠹᠧᠩ ᠰᠢᠶᠠᠨ ᠨᠦᠩ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠲᠤ ᠬᠦᠷᠴᠦ᠂ ᠬᠦᠷᠢᠶᠡᠯᠡᠩ ᠲᠣᠭᠤᠷᠢᠭ ᠤᠨ ᠣᠲᠣ ᠦᠶ᠎ᠡ ᠶᠢᠨ ᠲᠠᠷᠢᠶᠠᠯᠠᠩ ᠤᠨ ᠡᠵᠡᠩᠨᠡᠯᠲᠡ ᠶᠢᠨ ᠪᠠᠶᠢᠳᠠᠯ ᠢ ᠭᠦᠨᠵᠡᠭᠡᠶ ᠣᠶᠢᠯᠠᠭᠠᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠢᠳᠡᠰᠢᠨ ᠨᠣᠭᠤᠭ᠎ᠠ ᠳᠠᠷᠢᠬᠤ᠂ ᠭᠠᠵᠠᠷ ᠰᠢᠷᠣᠶ ᠶᠢ ᠰᠢᠯᠵᠢᠭᠦᠯᠬᠦ᠂ ᠠᠵᠢᠯ ᠣᠯᠭᠤᠯᠲᠠ ᠶᠢ ᠠᠬᠢᠭᠤᠯᠬᠤ᠂ ᠡᠵᠡᠩᠨᠡᠯᠲᠡ ᠶᠢᠨ ᠦᠷ᠎ᠡ ᠠᠰᠢᠭ ᠵᠡᠷᠭᠡ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠲᠡᠷᠡ᠂ ᠣᠲᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠳᠤ᠂ ᠵᠠᠪᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠳᠠᠭᠠᠭᠤᠯᠤᠭᠴᠢ ᠠᠵᠤ ᠠᠬᠤᠶᠢᠯᠠᠯ ᠢᠶᠠᠷ ᠳᠠᠮᠵᠢᠨ ᠡᠯ᠎ᠡ ᠲᠥᠷᠥᠯ ᠤᠨ ᠮᠡᠷᠭᠡᠵᠢᠯ ᠤᠨ ᠡᠬᠢ ᠪᠠᠶᠠᠯᠢᠭ ᠢ ᠬᠥᠲᠥᠯᠥᠨ ᠳᠠᠭᠠᠭᠤᠯᠵᠤ ᠨᠡᠶᠢᠳᠬᠡᠬᠦ ᠶᠢ ᠴᠢᠬᠤᠯᠠᠴᠢᠯᠠᠵᠤ᠂ ᠥᠪᠡᠷᠮᠢᠴᠡ ᠳᠠᠪᠠᠭᠤᠯᠢᠭ ᠲᠠᠢ ᠠᠵᠤ ᠦᠢᠯᠡᠰ ᠪᠣᠯᠤᠨ ᠢᠯᠡ ᠲᠣᠳᠣ ᠣᠨᠴᠠᠯᠢᠭ ᠢ ᠢᠯᠡᠷᠡᠭᠦᠯᠦᠭᠰᠡᠨ ᠲᠥᠷᠥᠯ ᠲᠡᠮᠳᠡᠭ ᠢ ᠴᠢᠷᠮᠠᠶᠢᠨ ᠡᠭᠦᠳᠴᠦ᠂ ᠥᠨᠳᠥᠷ ᠤᠨᠠᠯᠲᠠ ᠲᠠᠢ᠂ ᠥᠨᠳᠥᠷ ᠪᠦᠲᠦᠮᠵᠢᠲᠡᠶ᠂ ᠴᠢᠨᠠᠷ ᠰᠠᠶᠢᠲᠠᠶ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠶ᠃ ᠲᠠᠷᠢᠶᠠᠴᠢᠨ ᠪᠣᠯᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠯᠳᠤᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠴᠢᠬᠤᠯᠠᠴᠢᠯᠠᠵᠤ᠂ ᠲᠠᠷᠢᠶᠠᠴᠢᠳ ᠤᠨ ᠲᠤᠰ ᠪᠡᠶ᠎ᠡ ᠶᠢᠨ ᠠᠰᠢᠭ ᠲᠤᠰᠠ ᠶᠢ ᠰᠠᠶᠢᠲᠤᠷ ᠪᠠᠲᠤᠯᠠᠵᠤ᠂ ᠲᠠᠷᠢᠶᠠᠴᠢᠳ ᠤᠨ ᠲᠣᠭᠲᠠᠭᠤᠨ ᠣᠷᠣᠯᠭ᠎ᠠ᠂ ᠠᠵᠤ ᠠᠬᠤᠶᠢᠯᠠᠯ ᠤᠨ ᠦᠷᠭᠦᠯᠵᠢᠯᠡᠬᠦ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃ ᠬᠠᠲᠤᠨ ᠭᠤᠤᠯ ᠤᠨ ᠰᠠᠪᠠ ᠭᠠᠵᠠᠷ ᠤᠨ ᠪᠠᠷᠠᠭᠤᠨ ᠬᠤᠶᠢᠲᠤ ᠣᠷᠣᠨ ᠤ ᠦᠷ᠎ᠡ ᠡᠳ᠋ ᠤᠨ ᠭᠧᠨ ᠤ ᠬᠥᠮᠥᠷᠭᠡ ᠪᠠ ᠣᠲᠣ ᠦᠶ᠎ᠡ ᠶᠢᠨ ᠦᠷ᠎ᠠ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠳᠤ᠂ ᠱᠢ ᠲᠠᠢ ᠹᠧᠩ ᠠᠵᠤ ᠠᠬᠤᠶᠢᠯᠠᠯ ᠤᠨ ᠦᠷ᠎ᠡ ᠡᠳ᠋ ᠤᠨ ᠡᠬᠢ ᠪᠠᠶᠠᠯᠢᠭ ᠤᠨ ᠰᠢᠰᠲ᠋ᠧᠮ ᠳᠤ ᠲᠦᠰᠢᠭᠯᠡᠵᠤ᠂ ᠲᠣᠮᠣ ᠳ᠋ᠠᠶᠢᠲ᠋ᠠ ᠶᠢᠨ ᠲᠠᠪᠴᠠᠩ ᠢ ᠠᠰᠢᠬᠯᠠᠨ ᠣᠲᠣ ᠦᠶ᠎ᠡ ᠶᠢᠨ ᠲᠠᠷᠢᠶᠠᠯᠠᠩ ᠳᠤ ᠨᠠᠷᠢᠯᠢᠬ ᠣᠨᠣᠴᠠᠲᠠᠶ ᠰᠢᠢᠳᠪᠦᠷᠢᠯᠡᠬᠦ ᠲᠥᠰᠦᠯ ᠬᠠᠩᠭᠠᠵᠤ ᠪᠠᠶᠢᠭ᠎ᠠ ᠪᠠᠶᠢᠳᠠᠯ ᠢ ᠭᠦᠨᠵᠡᠭᠡᠶ ᠣᠶᠢᠯᠠᠭᠠᠵᠤ᠂ ᠬᠤᠯᠪᠣᠭᠳᠠᠯ ᠪᠥᠬᠦᠶ ᠲᠠᠯ᠎ᠠ ᠶᠢᠨ ᠬᠢᠨ ᠢ ᠣᠲᠣ ᠶᠢᠨ ᠳᠠᠪᠠᠭᠤᠯᠢᠭ ᠲᠠᠭᠠᠨ ᠰᠠᠭᠤᠷᠢᠯᠠᠨ᠂ ᠴᠢᠨᠠᠷ ᠰᠠᠶᠢᠲᠠᠶ ᠲᠠᠷᠢᠮᠠᠯ ᠪᠠ ᠭᠤᠸᠠ ᠵᠢᠮᠢᠰ ᠢᠳᠡᠰᠢᠨ ᠨᠣᠭᠤᠭ᠎ᠠ ᠶᠢᠨ ᠡᠭᠦᠯᠳᠡᠷ ᠢ ᠰᠤᠳᠤᠯᠤᠨ ᠬᠥᠭᠵᠢᠭᠦᠯᠵᠦ ᠪᠤᠶᠢᠵᠢᠭᠤᠯᠬᠤ ᠲᠠᠯ᠎ᠠ ᠪᠠᠷ ᠢᠯᠡᠭᠦᠬᠡᠨ ᠬᠦᠴᠦ ᠣᠷᠣᠭᠤᠯᠵᠤ᠂ ᠡᠬᠢ ᠪᠠᠶᠠᠯᠢᠭ ᠤᠨ ᠳᠠᠪᠠᠭᠤᠯᠢᠭ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠠᠭᠤᠯᠢᠭ ᠢ ᠪᠦᠲᠦᠮᠵᠢᠲᠡᠶ ᠤᠶᠠᠯᠳᠤᠭᠤᠯᠤᠨ᠂ ᠤᠨᠳᠤᠤᠰᠢᠭᠤᠯᠤᠨ ᠬᠡᠷᠡᠭᠯᠡᠬᠦ ᠠᠵᠢᠯ ᠢ ᠰᠠᠶᠢᠲᠤᠷ ᠬᠢᠵᠦ᠂ ᠠᠵᠤ ᠦᠢᠯᠡᠰ ᠤᠨ ᠳᠠᠪᠠᠭᠤᠯᠢᠭ᠂ ᠵᠠᠬ᠎ᠠ ᠳᠡᠯᠭᠡᠭᠦᠷ ᠤᠨ ᠳᠠᠪᠠᠭᠤᠯᠢᠭ ᠢ ᠪᠦᠷᠢᠯᠳᠦᠭᠦᠯᠬᠦ ᠬᠡᠷᠡᠭᠲᠡᠶ ᠭᠡᠵᠦ ᠵᠠᠬᠢᠪᠠ᠃ ᠪᠣᠷᠣᠲᠣᠬᠤᠶ ᠳᠡᠭᠡᠳᠦ ᠰᠤᠷᠭᠠᠭᠤᠯᠢ ᠶᠢᠨ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠤ ᠠᠶᠤᠯ ᠥᠬᠡᠶ ᠦᠢᠯᠡᠳᠪᠦᠷᠢᠯᠡᠯ ᠬᠢᠭᠡᠳ ᠤᠷᠢᠳᠴᠢᠯᠠᠨ ᠰᠡᠷᠡᠮᠵᠢᠯᠡᠭᠦᠯᠵᠦ ᠡᠵᠡᠮᠳᠡᠬᠦ ᠲᠤᠷᠰᠢᠯᠲᠠ ᠶᠢᠨ ᠲᠠᠰᠤᠭ ᠲᠤ᠂ ᠱᠢ ᠲᠠᠢ ᠹᠧᠩ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠤᠰᠢᠭᠤᠯᠤᠨ ᠬᠡᠷᠡᠭᠯᠡᠵᠦ ᠪᠠᠶᠢᠬᠤ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠪᠠ᠃ ᠲᠡᠷᠡ᠂ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠬᠥᠭᠵᠢᠯᠲᠡ ᠶᠢ ᠲᠤᠬᠠᠶ ᠶᠢᠨ ᠭᠠᠵᠠᠷ ᠤᠨ ᠠᠵᠤ ᠦᠢᠯᠡᠰ ᠤᠨ ᠬᠥᠭᠵᠢᠯᠲᠡ ᠲᠠᠢ ᠨᠢᠭᠲᠠ ᠤᠶᠠᠯᠳᠤᠭᠤᠯᠵᠤ᠂ ᠰᠢᠨᠵᠢᠯᠡᠭᠡᠨ ᠤ ᠰᠠᠯᠠᠭ᠎ᠠ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠲᠤᠬᠠᠶ ᠶᠢᠨ ᠭᠠᠵᠠᠷ ᠤᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠨᠠᠩ ᠣᠯᠠᠨ ᠴᠢᠳᠠᠪᠤᠷᠢᠲᠠᠨ ᠢ ᠬᠥᠮᠦᠵᠢᠭᠦᠯᠵᠦ᠂ ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠳ ᠥᠭᠦᠯᠡᠯ ᠢᠶᠠᠨ ᠪᠤᠳᠠᠳᠠᠢ ᠲᠠᠢ ᠤᠶᠠᠯᠳᠤᠭᠤᠯᠤᠨ ᠪᠢᠴᠢᠵᠤ᠂ ᠣᠷᠣᠨ ᠨᠤᠲᠤᠭ ᠤᠨ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠢ ᠳᠠᠶᠢᠴᠢᠯᠠᠨ ᠪᠠᠶᠠᠵᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
0318石泰峰在巴彦淖尔市调研时强调4.jpg
      ᠦᠶᠤᠸᠠᠨ ᠰᠢᠶᠠᠨ ᠤ ᠯᠢᠶᠠᠨ ᠰᠢᠩ ᠬᠡᠷᠡᠯ ᠴᠡᠨᠡᠭ ᠤᠨ ᠰᠢᠨ᠎ᠡ ᠲᠣᠰᠬᠤᠨ ᠳᠤ᠂ ᠱᠢ ᠲᠠᠢ ᠹᠧᠩ ᠦᠪᠡᠷᠮᠢᠴᠠ ᠤᠨᠴᠠᠯᠢᠬᠳᠤ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ ᠰᠢᠨᠵᠢᠯᠡᠨ ᠪᠠᠶᠢᠴᠠᠭᠠᠵᠤ᠂ ᠠᠶᠢᠯ ᠡᠷᠦᠬᠡ ᠳᠤ ᠭᠦᠨᠵᠡᠭᠡᠶᠢᠷᠡᠨ ᠣᠯᠠᠨ ᠲᠦᠮᠡᠨ ᠲᠠᠢ ᠰᠠᠨᠠᠯ ᠢᠶᠠᠨ ᠰᠤᠯᠢᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠭᠦᠨᠵᠡᠭᠡᠶ ᠪᠠᠶᠢᠴᠠᠭᠠᠨ ᠰᠤᠳᠤᠯᠪᠠ᠃ ᠲᠡᠷᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠠᠪᠤᠳᠠᠯ ᠪᠣᠯᠤᠨ᠎ᠠ᠂ ᠡᠯ᠎ᠡ ᠲᠠᠯ᠎ᠠ ᠶᠢᠨ ᠠᠵᠢᠯ ᠢ ᠴᠥᠮ ᠪᠣᠳᠠᠲᠠᠢ ᠠᠳᠬᠤᠵᠤ ᠰᠠᠶᠢᠲᠤᠷ ᠠᠳᠬᠤᠵᠤ᠂ ᠢᠯᠠᠩᠭᠤᠶ᠎ᠠ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠢ ᠰᠠᠶᠢᠲᠤᠷ ᠬᠢᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠰᠤᠷᠠᠯᠳᠠ ᠦᠭᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠯᠠᠨ ᠠᠷᠭ᠎ᠠ ᠵᠠᠮ ᠢᠶᠠᠷ ᠲᠠᠷᠢᠶᠠᠴᠢᠳ ᠤᠨ ᠡᠳ᠋ ᠬᠦᠷᠦᠩᠬᠡ ᠶᠢᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠬᠦ ᠶᠢ ᠴᠢᠬᠤᠯᠠᠴᠢᠯᠠᠬᠤ ᠬᠡᠷᠡᠭᠲᠡᠢ᠃ ᠵᠢᠮ᠎ᠡ ᠶᠣᠰᠣᠴᠢ ᠴᠢᠨᠠᠷᠲᠠᠢ ᠡᠵᠡᠮᠰᠢᠯ ᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠴᠢᠨᠠᠷᠲᠠᠢ ᠲᠥᠯᠥᠪᠵᠢᠭᠦᠯᠭᠡ ᠶᠢ ᠰᠠᠶᠢᠲᠤᠷ ᠬᠢᠵᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠪᠣᠯᠤᠨ ᠣᠨᠴᠠᠯᠢᠭ ᠢ ᠪᠠᠲᠤᠯᠠᠬᠤ ᠶᠢ ᠴᠢᠬᠤᠯᠠᠴᠢᠯᠠᠵᠤ᠂ ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠣᠯᠬᠤ ᠲᠤᠷᠰᠢᠯᠭ᠎ᠠ ᠪᠣᠯᠤᠨ ᠵᠠᠭᠪᠤᠷ ᠢ ᠨᠠᠷᠢᠨ ᠬᠢᠨᠠᠮᠠᠭᠠᠢ ᠰᠤᠳᠤᠯᠤᠨ ᠳ᠋ᠦᠩᠨᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠵᠤ᠂ ︽ᠦᠩᠬᠡᠪᠴᠢ ᠦᠵᠡᠮᠵᠢ︾᠂ ︽ᠡᠭᠡᠭᠡ ᠠᠳᠠᠯᠢ ᠪᠠᠶᠢᠯᠭᠠᠬᠤ︾ ᠪᠠᠷ ᠱᠠᠭᠠᠷᠳᠠᠬᠤ ᠶᠢ ᠡᠷᠡᠰ ᠴᠡᠭᠡᠷᠯᠡᠬᠦ ᠬᠡᠷᠡᠭᠲᠡᠢ ᠬᠡᠵᠥ ᠵᠢᠭᠠᠵᠥ ᠭᠠᠷᠭᠠᠪᠠ᠃
0318石泰峰在巴彦淖尔市调研时强调5.jpg
      ᠬᠠᠲᠤᠨ ᠭᠤᠣᠯ ᠤᠨ ᠭᠤᠣᠯ ᠤᠨ ᠵᠠᠮ ᠢ ᠳᠤᠷ᠎ᠠ ᠪᠠᠷ ᠢᠶᠠᠨ ᠡᠵᠡᠯᠡᠵᠦ ᠳᠤᠷ᠎ᠠ ᠪᠠᠷ ᠢᠶᠠᠨ ᠪᠠᠶᠢᠭᠤᠯᠬᠤ ᠠᠰᠠᠭᠤᠳᠠᠯ ᠢ ᠴᠡᠭᠴᠡᠯᠡᠨ ᠵᠠᠰᠠᠬᠤ ᠪᠣᠯ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠨᠢᠭᠡ ᠭᠤᠣᠯᠳᠠᠯᠭ᠎ᠠ ᠪᠣᠯᠤᠨ᠎ᠠ᠃ ᠯᠢᠨ ᠾᠧ ᠲᠣᠭᠤᠷᠢᠭ ᠤᠨ ᠱᠤᠸᠠᠩ ᠾᠧ ᠪᠠᠯᠭᠠᠰᠤᠨ ᠤ ᠹᠦ᠋ ᠾᠧ ᠲᠣᠰᠬᠤᠨ ᠤ ᠳᠥᠷᠪᠡᠳᠦᠭᠡᠷ ᠳᠤᠭᠤᠶᠢᠯᠠᠩ ᠳᠤ᠂ ᠱᠢ ᠲᠠᠢ ᠹᠧᠩ ᠲᠤᠬᠠᠶ ᠶᠢᠨ ᠭᠠᠵᠠᠷ ᠲᠤ ᠬᠠᠲᠤᠨ ᠭᠤᠤᠯ ᠤᠨ ᠲᠠᠩ ᠤᠨ ᠣᠷᠣᠨ ᠤ ᠬᠠᠮᠢᠶ᠎ᠠ ᠪᠥᠬᠦᠶ ᠪᠠᠶᠢᠳᠠᠯ ᠢ ᠪᠠᠶᠢᠴᠠᠭᠠᠨ ᠦᠵᠡᠵᠦ᠂ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ ᠣᠶᠢᠯᠠᠭᠠᠪᠠ᠃ ᠲᠡᠷᠡ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠬᠠᠲᠤᠨ ᠭᠤᠤᠯ ᠤᠨ ᠤᠷᠤᠰᠴᠤ ᠪᠠᠶᠢᠭ᠎ᠠ ᠭᠤᠤᠯ ᠤᠨ ᠬᠡᠰᠡᠭ ᠪᠠ ᠭᠤᠤᠯ ᠤᠨ ᠪᠠᠶᠢᠳᠠᠯ ᠤᠨ ᠬᠤᠪᠢᠷᠠᠯᠲᠠ ᠶᠢᠨ ᠵᠢᠮ᠎ᠡ ᠶᠣᠰᠣ ᠶᠢ ᠲᠣᠳᠣᠷᠬᠠᠶ ᠣᠶᠢᠯᠠᠭᠠᠵᠤ᠂ ᠭᠤᠤᠯ ᠤᠨ ᠵᠠᠮ ᠤᠨ ᠠᠳᠠᠯᠢ ᠪᠤᠰᠤ ᠣᠷᠣᠨ ᠪᠦᠰᠡ ᠶᠢᠨ ᠪᠠᠶᠢᠳᠠᠯ ᠢ ᠢᠯᠭᠠᠨ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠴᠡᠭᠴᠡᠯᠡᠨ ᠵᠠᠰᠠᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ ᠴᠢᠬᠤᠯᠠᠴᠢᠯᠠᠵᠤ᠂ ᠠᠵᠢᠯ ᠢᠶᠠᠨ ᠭᠦᠨᠵᠡᠭᠡᠶ ᠨᠠᠷᠢᠯᠢᠭ ᠬᠢᠵᠦ᠂ ᠯᠠᠪᠳᠠᠭᠤᠨ ᠪᠠᠳᠤᠳᠠᠢ ᠡᠮᠬᠢ ᠵᠢᠷᠤᠮ ᠲᠠᠢ ᠪᠠᠷ ᠴᠡᠭᠴᠡᠯᠡᠨ ᠵᠠᠰᠠᠬᠤ ᠶᠢ ᠠᠬᠢᠭᠤᠯᠵᠤ᠂ ᠬᠠᠲᠤᠨ ᠭᠤᠤᠯ ᠤᠨ ᠦᠶᠡᠷ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ
0318石泰峰在巴彦淖尔市调研时强调6.jpg
      ᠱᠢ ᠲᠠᠢ ᠹᠧᠩ ᠤᠯᠠᠭᠠᠨᠰᠤᠬᠠᠢ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠷᠪᠠᠳᠡᠬᠢ ᠤᠳᠠᠭ᠎ᠠ ᠤᠯᠠᠭᠠᠨᠰᠤᠬᠠᠢ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠲᠡᠷᠡ᠂ ᠤᠯᠠᠭᠠᠨᠰᠤᠬᠠᠢ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠪᠣᠯ ᠤᠷᠳᠤ ᠬᠤᠭᠤᠴᠠᠭᠠᠨ ᠤ ᠰᠢᠰᠲ᠋ᠧᠮᠲᠦ ᠢᠨᠵᠧᠨᠧᠷᠢᠩ ᠮᠥᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢᠨ ᠰᠢᠰᠲ᠋ᠧᠮ ᠤᠨ ᠳᠣᠲᠣᠭᠠᠳᠤ ᠵᠢᠮ᠎ᠡ ᠶᠣᠰᠣ ᠶᠢ ᠭᠦᠨᠵᠡᠭᠡᠢ ᠰᠤᠳᠤᠯᠵᠤ᠂ ᠪᠠᠶᠢᠭᠠᠯᠢ ᠶᠢᠨ ᠵᠢᠮ᠎ᠡ ᠶᠣᠰᠣ ᠶᠢ ᠬᠦᠨᠳᠦᠳᠬᠡᠵᠦ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠴᠢᠬᠤᠯᠠᠴᠢᠯᠠᠨ᠂ ᠵᠠᠰᠠᠯᠲᠠ ᠶᠢᠨ ᠬᠠᠷᠠᠯᠲᠠ ᠶᠢ ᠲᠣᠳᠣᠷᠬᠠᠶᠢᠯᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠨ ᠠᠳᠬᠤᠵᠤ᠂ ᠨᠡᠩ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠠᠮᠢ ᠠᠬᠤᠶ ᠶᠢᠨ ᠤᠰᠤ ᠨᠥᠬᠦᠪᠥᠷᠢᠯᠡᠬᠦ ᠢᠨᠵᠧᠨᠧᠷᠢᠩ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠤᠰᠤᠨ ᠤ ᠣᠷᠴᠢᠯ ᠢ ᠠᠬᠢᠭᠤᠯᠬᠤ ᠳᠤᠮᠳᠠ ᠤᠰᠤᠨ ᠤ ᠠᠮᠢ ᠠᠬᠤᠶ ᠶᠢ ᠰᠠᠶᠢᠵᠢᠷᠠᠭᠤᠯᠬᠤ ᠬᠡᠷᠡᠭᠲᠡᠶ᠃ ᠠᠮᠢ ᠠᠬᠤᠢ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠬᠤ ᠪᠠ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠶᠢ ᠬᠤᠯᠪᠣᠯᠳᠤᠭᠤᠯᠤᠨ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠤᠨ ᠵᠠᠰᠠᠯᠲᠠ ᠶᠢ ᠦᠷᠭᠦᠯᠵᠢᠯᠡᠨ ᠬᠦᠴᠦᠯᠡᠨ ᠰᠠᠶᠢᠲᠤᠷ ᠠᠳᠬᠤᠵᠤ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠡᠬᠢ ᠡᠭᠦᠰᠦᠯ ᠠᠴᠠ ᠨᠢ ᠪᠠᠭᠠᠰᠬᠠᠬᠤ ᠪᠠ ᠬᠢᠵᠠᠭᠠᠷᠯᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠱᠤᠤ ᠴᠦᠨ᠂ ᠯᠢ ᠪᠢᠩ ᠷᠦᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ