︽ᠮᠠᠯᠵᠢᠬᠤ ᠣᠷᠣᠨ ᠤ ᠣᠳᠣᠬᠢᠴᠢᠯᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠥᠯ ︵2020 - 2022 ᠣᠨ︶︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/3/18
                           ᠥᠪᠥᠷ ᠵᠠᠰᠠᠭ ᠠᠯᠪᠠᠨ ᠲᠠᠷᠬᠠᠭᠠᠭᠰᠠᠨ ﹇2020﹈ 44 ᠳ᠋ᠦ᠋ᠭᠡᠷ ᠲᠣᠭᠠᠲᠤ    ︽ᠮᠠᠯᠵᠢᠬᠤ ᠣᠷᠣᠨ ᠤ ᠣᠳᠣᠬᠢᠴᠢᠯᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠥᠯ ︵2020 - 2022 ᠣᠨ︶︾ ᠢ ᠳᠠᠷᠤᠮᠠᠯᠯᠠᠨ    ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠦᠬᠦᠢ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠨᠨᠳᠠᠯ ᠪᠦᠭᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠮᠠᠯᠵᠢᠬᠤ ᠣᠷᠣᠨ ᠤ ᠣᠳᠣᠬᠢᠴᠢᠯᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠥᠯ ︵2020 - 2022 ᠣᠨ︶︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ                                                                 2020 ᠣᠨ ᠤ 12 ᠳ᠋ᠤᠭᠠᠷ ᠰᠠᠷ᠎ᠠ ᠶᠢᠨ 10 ᠤ ᠡᠳᠦᠷ                                                                  ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶                   ᠮᠠᠯᠵᠢᠬᠤ ᠣᠷᠣᠨ ᠤ ᠣᠳᠣᠬᠢᠴᠢᠯᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠥᠯ ︵2020 - 2022 ᠣᠨ︶     ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠡᠨ ᠬᠦ ᠪᠣᠲᠠᠲᠠᠢ ᠦᠷ᠎ᠡ ᠪᠦᠲᠦᠮᠵᠢ ᠣᠯᠬᠤ ᠶᠢ ᠪᠠᠳᠣᠯᠠᠬᠤ ᠶᠢᠨ ᠲᠤᠰᠠᠳᠠ᠂ ᠦᠪᠡᠷᠳᠡᠬᠡᠨ ᠵᠠᠰᠠᠬᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠵᠤ᠂ ᠲᠤᠰ ᠲᠦᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠥᠪᠥᠷ ᠮᠣᠩᠭᠤᠯ ᠢ ᠰᠢᠨᠵᠢᠯᠡᠨ ᠪᠠᠶᠢᠴᠠᠭᠠᠬᠤ ᠳᠤ ᠶᠡᠷᠢᠭ᠌ᠰᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠠᠵᠤ ᠦᠢᠯᠡᠰ ᠨᠢ ᠥᠷᠨᠢᠩᠭᠦᠢ ᠬᠥᠭᠵᠢᠭᠰᠡᠨ᠂ ᠠᠮᠢ ᠠᠬᠤᠢ ᠨᠢ ᠰᠠᠭᠤᠷᠢᠰᠢᠬᠤ ᠳᠤ ᠲᠣᠬᠢᠷᠠᠮᠵᠢᠲᠠᠢ᠂ ᠨᠤᠲᠤᠭ ᠤᠰᠤᠨ ᠤ ᠰᠤᠷᠲᠠᠯ ᠨᠢ ᠪᠣᠯᠪᠠᠰᠤᠨ᠂ ᠴᠡᠭᠴᠡᠯᠡᠵᠦ ᠵᠠᠰᠠᠭᠰᠠᠨ ᠨᠢ ᠪᠦᠲᠦᠮᠵᠢ ᠰᠠᠶᠢᠲᠠᠢ᠂ ᠠᠵᠤ ᠠᠮᠢᠳᠤᠷᠠᠯ ᠨᠢ ᠪᠠᠶᠠᠨ ᠴᠢᠨᠡᠭᠡᠯᠢᠭ︾ ᠪᠠᠶᠢᠯᠭᠠᠬᠤ ᠶᠡᠷᠦᠩᠬᠡᠢ ᠱᠠᠭᠠᠷᠳᠠᠯᠭ᠎ᠠ ᠶᠣᠰᠣᠭᠠᠷ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢ ᠠᠬᠢᠭᠤᠯᠬᠤ᠂ ᠳᠠᠪᠠᠭᠤᠯᠢᠭ ᠣᠨᠴᠠᠯᠢᠭ ᠲᠠᠢ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠬᠦ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠨ ᠪᠦᠷᠢᠨᠰᠢᠭᠦᠯᠬᠦ ᠵᠡᠷᠭᠡ ᠭᠤᠣᠯᠳᠠᠯᠭ᠎ᠠ ᠪᠣᠯᠬᠤ ᠠᠵᠢᠯ ᠢᠶᠠᠨ ᠨᠢᠭᠡᠳᠦᠯᠲᠡᠢ ᠲᠥᠯᠥᠪᠯᠡᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠦ ᠪᠣᠬᠢᠷᠳᠣᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠮᠠᠯᠵᠢᠬᠤ ᠣᠷᠣᠨ ᠤ ᠴᠢᠨᠠᠷ ᠰᠠᠶᠢᠲᠠᠢ ᠭᠦᠭᠵᠢᠯᠲᠡ ᠶᠢᠨ ᠰᠢᠨ᠎ᠡ ᠵᠠᠮ ᠢ ᠡᠩ ᠲᠡᠷᠢᠬᠦᠨ ᠳᠤ ᠰᠦᠪᠡᠭᠴᠢᠯᠡᠨ᠎ᠡ᠃      ︵ᠬᠤᠶᠠᠷ︶ ᠦᠨᠳᠦᠰᠦᠨ ᠵᠠᠷᠴᠢᠮ᠃      1. ᠠᠮᠢ ᠠᠬᠤᠢ ᠶᠢ ᠤᠷᠢᠳ ᠢᠶᠠᠷ ᠪᠣᠳᠣᠯᠬᠢᠯᠠᠵᠦ ᠪᠣᠬᠢᠷᠳᠣᠯ ᠦᠭᠡᠢ ᠬᠥᠭᠵᠢᠭᠦᠯᠬᠦ ᠶᠢ ᠪᠠᠷᠢᠮᠲᠠᠯᠠᠨ᠎ᠠ᠃ ᠠᠮᠢ ᠠᠬᠤᠢ ᠶᠢᠨ ᠳᠣᠭᠲᠠᠯ ᠬᠦᠴᠦᠨ ᠢ ᠪᠠᠲᠤᠯᠠᠨ᠂ ᠠᠮᠢ ᠠᠬᠤᠢ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠢ ᠠᠬᠤᠢ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠶᠢ ᠴᠢᠩᠭ᠎ᠠ ᠨᠠᠶᠢᠳᠠᠪᠤᠷᠢᠵᠢᠭᠤᠯᠤᠨ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ᠂ ᠪᠠᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠰᠡᠯᠭᠦᠬᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠬᠢᠨᠠᠨ ᠰᠢᠨᠵᠢᠵᠦ ᠦᠨᠡᠯᠡᠬᠦ ᠳᠥᠷᠪᠡᠨ ᠵᠦᠢᠯ ᠤᠨ ᠦᠨᠳᠦᠰᠦᠨ ᠳᠦᠷᠢᠮ ᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠢᠳᠡᠪᠬᠢᠲᠡᠢ ᠬᠤᠪᠢᠷᠠᠭᠠᠨ᠂ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠠᠰᠢᠭᠯᠠᠵᠤ᠂ ᠮᠠᠯᠵᠢᠬᠤ ᠣᠷᠣᠨ ᠤ ᠠᠵᠤ ᠠᠬᠤᠢ ᠬᠢᠭᠡᠳ ᠬᠥᠮᠥᠨ ᠠᠮᠠ᠂ ᠡᠬᠢ ᠪᠠᠶᠠᠯᠢᠭ᠂ ᠣᠷᠴᠢᠨ ᠠᠬᠤᠢ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃      2. ᠲᠤᠬᠠᠢ ᠶᠢᠨ ᠭᠠᠵᠠᠷ ᠲᠤ ᠨᠢ ᠲᠣᠬᠢᠷᠠᠭᠤᠯᠵᠤ ᠣᠨᠴᠠᠯᠢᠭ ᠢ ᠨᠢ ᠳᠣᠪᠤᠶᠢᠯᠭᠠᠬᠤ ᠶᠢ ᠪᠠᠷᠢᠮᠲᠠᠯᠠᠨ᠎ᠠ᠃ ᠮᠠᠯᠵᠢᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠨᠥᠬᠦᠴᠡᠯ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠡᠬᠢ ᠪᠠᠶᠠᠯᠢᠭ ᠣᠷᠴᠢᠨ ᠲᠣᠭᠤᠷᠢᠨ ᠤ ᠪᠠᠶᠢᠳᠠᠯ᠂ ᠲᠡᠦᠬᠡ ᠰᠣᠶᠣᠯ ᠤᠨ ᠤᠯᠠᠮᠵᠢᠯᠠᠯ ᠵᠡᠷᠭᠡ ᠡᠯᠧᠮᠧᠨ᠋ᠲ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠲᠥᠯᠥᠪᠵᠢᠭᠦᠯᠭᠡ ᠶᠢᠨ ᠲᠥᠰᠥᠯ ᠢ ᠵᠣᠬᠢᠰᠲᠠᠢ ᠲᠣᠭᠲᠠᠭᠠᠨ᠂ ᠲᠤᠷᠰᠢᠯᠲᠠ ᠶᠢᠨ ᠴᠡᠭ ᠤᠨ ᠬᠠᠷᠠᠯᠲᠠ ᠪᠠ ᠠᠵᠢᠯ ᠤᠨ ᠭᠤᠣᠯᠳᠠᠯᠭ᠎ᠠ ᠶᠢ ᠲᠣᠳᠣᠷᠬᠠᠢ ᠲᠣᠭᠲᠠᠭᠠᠵᠤ᠂ ᠵᠥᠷᠢᠶᠡᠵᠢᠭᠦᠯᠦᠨ ᠠᠬᠢᠭᠤᠯᠤᠨ᠎ᠠ᠂ ᠡᠨᠡ ᠬᠦ ᠠᠵᠢᠯ ᠢ ︽ᠨᠢᠭᠡ ᠠᠳᠠᠯᠢ︾ ︽ᠠᠯᠬᠤᠮ ᠨᠢᠭᠡᠲᠡᠢ︾ ᠪᠠᠶᠢᠯᠭᠠᠬᠤ ᠪᠢᠰᠢ᠂ ᠲᠤᠬᠠᠢ ᠶᠢᠨ ᠭᠠᠵᠠᠷ ᠤᠨ ᠪᠣᠳᠠᠲᠠᠢ ᠳᠤ ᠨᠢ ᠲᠣᠬᠢᠷᠠᠬᠤ ᠶᠢ ᠦᠨᠡᠨ ᠬᠦ ᠪᠠᠲᠤᠯᠠᠨ᠂ ᠮᠠᠯᠵᠢᠬᠤ ᠣᠷᠣᠨ ᠤ ᠣᠨᠴᠠᠯᠢᠭ ᠢ ᠢᠯᠡᠷᠡᠭᠦᠯᠦᠨ᠎ᠡ᠃      3. ᠲᠤᠷᠰᠢᠯᠲᠠ ᠶᠢᠨ ᠴᠡᠭ ᠲᠤ ᠤᠷᠢᠳ ᠢᠶᠠᠷ ᠬᠡᠷᠡᠭᠵᠢᠭᠦᠯᠵᠦ ᠴᠡᠭ ᠢᠶᠠᠷ ᠨᠡᠶᠢᠳᠡᠮ ᠳᠤ ᠨᠢ ᠳᠠᠶᠢᠴᠢᠯᠠᠬᠤ ᠶᠢ ᠪᠠᠷᠢᠮᠲᠠᠯᠠᠨ᠎ᠠ᠃ ᠤᠷᠢᠳ ᠢᠶᠠᠷ ᠬᠢᠯᠪᠠᠷ ᠠᠴᠠ ᠨᠢ ᠭᠠᠷᠳᠠᠵᠤ ᠳᠠᠷᠠᠭ᠎ᠠ ᠨᠢ ᠪᠡᠷᠬᠡᠲᠡᠢ ᠳᠤ ᠨᠢ ᠭᠠᠷ ᠣᠷᠣᠬᠤ ᠪᠠ ᠤᠷᠢᠳ ᠢᠶᠠᠷ ᠴᠡᠭ ᠲᠤ ᠬᠡᠷᠡᠭᠵᠢᠭᠦᠯᠵᠦ ᠳᠠᠷᠠᠭ᠎ᠠ ᠨᠢ ᠨᠡᠶᠢᠳᠡᠮ ᠳᠤ ᠨᠢ ᠳᠠᠶᠢᠴᠢᠯᠠᠬᠤ ᠵᠠᠷᠴᠢᠮ ᠶᠣᠰᠣᠭᠠᠷ ᠲᠤᠷᠰᠢᠯᠲᠠ ᠶᠢᠨ ᠴᠡᠭ ᠢᠶᠠᠷ ᠵᠢᠱᠢᠶ᠎ᠡ ᠦᠵᠡᠭᠦᠯᠬᠦ ᠪᠠᠷ ᠳᠠᠮᠵᠢᠭᠤᠯᠤᠨ ᠲᠠᠰᠤᠷᠠᠯᠲᠠ ᠦᠭᠡᠢ ᠰᠦᠪᠡᠭᠴᠢᠯᠡᠬᠦ ᠪᠠᠷ ᠳᠠᠮᠵᠢᠨ ᠲᠤᠷᠰᠢᠯᠭ᠎ᠠ ᠬᠤᠷᠠᠮᠳᠤᠭᠤᠯᠵᠤ᠂ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠡᠵᠡᠮᠳᠡᠨ᠂ ᠪᠣᠳᠠᠲᠠᠢ ᠠᠴᠠ ᠰᠠᠯᠤᠩᠭᠢᠷᠠᠬᠤ ᠶᠢ ᠰᠡᠷᠭᠡᠶᠢᠯᠡᠵᠦ᠂ ᠳᠦᠷᠬᠢᠯᠳᠡᠨ ᠬᠦᠳᠡᠯᠦᠯᠴᠡᠬᠦ ᠪᠠ ᠬᠠᠷ᠎ᠠ ᠠᠯᠪᠠ ᠪᠠᠷ ᠲᠣᠬᠤᠬᠤ ᠶᠢ ᠰᠡᠷᠭᠡᠶᠢᠯᠡᠨ᠂ ᠦᠯᠢᠶᠡᠵᠦ ᠬᠦᠭᠡᠷᠳᠡᠨ ᠦᠵᠡᠮᠦᠷᠢ ᠶᠢᠨ ᠲᠡᠳᠦᠢ ᠶᠠᠭᠤᠮ᠎ᠠ ᠵᠣᠬᠢᠶᠠᠬᠤ᠂ ᠳᠦᠷᠢ ᠲᠥᠷᠬᠦ ᠶᠢᠨ ᠢᠨᠵᠸᠨ᠋ᠸᠷᠢᠩ ᠪᠠ ᠵᠠᠰᠠᠭ ᠤᠨ ᠠᠮᠵᠢᠯᠲᠠ ᠪᠦᠲᠦᠮᠵᠢ ᠶᠢᠨ ᠢᠨᠵᠸᠨ᠋ᠸᠷᠢᠩ ᠭᠠᠷᠭᠠᠬᠤ ᠶᠢ ᠲᠠᠰᠤ ᠬᠤᠷᠢᠭᠯᠠᠨ᠎ᠠ᠃    4. ᠪᠦᠬᠦᠯᠢ ᠴᠣᠭᠴᠠ ᠪᠠᠷ ᠨᠢ ᠠᠬᠢᠭᠤᠯᠵᠤ ᠰᠢᠨ᠎ᠡ ᠡᠭᠦᠳᠦᠯᠲᠡ ᠲᠠᠢ ᠰᠢᠪᠲᠤᠯᠤᠯᠲᠠ ᠬᠢᠬᠦ ᠶᠢ ᠪᠠᠷᠢᠮᠲᠠᠯᠠᠨ᠎ᠠ᠃ ᠪᠥᠬᠦ ᠲᠠᠯ᠎ᠠ ᠠᠴᠠ ᠭᠠᠷᠳᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠪᠥᠬᠦ ᠲᠠᠯ᠎ᠠ ᠪᠠᠷ ᠠᠬᠢᠭᠤᠯᠬᠤ᠂ ᠦᠢᠯᠡᠳᠪᠦᠷᠢᠯᠡᠵᠦ ᠡᠵᠡᠩᠨᠡᠬᠦ ᠲᠣᠭᠲᠠᠴᠠ ᠳᠤ ᠰᠢᠨ᠎ᠡ ᠶᠢ ᠡᠭᠦᠳᠬᠦ᠂ ᠳᠠᠪᠠᠭᠤᠯᠢᠭ ᠪᠥᠭᠡᠳ ᠣᠨᠴᠠᠯᠢᠭ ᠲᠠᠢ ᠭᠤᠣᠯᠯᠠᠬᠤ ᠠᠵᠤ ᠦᠢᠯᠡᠰ ᠢ ᠬᠥᠭᠵᠢᠭᠦᠯᠬᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠬᠤ ᠵᠡᠷᠭᠡ ᠭᠤᠣᠯᠳᠠᠯᠭ᠎ᠠ ᠪᠣᠯᠬᠤ ᠠᠵᠢᠯ ᠳᠤ ᠵᠠᠩᠭᠢᠯᠠᠭ᠎ᠠ ᠶᠢᠨ ᠭᠤᠭᠴᠤᠭ᠎ᠠ ᠶᠢ ᠨᠢ ᠡᠵᠡᠮᠳᠡᠨ᠂ ᠰᠢᠨ᠎ᠡ ᠶᠢ ᠡᠭᠦᠳᠬᠦ ᠬᠦᠳᠡᠯᠭᠡᠭᠦᠷ ᠬᠦᠴᠦᠨ ᠢ ᠤᠷᠮᠠᠰᠢᠭᠤᠯᠤᠨ ᠬᠥᠭᠵᠢᠭᠡᠵᠦ᠂ ᠭᠤᠣᠯᠳᠠᠯᠭ᠎ᠠ ᠲᠠᠢ ᠪᠠᠷ ᠰᠢᠪᠲᠤᠯᠤᠯᠲᠠ ᠬᠢᠬᠦ ᠶᠢ ᠪᠡᠶᠡᠯᠡᠭᠦᠯᠦᠨ᠎ᠡ᠃      5. ᠵᠠᠰᠠᠭ ᠤᠨ ᠣᠷᠳᠣᠨ ᠭᠤᠣᠯ ᠤᠳᠤᠷᠢᠳᠤᠮᠵᠢ ᠪᠣᠯᠵᠤ ᠮᠠᠯᠴᠢᠳ ᠢᠶᠠᠷ ᠭᠤᠣᠯ ᠴᠣᠭᠴᠠ ᠪᠣᠯᠭᠠᠬᠤ ᠶᠢ ᠪᠠᠷᠢᠮᠲᠠᠯᠠᠨ᠎ᠠ᠃ ᠠᠶᠢᠮᠠᠭ ᠬᠤᠲᠠ᠂ ᠲᠤᠷᠰᠢᠯᠲᠠ ᠶᠢᠨ ᠴᠡᠭ ᠪᠣᠯᠬᠤ ᠬᠤᠰᠢᠭᠤ ᠨᠢ ᠵᠣᠬᠢᠶᠠᠨ ᠪᠠᠶᠢᠭᠤᠯᠵᠤ ᠤᠳᠤᠷᠢᠳᠬᠤ᠂ ᠨᠢᠭᠡᠳᠦᠯᠲᠡᠢ ᠲᠥᠯᠥᠪᠯᠡᠵᠦ ᠵᠣᠬᠢᠴᠠᠭᠤᠯᠬᠤ᠂ ᠲᠥᠯᠥᠪᠵᠢᠭᠦᠯᠵᠦ ᠪᠦᠲᠦᠭᠡᠨ ᠪᠠᠶᠢᠭᠤᠯᠬᠤ᠂ ᠲᠥᠷᠥ ᠶᠢᠨ ᠪᠣᠳᠣᠯᠭ᠎ᠠ ᠪᠠᠷ ᠬᠥᠲᠥᠯᠦᠨ ᠳᠠᠭᠠᠭᠤᠯᠬᠤ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠂ ᠠᠯᠢᠪᠠ ᠪᠦᠬᠦᠨ ᠢ ᠡᠭᠦᠷᠭᠡᠯᠡᠬᠦ ᠪᠠ ᠠᠯᠪᠠᠳᠠᠵᠤ ᠵᠠᠷᠯᠢᠭᠳᠠᠬᠤ ᠦᠭᠡᠢ ᠪᠠᠶᠢᠬᠤ ᠬᠡᠷᠡᠭᠳᠡᠢ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠢ ᠪᠣᠯᠭᠠᠨ᠂ ᠣᠯᠠᠨ ᠲᠦᠮᠡᠨ ᠮᠡᠳᠡᠷᠡᠭᠰᠡᠨ᠂ ᠣᠯᠠᠨ ᠲᠦᠮᠡᠨ ᠣᠷᠣᠯᠴᠠᠭᠰᠠᠨ᠂ ᠣᠯᠠᠨ ᠲᠦᠮᠡᠨ ᠳᠤ ᠲᠠᠭᠠᠰᠢᠶᠠᠭᠳᠠᠭᠰᠠᠨ ᠢᠶᠠᠷ ᠦᠨᠳᠦᠰᠦᠨ ᠱᠠᠭᠠᠷᠳᠠᠯᠭ᠎ᠠ ᠪᠣᠯᠭᠠᠵᠤ᠂ ᠮᠠᠯᠴᠢᠳ ᠢ ᠬᠥᠲᠦᠯᠦᠨ ᠳᠠᠭᠠᠭᠤᠯᠵᠤ ᠪᠠᠶᠢᠭᠠᠳ ᠠᠵᠢᠯ ᠬᠥᠳᠡᠯᠮᠦᠷᠢ ᠳᠤ ᠣᠷᠣᠯᠴᠠᠭᠤᠯᠤᠨ᠂ ᠥᠷᠭᠡᠨ ᠣᠯᠠᠨ ᠮᠠᠯᠴᠢᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠤᠷᠮᠠᠰᠢᠭᠤᠯᠤᠨ ᠬᠥᠭᠵᠢᠭᠡᠨ᠎ᠡ᠃      ︵ᠭᠤᠷᠪᠠ︶ ᠬᠠᠷᠠᠯᠲᠠᠲᠤ ᠡᠭᠦᠷᠭᠡ᠃ 2021 ᠣᠨ ᠪᠣᠯᠬᠤ ᠳᠤ᠂ ᠠᠪᠠᠭ᠎ᠠ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠠᠷᠤ ᠬᠤᠷᠴᠢᠨ ᠬᠤᠰᠢᠭᠤ ᠵᠡᠷᠭᠡ ᠲᠤᠷᠰᠢᠯᠲᠠ ᠶᠢᠨ ᠴᠡᠭ ᠪᠣᠯᠬᠤ 4 ᠬᠤᠰᠢᠭᠤᠨ ᠤ ᠪᠦᠲᠦᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠦᠨ᠎ᠡ᠃ 2022 ᠣᠨ ᠠᠴᠠ ᠡᠬᠢᠯᠡᠨ᠂ ᠠᠯᠬᠤᠮ ᠠᠯᠬᠤᠮ ᠢᠶᠠᠷ 33 ᠮᠠᠯᠵᠢᠬᠤ ᠬᠤᠰᠢᠭᠤᠨ ᠳᠤ ᠬᠦᠷᠲᠡᠯ᠎ᠡ ᠥᠷᠭᠡᠳᠬᠡᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠣᠳᠣᠬᠢᠴᠢᠯᠠᠭᠰᠠᠨ ᠨᠤᠲᠤᠭ ᠪᠡᠯᠴᠢᠭᠡᠷ ᠤᠨ ᠮᠠᠯ ᠠᠵᠤ ᠠᠬᠤᠢ ᠳᠤ ᠮᠡᠳᠡᠭᠳᠡᠬᠦᠶᠢᠴᠡ ᠳᠠᠪᠰᠢᠯᠲᠠ ᠲᠠᠢ ᠪᠣᠯᠭᠠᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠦᠷᠢᠨᠰᠢᠬᠦᠯᠵᠦ᠂ ᠮᠠᠯᠵᠢᠬᠤ ᠣᠷᠣᠨ ᠤ ᠦᠨᠳᠦᠰᠦᠨ ᠱᠠᠲᠤᠨ ᠤ ᠵᠠᠰᠠᠯᠲᠠ ᠶᠢᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠦᠷᠢᠯᠳᠦᠭᠦᠯᠦᠨ᠂ ᠵᠠᠰᠠᠯᠲᠠ ᠶᠢᠨ ᠴᠢᠳᠠᠪᠤᠷᠢ ᠪᠠᠨ ᠢᠯᠡᠳᠳᠡ ᠳᠡᠭᠡᠭᠰᠢᠯᠡᠭᠦᠯᠵᠦ᠂ ᠪᠥᠬᠦ ᠤᠯᠤᠰ ᠤᠨ ᠮᠠᠯᠵᠢᠬᠤ ᠣᠷᠣᠨ ᠤ ᠣᠳᠣᠬᠢᠴᠢᠯᠠᠬᠤ ᠠᠬᠢᠴᠠ ᠶᠢᠨ ᠡᠮᠦᠨᠡᠬᠦᠷ ᠣᠷᠣᠭᠠᠳ ᠮᠠᠯᠵᠢᠬᠤ ᠣᠷᠣᠨ ᠤ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠩ ᠲᠡᠷᠢᠬᠦᠨ ᠳᠤ ᠪᠠᠶᠢᠭᠤᠯᠤᠨ᠎ᠠ᠃      ᠬᠤᠶᠠᠷ᠂ ᠭᠤᠣᠯᠳᠠᠯᠭ᠎ᠠ ᠪᠣᠯᠬᠤ ᠡᠭᠦᠷᠭᠡ      ︵ᠨᠢᠭᠡ︶ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠪᠦᠲᠦᠭᠡᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃      1. ᠠᠮᠢ ᠠᠬᠤᠢ ᠶᠢᠨ ᠪᠣᠯᠪᠠᠰᠤᠨ ᠤ ᠲᠠᠯ᠎ᠠ ᠪᠠᠷ ᠬᠢ ᠣᠬᠠᠭᠤᠯᠭ᠎ᠠ ᠭᠦᠮᠦᠵᠢᠯ ᠤᠨ ᠠᠵᠢᠯ ᠢ ᠭᠦᠨᠵᠡᠭᠡᠶᠢᠷᠡᠭᠦᠯᠦᠨ᠎ᠡ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠣᠨ ᠤ ᠦᠵᠡᠯ ᠰᠠᠨᠠᠭ᠎ᠠ ᠪᠠ ᠥᠪᠥᠷ ᠮᠣᠩᠭᠤᠯ ᠢ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ ᠪᠣᠲᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠲᠠᠯ᠎ᠠ ᠨᠤᠲᠤᠭ ᠤᠨ ᠰᠣᠶᠣᠯ ᠳᠠᠬᠢ ᠪᠠᠶᠢᠭᠠᠯᠢ ᠶᠢ ᠡᠷᠬᠢᠮᠯᠡᠨ ᠳᠡᠭᠡᠳᠦᠯᠡᠬᠦ᠂ ᠠᠮᠢ ᠠᠬᠤᠢ ᠣᠷᠴᠢᠨ ᠲᠣᠭᠤᠷᠢᠨ ᠢ ᠬᠢᠮᠠᠭᠠᠳᠠᠨ ᠨᠠᠨᠳᠢᠩᠨᠠᠬᠤ᠂ ᠡᠬᠢ ᠪᠠᠶᠠᠯᠢᠭ ᠢᠶᠠᠨ ᠥᠨᠢ ᠡᠭᠦᠷᠢᠳᠡ ᠦᠷᠭᠦᠯᠵᠢᠯᠡᠨ ᠠᠰᠢᠭᠯᠠᠬᠤ ᠶᠢ ᠠᠩᠬᠠᠷᠬᠤ ᠣᠨᠣᠯᠵᠢᠬᠤᠨ ᠢ ᠤᠯᠠᠮᠵᠢᠯᠠᠨ ᠰᠢᠩᠭᠡᠭᠡᠵᠦ᠂ ᠨᠤᠲᠤᠭ ᠪᠡᠯᠴᠢᠭᠡᠷ ᠢ ᠬᠠᠮᠠᠭᠠᠯᠠᠬᠤ ᠬᠢᠭᠡᠳ ᠮᠠᠯ ᠠᠵᠤ ᠠᠬᠤᠢ ᠶᠢ ᠬᠥᠭᠵᠢᠭᠦᠯᠬᠦ ᠬᠤᠶᠠᠷ ᠲᠠᠯ᠎ᠠ ᠪᠠᠷ ᠪᠦᠷ ᠠᠰᠢᠭ ᠬᠦᠷᠲᠡᠭᠰᠡᠨ ᠨᠡᠶᠢᠲᠡᠯᠢᠭ ᠲᠤᠷᠰᠢᠯᠭ᠎ᠠ ᠶᠢ ᠥᠷᠭᠡᠨ ᠢᠶᠠᠷ ᠤᠬᠠᠭᠤᠯᠵᠤ ᠳᠡᠯᠭᠡᠷᠡᠭᠦᠯᠦᠨ᠂ ᠠᠮᠢ ᠠᠬᠤᠢ ᠶᠢ ᠤᠷᠢᠳ ᠢᠶᠠᠷ ᠪᠣᠳᠤᠯᠬᠢᠯᠠᠬᠤ ᠪᠠ ᠪᠣᠬᠢᠷᠳᠤᠯ ᠦᠭᠡᠢ ᠬᠥᠭᠵᠢᠭᠦᠯᠬᠦ ᠶᠢ ᠥᠷᠭᠡᠨ ᠣᠯᠠᠨ ᠺᠠᠳ᠋ᠷ ᠪᠠ ᠮᠠᠯᠴᠢᠳ ᠤᠨ ᠬᠠᠮᠲᠤ ᠶᠢᠨ ᠣᠨᠣᠯᠵᠢᠬᠤᠨ ᠪᠣᠯᠭᠠᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶      2. ᠪᠡᠯᠴᠢᠭᠡᠷᠯᠡᠭᠦᠯᠬᠦ ᠶᠢ ᠵᠣᠭᠰᠣᠭᠠᠵᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠳᠠᠷᠠᠭᠠᠴᠢ ᠶᠢᠨ ᠡᠬᠡᠯᠵᠢᠨ ᠤ ᠨᠤᠲᠤᠭ ᠪᠡᠯᠴᠢᠭᠡᠷ ᠤᠨ ᠨᠥᠬᠦᠪᠦᠷᠢᠯᠡᠵᠦ ᠱᠠᠩᠨᠠᠬᠤ ᠲᠥᠷᠥ ᠶᠢᠨ ᠪᠣᠳᠣᠯᠭ᠎ᠠ ᠲᠠᠢ ᠤᠶᠠᠯᠳᠤᠭᠤᠯᠵᠤ᠂ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢ ᠵᠣᠬᠢᠰᠲᠠᠢ ᠬᠤᠪᠢᠶᠠᠷᠢᠯᠠᠵᠤ ᠲᠣᠭᠲᠠᠭᠠᠨ᠂ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠢᠴᠢ ᠬᠠᠪᠤᠷ ᠤᠨ ᠤᠯᠠᠷᠢᠯ ᠳᠤ ᠪᠡᠯᠴᠢᠭᠡᠷ ᠰᠡᠯᠭᠦᠬᠦ ᠳᠦᠷᠢᠮ ᠢ ᠢᠳᠡᠪᠬᠢᠲᠡᠢ ᠠᠬᠢᠭᠤᠯᠤᠨ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠮᠠᠯ ᠤᠨ ᠲᠤᠭ᠎ᠠ ᠲᠤᠯᠤᠭᠠᠢ ᠶᠢ ᠬᠤᠰᠢᠭᠤ ᠬᠤᠪᠢᠶᠠᠨ ᠬᠠᠷᠭᠤᠭᠤᠯᠵᠤ ᠲᠣᠭᠲᠠᠭᠠᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠨ ᠬᠢᠨᠠᠨ ᠬᠠᠮᠢᠶᠠᠷᠬᠤ ᠪᠠ ᠰᠢᠯᠭᠠᠨ ᠬᠢᠨᠠᠬᠤ ᠶᠢ ᠴᠢᠩᠭᠠᠳᠬᠠᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶      3. ᠪᠡᠯᠴᠢᠭᠡᠷ ᠢ ᠵᠢᠷᠤᠮᠵᠢᠭᠤᠨ ᠪᠦᠭᠡᠳ ᠡᠮᠬᠢ ᠵᠢᠷᠤᠮ ᠲᠠᠢ ᠰᠢᠯᠵᠢᠭᠦᠯᠦᠨ ᠡᠷᠭᠢᠯᠳᠦᠭᠦᠯᠬᠦ ᠪᠠᠨ ᠢᠳᠡᠪᠬᠢᠲᠡᠢ ᠠᠬᠢᠭᠤᠯᠤᠨ᠎ᠠ᠃ ᠪᠡᠯᠴᠢᠭᠡᠷ ᠢ ᠰᠢᠯᠵᠢᠭᠦᠯᠦᠨ ᠡᠷᠭᠢᠯᠳᠦᠭᠦᠯᠬᠦ ᠨᠢᠭᠡᠳᠦᠯᠲᠡᠢ ᠲᠠᠪᠴᠠᠩ ᠢ ᠪᠠᠶᠢᠭᠤᠯᠵᠤ᠂ ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠰᠢᠯᠵᠢᠭᠦᠯᠦᠨ ᠡᠷᠭᠢᠯᠳᠦᠭᠦᠯᠬᠦ ᠳᠡᠰ ᠳᠠᠷᠠᠭᠠᠯᠠᠯ ᠢ ᠪᠦᠷᠢᠨᠰᠢᠭᠦᠯᠦᠨ᠎ᠡ᠃ ᠪᠡᠯᠴᠢᠭᠡᠷ ᠢ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠳᠤ ᠪᠠᠨ ᠰᠢᠯᠵᠢᠭᠦᠯᠦᠨ ᠡᠷᠭᠢᠯᠳᠦᠭᠦᠯᠬᠦ ᠶᠢ ᠵᠣᠷᠢᠭᠵᠢᠭᠤᠯᠵᠤ᠂ ᠰᠢᠯᠵᠢᠭᠦᠯᠦᠨ ᠡᠷᠭᠢᠯᠳᠦᠭᠦᠯᠵᠦ ᠪᠠᠶᠢᠭ᠎ᠠ ᠪᠡᠯᠴᠢᠭᠡᠷ ᠲᠤ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠤᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠭᠦᠨ ᠤ ᠳᠠᠭᠠᠤ ᠬᠤᠷᠰᠢᠶᠠᠵᠢᠯ᠂ ᠬᠠᠮᠲᠤᠷᠠᠭᠰᠠᠨ ᠡᠷᠦᠬᠡ ᠶᠢᠨ ᠨᠤᠲᠤᠭ ᠪᠡᠯᠴᠢᠭᠡᠷ ᠬᠦᠷᠢᠶᠡᠯᠡᠭᠰᠡᠨ ᠲᠣᠣᠷ ᠢᠶᠠᠨ ᠵᠠᠯᠭᠠᠵᠤ ᠨᠡᠶᠢᠯᠡᠭᠦᠯᠦᠨ ᠡᠵᠡᠩᠨᠡᠬᠦ ᠶᠢ ᠢᠳᠡᠪᠬᠢᠲᠡᠢ ᠠᠬᠢᠭᠤᠯᠵᠤ᠂ ᠪᠡᠯᠴᠢᠭᠡᠷ ᠤᠨ ᠬᠡᠰᠡᠭ ᠪᠤᠰᠠᠭᠴᠢᠯᠠᠭᠰᠠᠨ ᠠᠰᠠᠭᠤᠳᠠᠯ ᠢ ᠰᠢᠢᠳᠪᠦᠷᠢᠯᠡᠨ᠂ ᠪᠡᠯᠴᠢᠭᠡᠷ ᠤᠨ ᠡᠬᠢ ᠪᠠᠶᠠᠯᠢᠭ ᠢᠶᠠᠨ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠰᠢᠨ᠎ᠡ ᠵᠠᠭᠪᠤᠷ ᠢ ᠰᠦᠪᠡᠭᠴᠢᠯᠡᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ︶      4. ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠦᠨᠳᠦᠰᠦᠨ ᠨᠤᠲᠤᠭ ᠪᠡᠯᠴᠢᠭᠡᠷ ᠤᠨ ᠬᠤᠪᠢᠶᠠᠷᠢᠯᠠᠨ ᠲᠣᠭᠲᠠᠭᠠᠬᠤ ᠠᠵᠢᠯ ᠢ ᠲᠡᠭᠦᠯᠳᠡᠷᠵᠢᠭᠦᠯᠬᠦ ᠶᠢᠨ ᠬᠠᠮᠲᠤ᠂ ᠦᠨᠳᠦᠰᠦᠨ ᠨᠤᠲᠤᠭ ᠪᠡᠯᠴᠢᠭᠡᠷ ᠬᠢᠭᠡᠳ ᠠᠮᠢ ᠠᠬᠤᠢ ᠶᠢᠨ ᠤᠯᠠᠭᠠᠨ ᠱᠤᠭᠤᠮ ᠢ ᠤᠶᠠᠯᠳᠤᠭᠤᠯᠵᠤ ᠪᠠᠶᠢᠭᠠᠳ ᠲᠠᠯ᠎ᠠ ᠨᠤᠲᠤᠭ ᠲᠤ ᠠᠭᠤᠷᠬᠠᠢ ᠶᠢᠨ ᠭᠠᠷᠤᠯᠲᠠ ᠨᠡᠭᠡᠭᠡᠨ ᠬᠥᠭᠵᠢᠭᠦᠯᠬᠦ ᠰᠢᠨ᠎ᠡ ᠲᠦᠷᠦᠯ ᠵᠦᠢᠯ ᠭᠠᠷᠭᠠᠬᠤ ᠶᠢ ᠴᠢᠩᠭ᠎ᠠ ᠬᠢᠵᠠᠭᠠᠷᠯᠠᠨ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ᠂ ᠭᠡᠷᠡᠯ ᠴᠡᠨᠡᠭ ᠤᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠶᠢ ᠨᠢ ᠴᠢᠩᠭ᠎ᠠ ᠡᠵᠡᠮᠰᠢᠨ᠎ᠡ᠃ ᠠᠭᠤᠷᠬᠠᠢ ᠶᠢᠨ ᠵᠠᠰᠠᠯᠲᠠ ᠶᠢ ᠴᠢᠩᠭᠠᠳᠬᠠᠨ᠂ ︽ᠨᠢᠭᠡ ᠠᠭᠤᠷᠬᠠᠢ ᠳᠤ ᠨᠢᠭᠡ ᠲᠥᠷᠥ ᠶᠢᠨ ᠪᠣᠳᠣᠯᠭ᠎ᠠ ᠲᠠᠢ ᠪᠠᠶᠢᠯᠭᠠᠬᠤ︾ ᠶᠢ ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠤᠨ ᠮᠠᠯᠵᠢᠬᠤ ᠣᠷᠣᠨ ᠳᠤ ᠤᠰᠤᠨ ᠴᠥᠬᠦᠷᠥᠮ ᠢ ᠵᠢᠭᠰᠠᠭᠠᠨ ᠪᠠᠶᠢᠴᠠᠭᠠᠵᠤ᠂ ᠨᠤᠲᠤᠭ ᠪᠡᠯᠴᠢᠭᠡᠷ ᠲᠤ ᠤᠰᠤᠨ ᠴᠥᠬᠦᠷᠥᠮ ᠪᠠᠶᠢᠭᠤᠯᠬᠤ ᠶᠢ ᠴᠢᠩᠭ᠎ᠠ ᠬᠢᠵᠠᠭᠠᠷᠯᠠᠨ᠂ ︽ᠨᠠᠭᠤᠷ ᠭᠤᠣᠯ ᠤᠨ ᠪᠠᠶᠢᠳᠠᠯ ᠳᠤ ᠲᠣᠬᠢᠷᠠᠭᠤᠯᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠤᠰᠤ ᠬᠡᠷᠡᠭᠯᠡᠬᠦ ᠪᠠᠶᠢᠳᠠᠯ ᠢ ᠡᠵᠡᠮᠳᠡᠬᠦ ᠪᠠᠨ ᠴᠢᠩᠭᠠᠷᠠᠭᠤᠯᠤᠨ᠂ ᠬᠥᠷᠥᠰᠥᠨ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ︵ᠪᠤᠰᠤᠳ ᠵᠦᠢᠯ ᠢ ᠬᠡᠲᠦᠷᠬᠡᠢ ᠪᠠᠶᠢᠭᠤᠯᠬᠤ︶ ᠶᠢ ᠲᠦᠷᠭᠡᠳᠬᠡᠨ ᠵᠠᠰᠠᠵᠤ᠂ ᠤᠰᠤᠯᠠᠯᠲᠠ ᠶᠢᠨ ᠲᠡᠵᠢᠭᠡᠯ ᠡᠪᠡᠰᠦ ᠪᠣᠷᠳᠣᠭᠠᠨ ᠭᠠᠵᠠᠷ ᠢ ᠰᠢᠨ᠎ᠡ ᠨᠡᠮᠡᠵᠦ ᠪᠠᠶᠢᠭᠤᠯᠬᠤ ᠶᠢ ᠨᠢ ᠴᠢᠩᠭ᠎ᠠ ᠡᠵᠡᠮᠰᠢᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠴᠠᠬᠢᠯᠭᠠᠨ ᠬᠦᠴᠦᠨ ﹇ᠪᠦᠯᠦᠭᠯᠡᠯ﹈ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ︶      ︵ᠬᠤᠶᠠᠷ︶ ᠨᠤᠲᠤᠭ ᠪᠡᠯᠴᠢᠭᠡᠷ ᠤᠨ ᠮᠠᠯ ᠠᠵᠤ ᠠᠬᠤᠢ ᠶᠢ ᠲᠦᠷᠭᠡᠳᠭᠡᠨ ᠬᠥᠭᠵᠢᠭᠦᠯᠦᠨ᠎ᠡ᠃      5. ᠠᠯᠠᠰᠢᠨ ᠤ ᠦᠬᠡᠷ ᠤᠨ ᠣᠳᠣ ᠦᠶ᠎ᠡ ᠶᠢᠨ ᠠᠵᠤ ᠦᠢᠯᠡᠰ ᠢ ᠪᠣᠶᠢᠵᠢᠭᠤᠯᠵᠤ ᠬᠦᠴᠦᠷᠬᠡᠭᠵᠢᠭᠦᠯᠦᠨ᠎ᠡ᠃ ᠰᠠᠶᠢᠨ ᠡᠭᠦᠯᠳᠡᠷ ᠤᠨ ᠪᠣᠯᠭᠠᠬᠤ ᠠᠬᠢᠴᠠ ᠶᠢ ᠲᠦᠷᠭᠡᠳᠬᠡᠨ᠂ ᠰᠢᠮᠸᠨ᠋ᠳᠠᠷ ᠦᠬᠡᠷ ᠪᠠ ᠠᠩᠭ᠍ᠸᠢᠰ ᠦᠬᠡᠷ ᠢᠶᠠᠷ ᠭᠤᠣᠯ ᠪᠣᠯᠭᠠᠭᠰᠠᠨ ᠠᠯᠠᠰᠢᠨ ᠤ ᠲᠤᠰᠬᠠᠢ ᠡᠭᠦᠯᠳᠡᠷ ᠰᠠᠶᠢᠵᠢᠷᠠᠭᠤᠯᠬᠤ ᠴᠢᠭᠯᠡᠯ ᠢ ᠪᠠᠷᠢᠮᠲᠠᠯᠠᠵᠤ᠂ ᠴᠢᠨᠠᠷ ᠰᠠᠶᠢᠲᠠᠢ ᠢᠴᠡᠭᠡᠯ ᠦᠷ᠎ᠡ ᠪᠠᠷ ᠭᠠᠷ ᠬᠡᠭᠡᠯᠲᠦᠭᠦᠯᠭᠡ ᠬᠢᠬᠦ ᠶᠢ ᠬᠦᠴᠦᠲᠡᠢ ᠳᠡᠯᠭᠡᠷᠡᠭᠦᠯᠦᠨ᠂ ᠪᠣᠳᠠᠭᠠᠯᠢ ᠭᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ᠮᠠᠯᠵᠢᠬᠤ ᠡᠷᠦᠬᠡ ᠶᠢ ᠢᠳᠡᠪᠬᠢᠲᠡᠢ ᠬᠦᠲᠦᠯᠦᠨ ᠳᠠᠭᠠᠭᠤᠯᠵᠤ ᠪᠠᠶᠢᠭᠠᠳ ᠪᠣᠷᠳᠣᠨ ᠲᠡᠵᠢᠭᠡᠬᠦ ᠪᠠ ᠦᠷᠡᠵᠢᠭᠦᠯᠦᠨ ᠪᠣᠶᠢᠵᠢᠭᠤᠯᠬᠤ ᠬᠠᠮᠢᠶᠠᠷᠤᠯᠲᠠ ᠶᠢ ᠴᠢᠩᠭᠠᠳᠬᠠᠨ᠂ ᠪᠠᠷᠢᠮᠵᠢᠶᠠᠵᠢᠭᠰᠠᠨ ᠪᠣᠷᠳᠣᠨ ᠲᠡᠵᠢᠭᠡᠬᠦ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠦᠷᠡᠵᠢᠬᠦ ᠨᠣᠷᠮ᠎ᠠ ᠶᠢ ᠳᠣᠪᠤᠶᠢᠮ᠎ᠠ ᠳᠡᠭᠡᠭᠰᠢᠯᠡᠭᠦᠯᠦᠨ᠎ᠡ᠃ ᠲᠤᠰᠬᠠᠶᠢᠵᠢᠭᠰᠠᠨ ᠠᠵᠤ ᠠᠬᠤᠶᠢᠯᠠᠯ ᠤᠨ ᠪᠣᠷᠳᠣᠬᠤ ᠡᠷᠴᠢᠮ ᠢ ᠴᠢᠩᠭᠠᠷᠠᠭᠤᠯᠵᠤ ᠠᠮᠢᠳᠤ ᠮᠠᠯ ᠠᠷᠠᠯᠵᠢᠶᠠᠯᠠᠬᠤ ᠵᠠᠬ᠎ᠠ ᠳᠡᠯᠭᠡᠭᠦᠷ ᠢ ᠪᠠᠶᠢᠭᠤᠯᠤᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      6. ᠠᠯᠠᠰᠢᠨ ᠤ ᠬᠤᠨᠢ ᠢᠮᠠᠭᠠᠨ ᠤ ᠠᠵᠤ ᠦᠢᠯᠡᠰ ᠢ ᠪᠣᠵᠠᠭᠠᠶᠢᠷᠠᠭᠤᠯᠵᠤ ᠬᠦᠴᠦᠷᠬᠡᠭᠵᠢᠭᠦᠯᠦᠨ᠎ᠡ᠃ ᠣᠷᠣᠨ ᠨᠤᠲᠤᠭ ᠤᠨ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠵᠤ ᠦᠷᠡᠵᠢᠭᠦᠯᠬᠦ ᠠᠵᠢᠯ ᠢ ᠬᠦᠴᠦᠲᠡᠢ ᠰᠠᠶᠢᠲᠤᠷ ᠠᠳᠬᠤᠨ᠎ᠠ᠃ ᠦᠵᠦᠮᠦᠴᠢᠨ ᠬᠤᠨᠢ᠂ ᠰᠥᠨᠢᠳ ᠬᠤᠨᠢ ᠪᠠ ᠬᠥᠯᠥᠨ ᠪᠣᠶᠢᠷ ᠬᠤᠨᠢ ᠪᠠᠷ ᠭᠤᠣᠯᠯᠠᠭᠤᠯᠬᠤ ᠪᠠᠶᠢᠷᠢ ᠰᠠᠭᠤᠷᠢ ᠶᠢ ᠳᠣᠪᠤᠶᠢᠯᠭᠠᠨ᠂ ᠡᠭᠦᠯᠳᠡᠷ ᠤᠨ ᠬᠤᠨᠢᠨ ᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠡᠪᠡᠷ ᠡᠭᠦᠯᠳᠡᠷ ᠤᠨ ᠲᠠᠯᠠᠪᠠᠢ᠂ ᠦᠷᠡᠵᠢᠭᠦᠯᠬᠦ ᠲᠠᠯᠠᠪᠠᠢ ᠶᠢ ᠲᠦᠬᠦᠷᠵᠢᠭᠦᠯᠦᠨ ᠪᠠᠶᠢᠭᠤᠯᠵᠤ᠂ ᠡᠭᠦᠯᠳᠡᠷ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠮᠠᠯᠵᠢᠬᠤ ᠡᠷᠦᠬᠡ ᠨᠦᠭᠦᠳ ᠬᠤᠨᠢ ᠢᠮᠠᠭᠠᠨ ᠤ ᠡᠭᠦᠯᠳᠡᠷ ᠢ ᠰᠣᠩᠭᠤᠨ ᠬᠡᠷᠡᠭᠯᠡᠵᠦ ᠪᠠᠶᠢᠭᠠᠳ ᠣᠨᠴᠠ ᠳᠡᠰ᠂ ᠨᠢᠭᠡᠳᠦᠭᠡᠷ ᠳᠡᠰ ᠲᠠᠢ ᠪᠣᠯᠭᠠᠵᠤ᠂ ᠬᠤᠨᠢ ᠢᠮᠠᠭᠠᠨ ᠤ ᠪᠣᠳᠠᠭᠠᠯᠢ ᠪᠡᠶ᠎ᠡ ᠶᠢᠨ ᠭᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠠᠷᠢᠮᠵᠢᠶᠠᠯᠠᠭᠰᠠᠨ ᠮᠠᠯ ᠤᠨ ᠰᠦᠷᠦᠭ ᠪᠠᠶᠢᠭᠤᠯᠬᠤ ᠶᠢ ᠠᠬᠢᠭᠤᠯᠤᠨ᠂ ᠪᠠᠷᠢᠮᠵᠢᠶᠠᠵᠢᠭᠤᠯᠤᠨ ᠲᠡᠵᠢᠭᠡᠵᠦ ᠦᠷᠡᠵᠢᠭᠦᠯᠬᠦ ᠶᠢ ᠠᠬᠢᠭᠤᠯᠵᠤ᠂ ᠡᠪᠦᠯ ᠤᠨ ᠲᠥᠯ ᠪᠠ ᠬᠠᠪᠤᠷ ᠤᠨ ᠡᠬᠢᠨ ᠳᠤ ᠲᠥᠯ ᠲᠣᠰᠬᠤ ᠶᠢ ᠵᠣᠷᠢᠭᠵᠢᠭᠤᠯᠤᠨ᠂ ᠠᠯᠬᠤᠮ ᠠᠯᠬᠤᠮ ᠢᠶᠠᠷ ᠤᠯᠠᠷᠢᠯ ᠰᠣᠯᠪᠢᠵᠤ ᠵᠠᠷᠤᠬᠤ ᠪᠣᠯᠭᠠᠵᠤ᠂ ᠵᠠᠬ᠎ᠠ ᠳᠡᠯᠭᠡᠭᠦᠷ ᠲᠤ ᠲᠡᠩᠴᠡᠭᠦᠨ ᠢᠶᠠᠷ ᠭᠠᠷᠭᠠᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      7. ᠠᠳᠤᠭᠤᠨ ᠤ ᠠᠵᠤ ᠦᠢᠯᠡᠰ ᠢ ᠪᠣᠶᠢᠵᠢᠭᠤᠯᠵᠤ ᠬᠥᠭᠵᠢᠭᠦᠯᠦᠨ᠎ᠡ᠃ ᠠᠳᠤᠭᠤᠨ ᠤ ᠠᠵᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠮᠣᠩᠭᠤᠯ ᠠᠳᠤᠭᠤ ᠶᠢ ᠬᠠᠮᠠᠭᠠᠯᠠᠬᠤ᠂ ᠰᠢᠨ᠎ᠡ ᠡᠭᠦᠯᠳᠡᠷ ᠢ ᠪᠣᠶᠢᠵᠢᠭᠤᠯᠬᠤ᠂ ᠠᠳᠤᠭᠤᠨ ᠤ ᠪᠦᠳᠦᠬᠡᠭᠳᠡᠬᠦᠨ ᠢ ᠨᠡᠭᠡᠭᠡᠨ ᠬᠥᠭᠵᠢᠭᠦᠯᠬᠦ ᠭᠤᠷᠪᠠᠨ ᠭᠤᠭᠴᠤᠭ᠎ᠠ ᠶᠢ ᠳᠣᠪᠤᠶᠢᠯᠭᠠᠵᠤ᠂ ᠠᠳᠤᠭᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠨᠥᠬᠦᠴᠡᠯ ᠲᠠᠢ ᠮᠠᠯᠵᠢᠬᠤ ᠣᠷᠣᠨ ᠳᠤ ᠮᠣᠷᠢ ᠤᠷᠤᠯᠳᠤᠬᠤ᠂ ᠠᠳᠤᠭᠤ ᠰᠣᠨᠢᠷᠬᠠᠬᠤ᠂ ᠡᠮᠨᠢᠭ ᠰᠤᠷᠭᠠᠬᠤ ᠵᠢᠴᠢ ᠠᠳᠤᠭᠤᠨ ᠤ ᠪᠦᠳᠦᠬᠡᠭᠳᠡᠬᠦᠨ ᠦᠢᠯᠡᠳᠪᠦᠷᠢᠯᠡᠵᠦ ᠡᠳ᠋ᠰᠢᠭᠦᠯᠬᠦ᠂ ᠪᠡᠶᠡᠴᠢᠯᠡᠨ ᠣᠶᠢᠯᠠᠭᠠᠬᠤ ᠶᠢ ᠨᠢᠭᠡ ᠴᠣᠭᠴᠠ ᠪᠣᠯᠭᠠᠭᠰᠠᠨ ᠠᠳᠤᠭᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠪᠠ ᠠᠳᠤᠭᠤᠨ ᠤ ᠠᠵᠤ ᠦᠢᠯᠡᠰ ᠤᠨ ᠵᠢᠵᠢᠭ ᠪᠠᠯᠭᠠᠰᠤ ᠪᠠᠶᠢᠭᠤᠯᠬᠤ ᠶᠢ ᠳᠡᠮᠵᠢᠵᠦ᠂ ᠠᠳᠤᠭᠤᠨ ᠤ ᠠᠵᠤ ᠦᠢᠯᠡᠰ ᠬᠢᠭᠡᠳ ᠰᠣᠶᠣᠯ ᠤᠨ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠡᠮᠴᠢᠯᠡᠭᠡᠨ ᠤ ᠠᠵᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      8. ᠦᠨᠳᠦᠰᠦᠲᠡᠨ ᠤ ᠴᠠᠭᠠᠨ ᠢᠳᠡᠭᠡ ᠶᠢᠨ ᠠᠵᠤ ᠦᠢᠯᠡᠰ ᠢ ᠬᠦᠴᠦᠲᠡᠢ ᠬᠥᠭᠵᠢᠭᠦᠯᠦᠨ᠎ᠡ᠃ ᠮᠠᠯᠵᠢᠬᠤ ᠡᠷᠦᠬᠡ ᠪᠠ ᠮᠠᠯᠴᠢᠳ ᠤᠨ ᠬᠤᠷᠰᠢᠶᠠᠵᠢᠯ ᠤᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠶᠢ ᠳᠡᠮᠵᠢᠵᠦ᠂ ᠦᠨᠳᠦᠰᠦᠲᠡᠨ ᠤ ᠴᠠᠭᠠᠨ ᠢᠳᠡᠭᠡ ᠰᠦᠨ ᠤ ᠢᠷᠡᠯᠲᠡ ᠶᠢᠨ ᠰᠠᠭᠤᠷᠢᠨ ᠭᠠᠵᠠᠷ ᠢ ᠶᠡᠬᠡᠪᠡᠷ ᠪᠠᠶᠢᠭᠤᠯᠤᠨ᠎ᠠ᠃ ᠮᠠᠯᠵᠢᠬᠤ ᠣᠷᠣᠨ ᠤ ᠦᠨᠳᠦᠰᠦᠲᠡᠨ ᠤ ᠴᠠᠭᠠᠨ ᠢᠳᠡᠭᠡ ᠶᠢᠨ ᠵᠢᠷᠤᠮᠵᠢᠭᠰᠠᠨ ᠦᠢᠯᠡᠳᠬᠡᠯ ᠤᠨ ᠭᠠᠵᠠᠷ ᠬᠥᠭᠵᠢᠭᠦᠯᠬᠦ ᠪᠠ ᠪᠠᠷᠢᠮᠵᠢᠶᠠᠵᠢᠭᠰᠠᠨ ᠪᠣᠯᠪᠠᠰᠤᠷᠠᠭᠤᠯᠬᠤ ᠦᠢᠯᠡᠳᠪᠦᠷᠢ ᠪᠠᠶᠢᠭᠤᠯᠬᠤ ᠶᠢ ᠳᠡᠮᠵᠢᠵᠦ᠂ ᠰᠢᠯᠢ ᠶᠢᠨ ᠭᠤᠣᠯ᠂ ᠬᠥᠯᠥᠨ ᠪᠣᠶᠢᠷ ᠤᠨ ᠬᠤᠷᠤᠳ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠢᠳᠡᠪᠬᠢᠲᠡᠢ ᠡᠭᠦᠳᠦᠨ᠂ ᠦᠨᠳᠦᠰᠦᠲᠡᠨ ᠤ ᠴᠠᠭᠠᠨ ᠢᠳᠡᠭᠡ ᠪᠣᠯᠪᠠᠰᠤᠷᠠᠭᠤᠯᠬᠤ ᠠᠵᠤ ᠠᠬᠤᠶᠢᠯᠠᠯ ᠤᠨ ᠣᠨᠴᠠᠯᠢᠭ ᠲᠠᠢ᠂ ᠨᠡᠷᠡᠲᠦ ᠲᠡᠮᠳᠡᠭ ᠲᠠᠢ ᠪᠥᠭᠡᠳ ᠵᠣᠬᠢᠬᠤ ᠬᠡᠪᠴᠢᠶᠡᠵᠢᠯ ᠲᠠᠢ ᠬᠥᠭᠵᠢᠬᠦ ᠶᠢ ᠠᠬᠢᠭᠤᠯᠤᠨ᠂ ᠠᠵᠤ ᠦᠢᠯᠡᠰ ᠤᠨ ᠨᠡᠮᠡᠯᠲᠡ ᠥᠷᠲᠡᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      9. ᠠᠵᠤ ᠦᠢᠯᠡᠰ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠦᠬᠡᠷ ᠬᠤᠨᠢ ᠢᠮᠠᠭᠠᠨ ᠤ ᠮᠢᠬ᠎ᠠ᠂ ᠦᠨᠳᠦᠰᠦᠲᠡᠨ ᠤ ᠰᠦ ᠴᠠᠭᠠᠨ ᠢᠳᠡᠭᠡ ᠪᠣᠯᠪᠠᠰᠤᠷᠠᠭᠤᠯᠬᠤ ᠵᠡᠷᠭᠡ ᠳᠠᠪᠠᠭᠤᠯᠢᠭ ᠪᠥᠭᠡᠳ ᠭᠤᠣᠯᠯᠠᠬᠤ ᠠᠵᠤ ᠦᠢᠯᠡᠰ ᠲᠤ ᠰᠠᠭᠤᠷᠢᠯᠠᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠭᠡ ᠲᠣᠭᠲᠠᠭᠠᠵᠤ᠂ ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ᠂ ᠡᠯᠧᠺᠲᠷᠣᠨ ᠬᠤᠳᠠᠯᠳᠤᠭ᠎ᠠ᠂ ᠨᠡᠪᠴᠢᠭᠦᠯᠦᠭᠦᠷ᠂ ᠪᠠᠷᠠᠭᠠᠨ ᠤ ᠭᠦᠢᠯᠭᠡᠭᠡ ᠪᠠᠷ ᠨᠢᠭᠡ ᠴᠣᠭᠴᠠ ᠪᠣᠯᠭᠠᠭᠰᠠᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠂ ᠰᠢᠯᠢ ᠶᠢᠨ ᠭᠤᠣᠯ ᠬᠤᠨᠢ᠂ ᠬᠥᠯᠥᠨ ᠪᠣᠶᠢᠷ ᠲᠠᠯ᠎ᠠ ᠨᠤᠲᠤᠭ ᠤᠨ ᠬᠤᠨᠢ᠂ ᠬᠤᠷᠴᠢᠨ ᠦᠬᠡᠷ ᠵᠢᠴᠢ ᠦᠨᠳᠦᠰᠦᠲᠡᠨ ᠤ ᠴᠠᠭᠠᠨ ᠢᠳᠡᠭᠡ ᠶᠢᠨ ᠣᠷᠣᠨ ᠪᠦᠰᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠪᠣᠢ ᠪᠣᠯᠭᠠᠨ ᠬᠥᠭᠵᠢᠭᠦᠯᠵᠦ᠂ ᠳᠠᠪᠠᠭᠤᠯᠢᠭ ᠲᠠᠢ ᠪᠥᠭᠡᠳ ᠣᠨᠴᠠᠯᠢᠭ ᠲᠠᠢ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      ︵ᠭᠤᠷᠪᠠ︶ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠨ᠎ᠡ᠃      10. ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠪᠡᠯᠡᠳᠬᠡᠮᠵᠢ ᠶᠢ ᠰᠠᠶᠢᠵᠢᠷᠠᠭᠤᠯᠤᠨ᠎ᠠ᠃ ᠭᠡᠷ ᠪᠦᠯᠢ ᠶᠢᠨ ᠣᠶᠣᠨᠯᠢᠭ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠬᠡᠷᠡᠭᠵᠢᠭᠦᠯᠦᠨ᠂ ᠸᠢᠳᠢᠣ᠋ ᠪᠠᠷ ᠬᠢᠨᠠᠨ ᠡᠵᠡᠮᠳᠡᠬᠦ᠂ ᠵᠢᠯᠣᠭᠤᠴᠢ ᠦᠭᠡᠢ ᠨᠢᠰᠬᠡᠯ ᠢᠶᠠᠷ ᠮᠠᠯ ᠬᠠᠷᠢᠭᠤᠯᠬᠤ᠂ ᠤᠰᠤ ᠤᠤᠭᠤᠬᠤ ᠣᠶᠣᠨᠴᠢ ᠪᠡᠯᠡᠳᠬᠡᠮᠵᠢ᠂ ᠲᠡᠵᠢᠭᠡᠯ ᠡᠪᠡᠰᠦ ᠪᠣᠷᠳᠤᠭ᠎ᠠ ᠭᠡᠷᠴᠢᠵᠦ ᠵᠢᠭᠤᠷᠠᠬᠤ ᠮᠠᠰᠢᠨ ᠵᠡᠷᠭᠡ ᠴᠢᠳᠠᠮᠵᠢᠲᠤ ᠴᠢᠨᠠᠷᠲᠠᠢ ᠦᠢᠯᠡᠳᠪᠦᠷᠢᠯᠡᠯ ᠤᠨ ᠪᠡᠯᠡᠳᠬᠡᠮᠵᠢ ᠶᠢ ᠲᠦᠬᠦᠷᠵᠢᠭᠦᠯᠦᠨ ᠪᠠᠶᠢᠭᠤᠯᠵᠤ᠂ ᠦᠢᠯᠡᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠣᠬᠢᠷᠲᠤᠯ ᠦᠭᠡᠢ ᠡᠨᠧᠷᠭᠢ ᠶᠢ ᠬᠡᠷᠡᠭᠯᠡᠨ ᠳᠤᠯᠠᠭᠠᠯᠠᠭ᠎ᠠ ᠬᠠᠩᠭᠠᠬᠤ ᠶᠢ ᠳᠡᠮᠵᠢᠵᠦ᠂ ᠲᠠᠷᠠᠬᠠᠢ ᠪᠤᠲᠠᠷᠬᠠᠢ ᠰᠠᠭᠤᠷᠢᠰᠢᠵᠤ ᠪᠠᠶᠢᠭ᠎ᠠ ᠣᠨᠴᠠᠯᠢᠭ ᠲᠤ ᠴᠢᠭᠯᠡᠭᠦᠯᠦᠨ᠂ ᠲᠤᠬᠠᠢ ᠶᠢᠨ ᠭᠠᠵᠠᠷ ᠤᠨ ᠪᠠᠶᠢᠳᠠᠯ ᠳᠤ ᠨᠢ ᠲᠣᠬᠢᠷᠠᠭᠤᠯᠵᠤ᠂ ᠵᠢᠱᠢᠶ᠎ᠡ ᠦᠵᠡᠭᠦᠯᠵᠦ ᠬᠦᠲᠦᠯᠦᠨ ᠳᠠᠭᠠᠭᠤᠯᠵᠤ᠂ ᠨᠠᠷᠠᠨ ᠤ ᠡᠨᠧᠷᠭᠢ᠂ ᠰᠠᠯᠬᠢᠨ ᠤ ᠡᠨᠧᠷᠭᠢ᠂ ᠴᠠᠬᠢᠯᠭᠠᠨ ᠡᠨᠧᠷᠭᠢ ᠪᠠ ᠠᠮᠢᠳᠤ ᠪᠣᠳᠠᠰ ᠤᠨ ᠬᠡᠢ ᠬᠡᠷᠡᠭᠯᠡᠭᠰᠡᠨ ᠵᠤᠤᠬ᠎ᠠ ᠵᠡᠷᠭᠡ ᠳᠤᠯᠠᠭᠠᠯᠠᠭ᠎ᠠ ᠬᠠᠩᠭᠠᠬᠤ ᠮᠡᠷᠭᠡᠵᠢᠯ ᠢ ᠰᠣᠩᠭᠤᠨ ᠮᠠᠯᠴᠢᠳ ᠤᠨ ᠤᠤᠯ ᠠᠴᠠ ᠭᠡᠷᠡᠭᠯᠡᠵᠦ ᠪᠠᠶᠢᠭᠰᠠᠨ ᠳᠤᠯᠠᠭᠠᠯᠠᠭ᠎ᠠ ᠶᠢᠨ ᠪᠡᠯᠡᠳᠬᠡᠮᠵᠢ ᠲᠠᠢ ᠤᠶᠠᠯᠳᠤᠭᠤᠯᠤᠨ᠂ ᠮᠠᠯᠴᠢᠳ ᠢ ᠬᠦᠲᠦᠯᠦᠨ ᠵᠢᠯᠣᠭᠤᠳᠴᠤ ᠪᠠᠶᠢᠭᠠᠳ ᠲᠡᠳᠡᠨ ᠢ ᠪᠣᠬᠢᠷᠲᠤᠯ ᠦᠭᠡᠢ ᠡᠨᠧᠷᠭᠢ ᠠᠷᠪᠢᠯᠠᠬᠤ ᠦᠵᠡᠯ ᠤᠬᠠᠮᠰᠠᠷ ᠲᠠᠢ ᠪᠣᠯᠭᠠᠨ᠎ᠠ᠂ ᠮᠠᠯᠵᠢᠬᠤ ᠣᠷᠣᠨ ᠤ ᠣᠷᠣᠨ ᠰᠠᠭᠤᠴᠠ ᠳᠤ ᠪᠣᠬᠢᠷᠲᠤᠯ ᠦᠭᠡᠢ ᠲᠤᠯᠠᠭᠠᠯᠠᠭ᠎ᠠ ᠬᠠᠩᠭᠠᠬᠤ ᠲᠠᠯ᠎ᠠ ᠪᠠᠷ ᠬᠢ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠠᠵᠢᠯ ᠢ ᠥᠷᠨᠢᠭᠦᠯᠵᠦ᠂ ᠮᠠᠯᠴᠢᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶      11. ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃      ︵1︶ ᠰᠤᠷᠭᠠᠨ ᠬᠥᠮᠥᠵᠢᠯ ᠤᠨ ᠠᠵᠢᠯ ᠤᠨ ᠲᠠᠯ᠎ᠠ ᠳᠤ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠢᠳᠡᠪᠬᠢᠲᠡᠢ ᠥᠷᠭᠡᠳᠬᠡᠨ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠶᠡᠬᠡᠪᠡᠷ ᠬᠥᠭᠵᠢᠭᠦᠯᠵᠦ᠂ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠪᠤᠶᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠳᠤ ᠦᠢᠯᠡᠴᠢᠯᠡᠬᠦ ᠴᠡᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠣᠬᠢᠷᠠᠬᠤ ᠨᠠᠰᠤᠨ ᠤ ᠬᠡᠦᠬᠡᠳ ᠤᠨ ᠲᠤᠭ᠎ᠠ ᠪᠠ ᠪᠠᠶᠢᠩᠭᠤ ᠰᠠᠭᠤᠭ᠎ᠠ ᠬᠥᠮᠥᠨ ᠠᠮᠠ ᠶᠢᠨ ᠪᠣᠳᠠᠲᠠᠢ ᠶᠢ ᠦᠨᠳᠦᠰᠦᠯᠡᠵᠦ ᠰᠤᠮᠤ ᠰᠢᠶᠠᠩ ᠪᠠᠯᠭᠠᠰᠤ ᠪᠦᠷᠢ ᠨᠢ ᠬᠡᠷᠡᠭᠴᠡᠭᠡ ᠶᠣᠰᠣᠭᠠᠷ ᠢᠶᠠᠨ ᠠᠯᠪᠠᠨ ᠠᠴᠠ ᠡᠷᠬᠢᠯᠡᠭᠰᠡᠨ ᠬᠡᠦᠬᠡᠳ ᠤᠨ ᠭᠤᠣᠯ ᠴᠡᠴᠡᠷᠯᠢᠭ ᠢ ᠰᠠᠶᠢᠲᠤᠷ ᠡᠷᠬᠢᠯᠡᠨ᠎ᠡ᠃ ᠮᠠᠯᠵᠢᠬᠤ ᠣᠷᠣᠨ ᠳᠠᠬᠢ ᠰᠤᠷᠭᠠᠭᠤᠯᠢ ᠨᠤᠭᠤᠳ ᠤᠨ ᠪᠠᠶᠢᠷᠢᠰᠢᠯ ᠢ ᠰᠢᠯᠢᠳᠡᠭᠵᠢᠭᠦᠯᠦᠨ᠂ ᠲᠣᠬᠢᠷᠠᠬᠤ ᠨᠠᠰᠤᠨ ᠤ ᠬᠡᠦᠬᠡᠳ ᠪᠠᠭᠠᠴᠤᠳ ᠤᠨ ᠣᠶᠢᠷ᠎ᠠ ᠬᠠᠪᠢ ᠳᠤ ᠪᠠᠨ ᠰᠠᠶᠢᠨ ᠰᠠᠶᠢᠬᠠᠨ ᠠᠯᠪᠠᠨ ᠵᠢᠷᠤᠮ ᠤᠨ ᠰᠤᠷᠭᠠᠨ ᠬᠥᠮᠥᠵᠢᠯ ᠬᠦᠷᠲᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠮᠠᠯᠵᠢᠬᠤ ᠣᠷᠣᠨ ᠤ ᠪᠠᠭᠰᠢ ᠨᠠᠷ ᠤᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠮᠠᠯᠵᠢᠬᠤ ᠣᠷᠣᠨ ᠤ ᠰᠤᠷᠭᠠᠭᠤᠯᠢ ᠨᠤᠭᠤᠳ ᠢ ᠴᠢᠨᠠᠷ ᠰᠠᠶᠢᠲᠠᠢ ᠰᠤᠷᠭᠠᠨ ᠬᠥᠮᠥᠵᠢᠯ ᠤᠨ ᠡᠬᠢ ᠪᠠᠶᠠᠯᠢᠭ ᠢᠶᠠᠷ ᠬᠠᠮᠣᠷᠣᠭᠤᠯᠬᠤ ᠶᠢ ᠨᠢ ᠠᠬᠢᠭᠤᠯᠤᠨ᠎ᠠ᠃ ᠤᠯᠤᠰ ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠸᠷᠢᠶᠠᠯ ᠢ ᠬᠡᠷᠡᠭᠯᠡᠬᠦ ᠠᠵᠢᠯ ᠢᠶᠠᠨ ᠭᠦᠨᠵᠡᠭᠡᠶᠢᠷᠡᠭᠦᠯᠦᠨ ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠠᠳᠮᠠᠭᠠᠢ ᠡᠵᠡᠮᠰᠢᠵᠦ ᠬᠡᠷᠡᠭᠯᠡᠬᠦ ᠶᠢ ᠠᠬᠢᠭᠤᠯᠤᠨ᠂ ᠲᠡᠳᠡᠨ ᠳᠤ ᠣᠳᠣ ᠦᠶ᠎ᠡ ᠶᠢᠨ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠨᠡᠩ ᠰᠠᠶᠢᠨ ᠬᠦᠷᠲᠡᠭᠡᠵᠦ ᠨᠡᠶᠢᠭᠡᠮ ᠨᠡᠶᠢᠲᠡ ᠯᠦᠭᠡ ᠠᠭᠤᠰᠤᠯᠴᠠᠬᠤ ᠶᠢ ᠨᠢ ᠦᠨᠡᠨ ᠬᠦ ᠪᠠᠲᠤᠯᠠᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠦᠬᠦᠢ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ︶      ︵2︶ ᠡᠷᠡᠭᠦᠯ ᠬᠠᠮᠠᠭᠠᠯᠠᠯ ᠤᠨ ᠠᠵᠢᠯ ᠤᠨ ᠲᠠᠯ᠎ᠠ ᠳᠤ᠃ ᠲᠤᠷᠰᠢᠯᠲᠠ ᠶᠢᠨ ᠴᠡᠭ ᠪᠣᠯᠬᠤ ᠬᠤᠰᠢᠭᠤ ᠶᠢ ᠬᠥᠲᠥᠯᠥᠨ ᠵᠢᠯᠣᠭᠤᠳᠴᠤ ᠪᠠᠶᠢᠭᠠᠳ ᠰᠦᠯᠵᠢᠶᠡᠨ ᠤ ᠪᠠᠶᠢᠷᠢᠰᠢᠯ ᠢ ᠰᠢᠯᠢᠳᠡᠭᠵᠢᠭᠦᠯᠬᠦ᠂ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠬᠦ᠂ ᠬᠠᠮᠢᠶᠠᠷᠤᠯᠲᠠ ᠬᠢᠭᠡᠳ ᠦᠢᠯᠡᠴᠢᠯᠡᠭᠡ ᠶᠢ ᠨᠢᠭᠡ ᠴᠤᠭᠴᠠᠵᠢᠭᠤᠯᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠭᠠᠷᠭᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠶᠢᠨ ᠠᠵᠢᠯ ᠢ ᠥᠷᠨᠢᠭᠦᠯᠦᠨ᠎ᠡ᠃ ᠬᠤᠰᠢᠭᠤ ᠨᠤᠭᠤᠳ ᠤᠨ ᠡᠮᠨᠡᠯᠭᠡ ᠶᠢᠨ ᠬᠤᠷᠢᠶᠠᠨ ᠤ ᠠᠨᠠᠢ ᠪᠠᠶᠢᠭ᠎ᠠ ᠲᠤᠰᠬᠠᠢ ᠰᠠᠯᠠᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠢ ᠠᠯᠬᠤᠮ ᠬᠤᠪᠢᠶᠠᠨ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ᠡᠮᠴᠢᠯᠡᠬᠡᠨ ᠤ ᠬᠤᠯᠪᠣᠭᠠᠲᠤ ᠴᠣᠭᠴᠠ᠂ ᠡᠮᠴᠢᠯᠡᠬᠡᠨ ᠤ ᠬᠠᠮᠲᠤ ᠶᠢᠨ ᠴᠣᠭᠴᠠ ᠵᠢᠴᠢ ᠠᠯᠤᠰ ᠡᠮᠴᠢᠯᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠵᠦ ᠪᠠᠶᠢᠭ᠎ᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠭᠦᠳᠡᠯ ᠦᠢᠯᠡᠴᠢᠯᠡᠭᠡᠨ ᠤ ᠲᠡᠷᠭᠡ ᠪᠠ ᠡᠷᠡᠭᠦᠯ ᠮᠡᠨᠳᠦ ᠶᠢᠨ ᠪᠠᠲᠤᠯᠠᠭ᠎ᠠ ᠶᠢᠨ ︽ᠡᠮ ᠤᠨ ᠵᠢᠵᠢᠭ ᠬᠠᠶᠢᠷᠴᠠᠭ︾ ᠲᠤ ᠲᠦᠰᠢᠭᠯᠡᠨ᠂ ᠨᠡᠭᠦᠳᠡᠯ ᠬᠢᠭᠡᠳ ᠲᠣᠭᠲᠠᠮᠠᠯ ᠢ ᠤᠶᠠᠯᠳᠤᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠤᠰᠢᠭᠤ ᠪᠦᠷᠢ ᠳᠤ ᠮᠣᠩᠭᠤᠯ ᠬᠢᠲᠠᠳ ᠡᠮᠨᠡᠯᠭᠡ ᠶᠢᠨ 1 ᠲᠤᠰᠬᠠᠶ ᠰᠠᠯᠠᠭ᠎ᠠ ︵ᠲᠤᠰᠬᠠᠶ ᠡᠮᠴᠢᠯᠡᠭᠡᠨ ᠤ ᠰᠠᠯᠠᠭ᠎ᠠ︶ ᠶᠢ ᠭᠤᠣᠯᠳᠠᠯᠭ᠎ᠠ ᠲᠠᠢ ᠰᠠᠶᠢᠲᠤᠷ ᠪᠠᠶᠢᠭᠤᠯᠤᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶      ︵3︶ ᠰᠣᠶᠣᠯ ᠤᠨ ᠠᠵᠢᠯ ᠤᠨ ᠲᠠᠯ᠎ᠠ ᠳᠤ᠃ ᠤᠯᠠᠭᠠᠨᠮᠥ᠋ᠴᠢᠷ ᠤᠨ ᠬᠥᠭᠵᠢᠯᠲᠡ ᠶᠢ ᠳᠡᠮᠵᠢᠵᠦ᠂ ᠮᠠᠯᠵᠢᠬᠤ ᠣᠷᠣᠨ ᠤ ᠦᠵᠡᠯ ᠰᠠᠨᠠᠭ᠎ᠠ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠂ ᠮᠠᠯᠵᠢᠬᠤ ᠣᠷᠣᠨ ᠤ ᠰᠣᠶᠣᠯ ᠤᠨ ᠡᠩᠨᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠯᠠᠭᠠᠨᠮᠥ᠋ᠴᠢᠷ ᠤᠨ ᠭᠡᠰᠢᠭᠦᠳ ᠮᠠᠯᠵᠢᠬᠤ ᠣᠷᠣᠨ ᠳᠤ ᠭᠦᠨᠵᠡᠭᠡᠶᠢᠷᠡᠨ ᠤᠬᠠᠭᠤᠯᠵᠤ ᠦᠢᠯᠡᠴᠢᠯᠡᠨ᠂ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ ᠢ ᠭᠠᠴᠠᠭ᠎ᠠ ᠲᠣᠰᠬᠤᠨ᠂ ᠮᠠᠯᠵᠢᠬᠤ ᠡᠷᠦᠬᠡ ᠳᠤ ᠬᠦᠷᠭᠡᠬᠦ ᠶᠢ ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠤᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ︶      ︵4︶ ᠨᠠᠰᠤᠵᠢᠯ ᠤᠨ ᠠᠵᠢᠯ ᠤᠨ ᠲᠠᠯ᠎ᠠ ᠳᠤ᠃ ᠲᠤᠷᠰᠢᠯᠲᠠ ᠶᠢᠨ ᠴᠡᠭ ᠪᠣᠯᠬᠤ ᠬᠤᠰᠢᠭᠤ ᠠᠴᠠ ᠡᠬᠢᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠲᠤᠰᠢᠶᠠᠬᠤ ᠰᠦᠢᠳᠬᠡᠯ ᠤᠨ ᠳᠡᠰ ᠢ ᠳᠡᠭᠡᠭᠰᠢᠯᠡᠭᠦᠯᠵᠦ᠂ ᠰᠦᠢᠳᠬᠡᠯ ᠲᠤᠰᠢᠶᠠᠬᠤ ᠨᠡᠮᠡᠭᠦᠷᠢ ᠶᠢ ᠨᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠷᠦᠬᠡ᠂ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ᠂ ᠣᠨᠴᠠ ᠬᠦᠴᠢᠷᠳᠡᠯᠲᠡᠶ ᠬᠥᠮᠦᠰ᠂ ᠬᠠᠷᠢᠴᠠᠩᠭᠤᠶ ᠶᠠᠳᠠᠭᠤ ᠬᠦᠴᠢᠷᠳᠡᠯᠲᠡᠶ ᠬᠥᠮᠦᠨ ᠠᠮᠠ᠂ ᠬᠦᠨᠳᠦ ᠵᠡᠮᠳᠡᠭ ᠬᠥᠮᠦᠨ ᠵᠡᠷᠭᠡ ᠬᠦᠴᠢᠷᠳᠡᠯᠲᠡᠶ ᠬᠥᠮᠦᠰ ᠤᠨ ᠣᠷᠣᠯᠠᠨ ᠲᠤᠰᠢᠶᠠᠬᠤ ᠲᠤᠭ᠎ᠠ ᠶᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶      12 . ᠰᠠᠭᠤᠷᠢ ᠪᠡᠯᠡᠳᠬᠡᠮᠵᠢ ᠪᠠᠨ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠬᠦ ᠶᠢ ᠠᠬᠢᠭᠤᠯᠤᠨ᠎ᠠ᠃      ︵1︶ ᠤᠤᠭᠤᠬᠤ ᠤᠰᠤᠨ ᠤ ᠠᠵᠢᠯ ᠤᠨ ᠲᠠᠯ᠎ᠠ ᠳᠤ᠃ ᠭᠦᠨ ᠬᠤᠳᠳᠤᠭ ᠮᠠᠯᠲᠠᠬᠤ᠂ ᠦᠨᠳᠦᠰᠦᠨ ᠤᠰᠤ ᠬᠠᠩᠭᠠᠬᠤ ᠬᠤᠳᠳᠤᠭ ᠢ ᠵᠣᠬᠢᠰᠲᠠᠶ ᠪᠠᠬᠢᠯᠡᠬᠦ᠂ ᠬᠤᠭᠤᠯᠠᠶ ᠭᠤᠤᠷᠰᠤ ᠪᠠᠷ ᠤᠰᠤ ᠳᠠᠮᠵᠢᠭᠤᠯᠵᠤ ᠤᠰᠤ ᠬᠠᠩᠭᠠᠬᠤ ᠴᠡᠭ ᠪᠠᠶᠢᠭᠤᠯᠬᠤ᠂ ᠤᠰᠤ ᠬᠠᠳᠠᠭᠠᠯᠠᠬᠤ ᠵᠣᠭᠤᠷᠢ ᠲᠣᠬᠢᠷᠠᠭᠤᠯᠬᠤ᠂ ᠤᠰᠤ ᠬᠦᠷᠭᠡᠬᠦ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠰᠤ ᠬᠡᠴᠡᠭᠦᠦ ᠳᠤᠲᠠᠭᠳᠠᠵᠤ ᠪᠠᠶᠢᠭ᠎ᠠ ᠮᠠᠯᠵᠢᠬᠤ ᠣᠷᠣᠨ ᠳᠠᠬᠢ ᠬᠥᠮᠦᠨ ᠪᠠ ᠮᠠᠯ ᠤᠨ ᠤᠤᠭᠤᠬᠤ ᠤᠰᠤᠨ ᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃ ᠤᠰᠤᠨ ᠤ ᠡᠬᠢ ᠰᠤᠷᠪᠤᠯᠵᠢ ᠪᠠᠷ ᠨᠡᠯᠢᠶᠡᠳ ᠡᠯᠪᠡᠭ ᠪᠠᠶᠢᠭ᠎ᠠ ᠮᠠᠯᠵᠢᠬᠤ ᠣᠷᠣᠨ ᠤ ᠮᠠᠯᠵᠢᠬᠤ ᠡᠷᠦᠬᠡ ᠨᠢ ᠡᠷᠦᠬᠡ ᠳᠤ ᠬᠡᠷᠡᠭᠯᠡᠬᠦ ᠬᠤᠩᠭᠢᠶ᠎ᠠ ᠬᠤᠳᠳᠤᠭ᠂ ᠳᠠᠷᠤᠭᠤᠯ ᠬᠤᠳᠳᠤᠭ᠂ ᠵᠢᠵᠢᠭ ᠬᠡᠯᠪᠡᠷᠢ ᠶᠢᠨ ᠮᠠᠰᠢᠨ ᠴᠠᠬᠢᠯᠭᠠᠨ ᠬᠤᠳᠳᠤᠭ ᠠᠴᠠ ᠤᠰᠤ ᠠᠪᠬᠤ ᠪᠠᠷ ᠭᠤᠣᠯ ᠠᠷᠭ᠎ᠠ ᠮᠠᠶ᠋ᠢᠭ ᠪᠣᠯᠭᠠᠵᠤ᠂ ᠨᠥᠬᠦᠴᠡᠯ ᠲᠠᠢ ᠭᠠᠵᠠᠷ ᠣᠷᠣᠨ ᠨᠢ ︽ᠨᠢᠭᠡ ᠡᠷᠦᠬᠡ ᠳᠤ ᠨᠢᠭᠡ ᠬᠤᠳᠳᠤᠭ︾ ᠲᠠᠢ ᠪᠠᠶᠢᠯᠭᠠᠬᠤ ᠶᠢ ᠪᠠᠲᠤᠯᠠᠨ᠎ᠠ᠃ ᠬᠥᠮᠦᠨ ᠠᠮᠠ ᠬᠠᠷᠢᠴᠠᠩᠭᠤᠶ ᠲᠥᠪᠯᠡᠷᠡᠭᠰᠡᠨ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠨᠢ ᠲᠥᠪᠯᠡᠷᠡᠭᠦᠯᠦᠨ ᠤᠰᠤ ᠬᠠᠩᠭᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠮᠠᠯᠵᠢᠬᠤ ᠣᠷᠣᠨ ᠳᠠᠬᠢ ᠲᠥᠪᠯᠡᠷᠡᠭᠦᠯᠦᠨ ᠤᠰᠤ ᠬᠠᠩᠭᠠᠬᠤ ᠨᠣᠷᠮ᠎ᠠ ᠪᠠ ᠲᠦᠭᠡᠭᠡᠯ ᠤᠰᠤ ᠬᠠᠩᠭᠠᠬᠤ ᠶᠢ ᠲᠦᠭᠡᠮᠡᠯᠵᠢᠭᠦᠯᠬᠦ ᠨᠣᠷᠮ᠎ᠠ ᠶᠢ ᠨᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ︶      ︵2︶ ᠴᠠᠬᠢᠯᠭᠠᠨ ᠬᠦᠴᠦᠨ ᠤ ᠠᠵᠢᠯ ᠤᠨ ᠲᠠᠯ᠎ᠠ ᠳᠤ᠃ ᠲᠤᠷᠰᠢᠯᠲᠠ ᠶᠢᠨ ᠴᠡᠭ ᠪᠣᠯᠬᠤ ᠬᠤᠰᠢᠭᠤ ᠠᠴᠠ ᠡᠬᠢᠯᠡᠨ᠂ ᠮᠠᠯᠵᠢᠬᠤ ᠣᠷᠣᠨ ᠳᠠᠬᠢ ᠬᠥᠳᠡᠭᠡ ᠲᠣᠰᠬᠤᠨ ᠤ ᠴᠠᠬᠢᠯᠭᠠᠨ ᠤ ᠲᠣᠣᠷ ᠢ ᠥᠭᠡᠷᠡᠴᠢᠯᠡᠨ ᠰᠠᠶᠢᠵᠢᠷᠠᠭᠤᠯᠵᠤ ᠳᠡᠰ ᠳᠡᠪᠰᠢᠭᠦᠯᠬᠦ ᠡᠷᠴᠢᠮ ᠢᠶᠠᠨ ᠴᠢᠩᠭᠠᠷᠠᠭᠤᠯᠵᠤ᠂ ᠴᠠᠬᠢᠯᠭᠠᠨ ᠤ ᠲᠣᠣᠷ ᠰᠢᠯᠵᠢᠭᠦᠯᠬᠦ ᠨᠥᠬᠦᠴᠡᠯ ᠪᠦᠷᠢᠯᠳᠦᠭᠦᠯᠦᠭᠰᠡᠨ ᠮᠠᠯᠵᠢᠬᠤ ᠡᠷᠦᠬᠡ ᠳᠤ ᠴᠥᠮ ᠲᠣᠣᠷ ᠢᠶᠠᠷ ᠴᠠᠬᠢᠯᠭᠠᠨ ᠨᠡᠪᠲᠡᠷᠡᠭᠦᠯᠵᠦ᠂ 2 ᠺᠢᠯᠣᠸᠠᠲ ᠠᠴᠠ ᠳᠣᠷᠣᠭᠰᠢᠬᠢ ᠨᠠᠷᠠ ᠪᠠ ᠰᠠᠯᠬᠢᠨ ᠤ ᠡᠨᠧᠷᠭᠢ ᠪᠠᠷ ᠴᠠᠬᠢᠯᠭᠠᠨ ᠭᠠᠷᠭᠠᠬᠤ ᠶᠢ ᠬᠠᠷᠢᠯᠴᠠᠨ ᠨᠥᠬᠦᠪᠦᠷᠢᠯᠡᠭᠦᠯᠬᠦ ᠰᠢᠨ᠎ᠡ ᠡᠨᠧᠷᠭᠢ ᠬᠡᠷᠡᠭᠯᠡᠭᠰᠡᠨ ᠮᠥᠷᠲᠡᠭᠡᠨ ᠲᠡᠭᠦᠨ ᠢ ᠪᠠᠨ ᠳᠡᠰ ᠳᠡᠪᠰᠢᠭᠦᠯᠬᠦ ᠬᠦᠰᠡᠯ ᠲᠠᠢ ᠮᠠᠯᠵᠢᠬᠤ ᠡᠷᠦᠬᠡ ᠤᠨ ᠳᠡᠰ ᠢ ᠨᠢ 2 ᠺᠢᠯᠣᠸᠠᠲ ᠪᠣᠯᠭᠠᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠴᠠᠬᠢᠯᠭᠠᠨ ᠬᠦᠴᠦᠨ ﹇ᠪᠦᠯᠦᠭᠯᠡᠯ﹈ ᠤ ᠬᠢᠵᠠᠭᠠᠷᠲᠤ ᠺᠣᠮᠫᠠᠨᠢ᠂ ᠤᠯᠤᠰ ᠤᠨ ᠴᠠᠬᠢᠯᠭᠠᠨ ᠤ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ︶      ︵3︶ ᠵᠠᠮ ᠤᠨ ᠠᠵᠢᠯ ᠤᠨ ᠲᠠᠯ᠎ᠠ ᠳᠤ᠃ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠲᠤᠬᠠᠶ ᠶᠢᠨ ᠭᠠᠵᠠᠷ ᠤᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠨᠡᠪᠲᠡᠷᠡᠭᠦᠯᠬᠦ ᠴᠢᠳᠠᠪᠤᠷᠢ ᠪᠠ ᠦᠢᠯᠡᠴᠢᠯᠡᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠵᠤ ᠬᠠᠮᠢᠶᠠᠷᠬᠤ ᠠᠵᠢᠯ ᠢᠶᠠᠨ ᠴᠢᠩᠭᠠᠳᠬᠠᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ︶      ︵4︶ ᠴᠢᠮᠡᠭᠡ ᠬᠤᠯᠪᠣᠭᠠᠨ ᠤ ᠠᠵᠢᠯ ᠤᠨ ᠲᠠᠯ᠎ᠠ ᠳᠤ᠃ ᠥᠪᠡᠷᠲᠡᠭᠡᠨ ᠵᠠᠰᠠᠬᠤ ᠣᠷᠣᠨ ᠠᠴᠠ ᠪᠠᠯᠠ ᠣᠷᠣᠭᠤᠯᠵᠤ ᠨᠡᠮᠡᠭᠦᠷᠢ ᠥᠭᠬᠦ ᠠᠷᠭ᠎ᠠ ᠶᠢ ᠬᠡᠷᠡᠭᠯᠡᠨ᠂ ᠣᠶᠣᠨᠯᠢᠭ ᠷᠠᠳᠢᠣ᠋ ᠲᠧᠯᠸᠢᠰ ᠤᠨ ᠥᠷᠭᠡᠨ ᠪᠦᠰᠡᠲᠦ ᠰᠦᠯᠵᠢᠶᠡᠨ ᠤ ᠬᠠᠮᠤᠷᠬᠤ ᠪᠠ ᠦᠢᠯᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠤᠯᠤᠰ ᠤᠨ ᠴᠠᠬᠢᠯᠭᠠᠨ ᠬᠤᠯᠪᠣᠭᠠᠨ ᠤ ᠨᠡᠶᠢᠳᠡᠮ ᠦᠢᠯᠡᠴᠢᠯᠡᠭᠡᠨ ᠤ ᠲᠤᠷᠰᠢᠯᠲᠠ ᠶᠢᠨ ᠴᠡᠭ ᠪᠣᠯᠬᠤ ᠲᠥᠷᠥᠯ ᠵᠦᠢᠯ ᠳᠤ ᠲᠦᠰᠢᠭᠯᠡᠨ᠂ ᠣᠶᠣᠨᠯᠢᠭ ᠷᠠᠳᠢᠤ᠋ ᠲᠧᠯᠸᠢᠰ ᠤᠨ ᠰᠦᠯᠵᠢᠶᠡᠨ ᠤ ᠦᠢᠯᠡᠴᠢᠯᠡᠭᠡᠨ ᠢ ᠲᠣᠰᠬᠤᠨ ᠪᠠ ᠡᠷᠦᠬᠡ ᠳᠤ ᠣᠷᠣᠭᠤᠯᠬᠤ ᠢᠨᠵᠧᠨᠧᠷᠢᠩ ᠤᠨ ᠪᠠᠷᠢᠮᠵᠢᠶ᠎ᠠ ᠶᠣᠰᠣᠭᠠᠷ᠂ ᠮᠠᠯᠵᠢᠬᠤ ᠣᠷᠣᠨ ᠳᠤ ᠲᠦᠮᠡᠨ ᠰᠠᠶᠠᠲᠤ ᠰᠦᠯᠵᠢᠶ᠎ᠡ ᠶᠢ ᠬᠤᠰᠢᠭᠤ᠂ ᠮᠢᠩᠭᠠᠨ ᠰᠠᠶᠠᠲᠤ ᠰᠦᠯᠵᠢᠶ᠎ᠡ ᠶᠢ ᠰᠤᠮᠤ ᠰᠢᠶᠠᠩ ᠪᠠᠯᠭᠠᠰᠤ᠂ ᠵᠠᠭᠤᠨ ᠰᠠᠶᠠᠲᠤ ᠰᠦᠯᠵᠢᠶ᠎ᠡ ᠶᠢ ᠭᠠᠴᠠᠭ᠎ᠠ ᠲᠣᠰᠬᠤᠨ ᠳᠤ ᠣᠷᠣᠭᠤᠯᠤᠭᠰᠠᠨ ᠤᠲᠠᠰᠤᠲᠤ ᠰᠦᠯᠵᠢᠶ᠎ᠡ ᠪᠠ ᠷᠠᠳᠢᠤ᠋ ᠲᠧᠯᠸᠢᠰ ᠤᠨ ᠨᠡᠶᠢᠳᠡᠮ ᠬᠠᠮᠤᠷᠬᠤ ᠶᠢ ᠪᠡᠶᠡᠯᠡᠭᠦᠯᠦᠨ᠎ᠡ᠃ ᠣᠶᠣᠨᠯᠢᠭ ᠷᠠᠳᠢᠣ᠋ ᠲᠧᠯᠸᠢᠰ ᠤᠨ ᠰᠦᠯᠵᠢᠶ᠎ᠡ ᠬᠢᠭᠡᠳ ᠢᠨᠲ᠋ᠧᠷ ᠰᠦᠯᠵᠢᠶ᠎ᠡ ᠶᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠣᠯᠭᠠᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠲᠡᠶᠢᠰᠢ ᠤᠷᠲᠤᠳᠬᠠᠬᠤ ᠶᠢ ᠠᠬᠢᠭᠤᠯᠤᠨ᠂ ᠣᠯᠠᠨ ᠨᠡᠶᠢᠲᠡ ᠶᠢᠨ ᠦᠨᠳᠦᠰᠦᠨ ᠰᠣᠶᠣᠯ ᠤᠨ ᠠᠭᠤᠯᠭ᠎ᠠ ᠶᠢ ᠦᠵᠡᠭᠦᠯᠬᠦ᠂ ᠣᠯᠠᠨ ᠨᠡᠶᠢᠲᠡ ᠶᠢᠨ ᠠᠮᠤᠷ ᠲᠦᠪᠰᠢᠨ᠂ ᠵᠠᠰᠠᠭ ᠤᠨ ᠶᠠᠪᠤᠳᠠᠯ ᠤᠨ ᠠᠵᠢᠯ᠂ ᠰᠤᠷᠭᠠᠨ ᠬᠥᠮᠦᠵᠢᠯ ᠰᠣᠶᠣᠯ᠂ ᠡᠮᠴᠢᠯᠡᠭᠡ ᠡᠷᠡᠭᠦᠯ ᠬᠠᠮᠠᠭᠠᠯᠠᠯ᠂ ᠨᠡᠶᠢᠭᠡᠮ ᠤᠨ ᠵᠠᠰᠠᠯᠲᠠ᠂ ᠸᠢᠳᠢᠤ᠋ ᠪᠠᠷ ᠬᠤᠷᠠᠯ ᠪᠣᠯᠪᠠᠰᠤᠷᠠᠯ ᠬᠢᠬᠦ᠂ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢᠶᠠᠨ ᠳᠣᠭᠢᠷᠠᠭᠤᠯᠬᠤ᠂ ᠡᠭᠦᠯᠡᠨᠴᠡᠷ ᠸᠢᠳᠢᠤ᠋ ᠪᠠᠷ ᠬᠢᠨᠠᠨ ᠬᠠᠮᠢᠶᠠᠷᠴᠤ ᠬᠢᠨᠠᠨ ᠡᠵᠡᠮᠳᠡᠬᠦ ᠵᠡᠷᠭᠡ ᠶᠢ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠡᠳᠡᠭᠡᠷ ᠬᠠᠮᠤᠭ ᠤᠨ ᠦᠨᠳᠦᠰᠦᠨ ᠱᠠᠲᠤ ᠲᠡᠶᠢᠰᠢ ᠤᠷᠲᠤᠳᠬᠠᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠮᠠᠯᠵᠢᠬᠤ ᠡᠷᠦᠬᠡ ᠶᠢᠨ ᠭᠡᠷ ᠪᠦᠯᠢ ᠶᠢ ᠬᠠᠮᠤᠷᠤᠭᠰᠠᠨ ᠪᠦᠬᠦᠯᠢ ᠴᠣᠭᠴᠠ ᠪᠠᠷ ᠬᠠᠮᠲᠤᠷᠠᠨ ᠬᠥᠳᠡᠯᠦᠯᠴᠡᠬᠦ᠂ ᠰᠠᠯᠠᠭ᠎ᠠ ᠮᠥᠴᠢᠷ ᠬᠠᠮᠵᠢᠯᠴᠠᠬᠤ᠂ ᠨᠢᠭᠡ ᠰᠦᠯᠵᠢᠶ᠎ᠡ ᠪᠠᠷ ᠭᠦᠢᠴᠡᠳᠬᠡᠬᠦ ᠮᠡᠷᠭᠡᠵᠢᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ᠃ ᠲᠣᠤᠷ ᠢᠶᠠᠷ ᠴᠠᠬᠢᠯᠭᠠᠨ ᠬᠠᠩᠭᠠᠬᠤ ᠪᠤᠶᠤ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠡᠨᠧᠷᠭᠢ ᠶᠢᠨ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠣᠰᠣᠭᠠᠷ᠂ ᠨᠠᠷᠠ ᠪᠠ ᠰᠠᠯᠬᠢᠨ ᠤ ᠡᠨᠧᠷᠭᠢ ᠪᠠᠷ ᠴᠠᠬᠢᠯᠭᠠᠨ ᠭᠠᠷᠭᠠᠬᠤ ᠶᠢ ᠬᠠᠷᠢᠯᠴᠠᠨ ᠨᠥᠬᠦᠪᠥᠷᠢᠯᠡᠬᠦ ᠠᠷᠭ᠎ᠠ ᠮᠠᠶ᠋ᠢᠭ ᠢ ᠠᠰᠢᠭᠯᠠᠨ ᠷᠠᠳᠢᠣ᠋ ᠴᠢᠮᠡᠭᠡ ᠬᠤᠯᠪᠣᠭ᠎ᠠ ᠵᠢᠴᠢ 4G ᠰᠠᠭᠤᠷᠢ ᠥᠷᠲᠡᠭᠡ ᠳᠤ ᠴᠠᠬᠢᠯᠭᠠᠨ ᠬᠠᠩᠭᠠᠬᠤ ᠠᠰᠠᠭᠤᠳᠠᠯ ᠢ ᠰᠢᠢᠳᠪᠦᠷᠢᠯᠡᠨ᠎ᠡ᠃ ᠮᠠᠯᠵᠢᠬᠤ ᠣᠷᠣᠨ ᠳᠠᠬᠢ ᠣᠶᠣᠨᠯᠢᠭ ᠷᠠᠳᠢᠤ᠋ ᠲᠧᠯᠸᠢᠰ ᠤᠨ ᠥᠷᠭᠡᠨ ᠪᠦᠰᠡᠲᠦ ᠰᠦᠯᠵᠢᠶ᠎ᠡ ᠪᠠᠷ ᠬᠠᠮᠤᠷᠬᠤ ᠬᠢᠭᠡᠳ ᠦᠢᠯᠡᠴᠢᠯᠡᠭᠡᠨ ᠤ ᠢᠨᠵᠧᠨᠧᠷᠢᠩ ᠤᠨ ᠲᠥᠷᠥᠯ ᠵᠦᠢᠯ ᠢ ᠪᠥᠳᠥᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠮᠠᠯᠵᠢᠬᠤ ᠣᠷᠣᠨ ᠤ ᠣᠳᠣᠬᠢᠴᠢᠯᠠᠭᠰᠠᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠳᠡᠯᠭᠡᠷᠡᠭᠦᠯᠬᠦ ᠪᠠ ᠲᠦᠭᠡᠮᠡᠯᠵᠢᠭᠦᠯᠬᠦ ᠳᠤ ᠬᠦᠴᠦᠨ ᠨᠡᠮᠡᠷᠢᠯᠡᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ᠂ ᠥᠪᠥᠷ ᠮᠣᠩᠭᠤᠯ ᠤᠨ ᠴᠢᠮᠡᠭᠡ ᠬᠤᠯᠪᠤᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ︶᠃      ︵5︶ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯ ᠤᠨ ᠲᠠᠯ᠎ᠠ ᠳᠤ᠃ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠵᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠪᠠᠶᠢᠭᠤᠯᠬᠤ ᠪᠠᠷ ᠭᠤᠶᠤᠴᠢᠯᠠᠭᠰᠠᠨ ᠲᠤᠷᠰᠢᠯᠲᠠ ᠶᠢᠨ ᠴᠡᠭ ᠪᠣᠯᠬᠤ ᠬᠤᠰᠢᠭᠤ ᠨᠤᠭᠤᠳ ᠤᠨ ᠭᠤᠶᠤᠴᠢᠯᠠᠯ ᠢ ᠨᠢ ᠤᠷᠢᠳ ᠢᠶᠠᠷ ᠳᠡᠮᠵᠢᠵᠦ᠂ ᠲᠤᠷᠰᠢᠯᠲᠠ ᠶᠢᠨ ᠴᠡᠭ ᠪᠣᠯᠬᠤ ᠬᠤᠰᠢᠭᠤ ᠶᠢ ᠵᠢᠭᠠᠨ ᠵᠢᠯᠣᠭᠤᠳᠴᠤ ᠪᠠᠶᠢᠭᠠᠳ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠨᠢ ᠴᠢᠩᠭᠠᠳᠬᠠᠨ᠂ ᠲᠤᠷᠰᠢᠯᠲᠠ ᠶᠢᠨ ᠴᠡᠭ ᠪᠣᠯᠬᠤ ᠬᠤᠰᠢᠭᠤ ᠨᠤᠭᠤᠳ ᠤᠨ ᠡᠯᠧᠺᠲᠷᠣᠨ ᠬᠤᠳᠠᠯᠳᠤᠭᠠᠨ ᠤ ᠡᠵᠡᠩᠨᠡᠬᠦ ᠠᠵᠢᠯᠯᠠᠭᠠᠨ ᠤ ᠲᠣᠭᠲᠠᠯᠴᠠᠭ᠎ᠠ᠂ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠪᠠᠶᠢᠭᠤᠯᠬᠤ ᠶᠢ ᠨᠢ ᠠᠬᠢᠭᠤᠯᠵᠤ᠂ ︽ᠬᠤᠶᠠᠷ ᠲᠥᠪ ᠨᠢᠭᠡ ᠥᠷᠲᠡᠭᠡ ᠴᠡᠭ︾ ᠤᠨ ᠵᠥᠭᠡᠯᠡᠨ ᠪᠠ ᠬᠠᠲᠠᠭᠤ ᠬᠡᠷᠡᠭᠰᠡᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠲᠤᠬᠠᠶ ᠶᠢᠨ ᠭᠠᠵᠠᠷ ᠤᠨ ᠣᠨᠴᠠᠯᠢᠭ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠴᠢᠨᠠᠷ ᠳᠡᠰ ᠲᠠᠢ ᠪᠥᠭᠡᠳ ᠦᠨ᠎ᠡ ᠥᠷᠲᠡᠭ ᠲᠠᠢ ᠪᠣᠷᠣᠯᠠᠭᠤᠯᠬᠤ ᠳᠤ ᠬᠦᠴᠦᠨ ᠨᠡᠮᠡᠷᠢᠯᠡᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶      13 . ᠮᠠᠯᠵᠢᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠤᠨ ᠴᠡᠭᠴᠡᠯᠡᠨ ᠵᠠᠰᠠᠯᠲᠠ ᠶᠢ ᠠᠬᠢᠭᠤᠯᠤᠨ᠎ᠠ᠃     ︵1︶ ᠵᠣᠷᠯᠣᠩ ᠢ ᠥᠭᠡᠷᠡᠴᠢᠯᠡᠨ ᠰᠢᠨᠡᠳᠬᠡᠬᠦ ᠠᠵᠢᠯ ᠤᠨ ᠲᠠᠯ᠎ᠠ ᠳᠤ᠃ ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠮᠠᠯᠴᠢᠳ ᠰᠠᠶᠢᠨ ᠳᠤᠷ᠎ᠠ ᠠᠴᠠ ᠪᠠᠨ ᠪᠠᠶᠢᠬᠤ ᠶᠢ ᠪᠠᠷᠢᠮᠲᠠᠯᠠᠵᠤ᠂ ᠵᠣᠷᠯᠣᠩ ᠢ ᠥᠭᠡᠷᠡᠴᠢᠯᠡᠨ ᠰᠢᠨᠡᠳᠬᠡᠬᠦ ᠠᠵᠢᠯ ᠤᠨ ᠪᠣᠯᠪᠠᠰᠤᠷᠠᠩᠭᠤᠶ ᠪᠣᠯᠣᠭᠰᠠᠨ ᠵᠠᠭᠪᠤᠷ ᠢ ᠳᠡᠯᠭᠡᠷᠡᠭᠦᠯᠦᠨ᠂ 2020 ᠣᠨ ᠪᠣᠯᠬᠤ ᠳᠤ ᠡᠷᠦᠬᠡ ᠶᠢᠨ ᠠᠷᠢᠭᠤᠨ ᠴᠡᠪᠡᠷ ᠤᠨ ᠵᠣᠷᠯᠣᠩ ᠤᠨ ᠲᠦᠭᠡᠮᠡᠯᠵᠢᠭᠰᠡᠨ ᠨᠣᠷᠮ᠎ᠠ ᠶᠢ 32% ᠲᠤ ᠬᠦᠷᠭᠡᠵᠦ᠂ 2022 ᠣᠨ ᠪᠣᠯᠬᠤ ᠳᠤ ᠡᠷᠦᠬᠡ ᠶᠢᠨ ᠠᠷᠢᠭᠤᠨ ᠴᠡᠪᠡᠷ ᠤᠨ ᠵᠣᠷᠯᠣᠩ ᠪᠠᠶᠢᠭᠤᠯᠬᠤ ᠬᠦᠰᠡᠯ ᠲᠠᠢ ᠮᠠᠯᠵᠢᠬᠤ ᠡᠷᠦᠬᠡ ᠪᠦᠬᠦᠨ ᠳᠤ ᠡᠷᠦᠬᠡ ᠶᠢᠨ ᠠᠷᠢᠭᠤᠨ ᠴᠡᠪᠡᠷ ᠤᠨ ᠵᠣᠷᠯᠣᠩ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶      ︵2︶ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠠᠵᠢᠯ ᠤᠨ ᠲᠠᠯ᠎ᠠ ᠳᠤ᠃ ᠬᠤᠭ ᠨᠣᠪᠰᠢ ᠶᠢ ᠲᠦᠷᠦᠯ ᠬᠤᠪᠢᠶᠠᠨ ᠢᠷᠡᠯᠲᠡ ᠠᠴᠠ ᠨᠢ ᠪᠠᠭᠠᠰᠬᠠᠬᠤ ᠶᠢ ᠢᠳᠡᠪᠬᠢᠲᠡᠢ ᠠᠬᠢᠭᠤᠯᠵᠤ᠂ ᠬᠤᠭ ᠨᠣᠪᠰᠢ ᠶᠢ ᠬᠤᠷᠢᠶᠠᠨ ᠠᠪᠴᠤ ᠵᠥᠭᠡᠭᠡᠨ ᠲᠡᠭᠡᠭᠡᠪᠦᠷᠢᠯᠡᠬᠦ ᠪᠡᠯᠡᠳᠬᠡᠮᠵᠢ ᠪᠠ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠭᠰᠡᠨ ᠬᠤᠭ ᠨᠣᠪᠰᠢ ᠰᠢᠲᠠᠭᠠᠬᠤ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ 2022 ᠣᠨ ᠤ ᠰᠡᠭᠦᠯᠴᠢ ᠪᠣᠯᠬᠤ ᠳᠤ᠂ ᠮᠠᠯᠵᠢᠬᠤ ᠣᠷᠣᠨ ᠤ ᠣᠨᠴᠠᠯᠢᠭ ᠲᠤ ᠲᠣᠬᠢᠷᠠᠭᠰᠠᠨ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠠᠪᠴᠤ ᠵᠥᠭᠡᠭᠡᠨ ᠲᠡᠭᠡᠭᠡᠪᠦᠷᠢᠯᠡᠵᠦ ᠰᠢᠢᠳᠪᠦᠷᠢᠯᠡᠬᠦ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠤᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶      ︵3︶ ᠮᠠᠯ ᠵᠢᠭᠦᠷᠲᠡᠨ ᠤ ᠰᠢᠭᠡᠭ ᠰᠠᠩᠭᠠᠰᠤ ᠶᠢ ᠰᠢᠢᠳᠪᠦᠷᠢᠯᠡᠬᠦ ᠠᠵᠢᠯ ᠤᠨ ᠲᠠᠯ᠎ᠠ ᠳᠤ᠃ ᠮᠠᠯᠵᠢᠬᠤ ᠣᠷᠣᠨ ᠤ ᠣᠨᠴᠠᠯᠢᠭ ᠲᠤ ᠨᠡᠶᠢᠴᠡᠭᠰᠡᠨ ᠰᠢᠭᠡᠭ ᠰᠠᠩᠭᠠᠰᠤ ᠰᠢᠢᠳᠪᠦᠷᠢᠯᠡᠬᠦ ᠠᠷᠭ᠎ᠠ ᠬᠡᠯᠪᠡᠷᠢ ᠶᠢ ᠰᠣᠩᠭᠤᠵᠤ᠂ 2022 ᠣᠨ ᠪᠣᠯᠬᠤ ᠳᠤ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠰᠢᠭᠡᠭ ᠰᠠᠩᠭᠠᠰᠤ ᠰᠢᠢᠳᠪᠦᠷᠢᠯᠡᠬᠦ ᠪᠡᠯᠡᠳᠬᠡᠮᠵᠢ ᠲᠦᠬᠦᠷᠵᠢᠭᠦᠯᠦᠭᠰᠡᠨ ᠨᠣᠷᠮ᠎ᠠ ᠶᠢ 100% ᠪᠣᠯᠭᠠᠨ᠂ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 78% ᠠᠴᠠ ᠳᠠᠪᠠᠭᠤᠯᠤᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      ︵ᠳᠥᠷᠪᠡ︶ ᠪᠠᠶᠢᠭᠤᠯᠤᠯ ᠲᠣᠭᠲᠠᠴᠠ ᠶᠢᠨ ᠰᠢᠨ᠎ᠡ ᠡᠭᠦᠳᠦᠯᠲᠡ ᠶᠢ ᠠᠬᠢᠭᠤᠯᠤᠨ᠎ᠠ᠃      14. ᠬᠠᠮᠲᠤ ᠶᠢᠨ ᠦᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠤᠨ᠎ᠠ᠃ ᠨᠤᠲᠤᠭ ᠪᠡᠯᠴᠢᠭᠡᠷ ᠤᠨ ᠡᠷᠬᠡ ᠶᠢ ᠲᠣᠳᠣᠯᠠᠨ ᠲᠣᠭᠲᠠᠭᠠᠵᠤ ᠳᠠᠭᠠᠭᠠᠴᠢᠯᠠᠭᠤᠯᠬᠤ ᠠᠵᠢᠯ ᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠬᠤᠷᠰᠢᠶᠠᠵᠢᠯ ᠤᠨ ᠭᠡᠰᠢᠭᠦᠳ ᠤᠨ ᠪᠡᠶ᠎ᠡ ᠶᠢᠨ ᠭᠠᠷᠤᠯ ᠢ ᠨᠤᠲᠠᠯᠠᠬᠤ᠂ ᠡᠳ᠋ ᠬᠥᠷᠥᠩᠭᠡ ᠶᠢ ᠬᠤᠪᠢ ᠣᠷᠣᠭᠤᠯᠤᠭᠰᠠᠨ ᠢᠶᠠᠷ ᠨᠤᠭᠤᠯᠤᠨ ᠪᠤᠳᠤᠵᠤ ᠲᠤᠭ᠎ᠠ ᠨᠣᠷᠮ᠎ᠠ ᠶᠢ ᠨᠢ ᠲᠣᠭᠲᠠᠭᠠᠬᠤ᠂ ᠬᠠᠮᠲᠤ ᠶᠢᠨ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶᠠᠵᠢᠯ ᠪᠤᠶᠤ ᠬᠠᠮᠲᠤ ᠶᠢᠨ ᠠᠵᠤ ᠠᠬᠤᠶ ᠶᠢᠨ ᠬᠤᠷᠰᠢᠶᠠᠵᠢᠯ ᠪᠠᠶᠢᠭᠤᠯᠬᠤ ᠶᠢ ᠠᠬᠢᠭᠤᠯᠬᠤ ᠵᠡᠷᠭᠡ ᠠᠵᠢᠯ ᠢ ᠵᠢᠷᠤᠮᠵᠢᠭᠤᠯᠤᠨ ᠥᠷᠨᠢᠭᠦᠯᠦᠨ᠎ᠡ᠃ 2020 ᠣᠨ ᠪᠣᠯᠬᠤ ᠳᠤ᠂ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠣᠨ ᠤ ᠡᠵᠡᠩᠨᠡᠯᠲᠡ ᠶᠢᠨ ᠴᠢᠨᠠᠷᠲᠠᠶ ᠣᠷᠣᠯᠭ᠎ᠠ ᠨᠢ 5 ᠲᠦᠮᠡᠨ ᠲᠥᠭᠦᠷᠢᠭ ᠠᠴᠠ ᠪᠠᠭ᠎ᠠ ᠪᠠᠶᠢᠭ᠎ᠠ ᠬᠠᠮᠲᠤ ᠶᠢᠨ ᠠᠵᠤ ᠠᠬᠤᠶ ᠪᠠᠷ ᠪᠠᠭᠤᠷᠠᠶ ᠭᠠᠴᠠᠭ᠎ᠠ ᠲᠣᠰᠬᠤᠨ ᠪᠦᠬᠦᠨ ᠢ ᠢᠯᠭᠠᠷᠠᠭᠤᠯᠵᠤ ᠬᠠᠰᠤᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶      15 . ᠮᠠᠯᠵᠢᠬᠤ ᠣᠷᠣᠨ ᠤ ᠪᠣᠳᠠᠲᠠᠢ ᠲᠠᠢ ᠨᠡᠶᠢᠴᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠯᠴᠠᠭ᠎ᠠ ᠶᠢᠨ ᠲᠦᠯᠦᠪᠰᠢᠷᠡᠯ ᠢ ᠪᠠᠶᠢᠭᠤᠯᠤᠨ᠎ᠠ᠃ ᠭᠤᠷᠪᠠᠳᠠᠬᠢ ᠡᠲᠡᠭᠡᠳ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ ᠬᠦᠴᠦᠲᠡᠢ ᠲᠡᠳᠬᠦᠵᠦ᠂ ᠠᠮᠢᠲᠠᠨ ᠤ ᠬᠢᠵᠢᠭ ᠰᠡᠷᠭᠡᠶᠢᠯᠡᠬᠦ ᠠᠵᠢᠯ ᠳᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠶᠢ ᠢᠳᠡᠪᠬᠢᠲᠡᠶ ᠬᠡᠷᠡᠭᠵᠢᠭᠦᠯᠦᠨ᠂ ᠣᠨᠣᠰᠢᠯᠠᠵᠤ ᠡᠮᠨᠡᠬᠦ᠂ ᠮᠠᠯ ᠤᠨ ᠡᠮ ᠪᠣᠷᠣᠯᠠᠭᠤᠯᠬᠤ᠂ ᠠᠷᠢᠭᠤᠳᠬᠠᠵᠤ ᠡᠮ ᠢᠶᠠᠷ ᠤᠬᠢᠶᠠᠬᠤ ᠪᠠ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠯᠭᠡᠬᠦ᠂ ᠭᠠᠷ ᠬᠡᠭᠡᠯᠲᠦᠭᠦᠯᠭᠡ ᠬᠢᠬᠦ᠂ ᠪᠣᠷᠳᠣᠨ ᠲᠡᠵᠢᠭᠡᠵᠦ ᠬᠠᠮᠢᠶᠠᠷᠬᠤ ᠵᠡᠷᠭᠡ ᠦᠢᠯᠡᠳᠪᠦᠷᠢᠯᠡᠯ ᠤᠨ ᠮᠡᠷᠭᠡᠵᠢᠯ ᠢ ᠳᠡᠯᠭᠡᠷᠡᠭᠦᠯᠬᠦ ᠵᠢᠴᠢ ᠡᠪᠡᠰᠦ ᠬᠠᠳᠤᠵᠤ ᠬᠤᠷᠢᠶᠠᠨ ᠬᠠᠳᠠᠭᠠᠯᠠᠬᠤ᠂ ᠲᠡᠵᠢᠭᠡᠯ ᠡᠪᠡᠰᠦ ᠪᠣᠷᠳᠤᠭ᠎ᠠ ᠶᠢ ᠲᠣᠬᠢᠷᠠᠭᠤᠯᠤᠨ ᠬᠦᠷᠭᠡᠬᠦ ᠵᠡᠷᠭᠡ ᠡᠯ᠎ᠡ ᠲᠥᠷᠥᠯ ᠤᠨ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠢ ᠥᠷᠨᠢᠭᠦᠯᠵᠦ᠂ 3 ᠵᠢᠯ ᠤᠨ ᠳᠣᠲᠣᠷ᠎ᠠ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠯᠴᠠᠭ᠎ᠠ ᠶᠢᠨ ᠲᠥᠯᠥᠪᠰᠢᠷᠡᠯ ᠢ ᠦᠨᠳᠦᠰᠦᠨ ᠳᠤ ᠪᠠᠨ ᠪᠠᠶᠢᠭᠤᠯᠤᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶      ︵ᠲᠠᠪᠤ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠨ᠎ᠠ᠃      16 . ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠵᠤ ᠬᠥᠭᠵᠢᠭᠦᠯᠦᠨ ᠪᠠᠳᠠᠷᠠᠭᠤᠯᠤᠨ᠎ᠠ᠃ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠬᠥᠲᠥᠯᠥᠨ ᠤᠳᠤᠷᠢᠳᠤᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠮᠡᠳᠡᠷᠡᠮᠵᠢ ᠶᠢ ᠲᠠᠰᠤᠷᠠᠯᠲᠠ ᠥᠬᠡᠶ ᠨᠡᠮᠡᠭᠳᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠨ᠎ᠠ᠃ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠦᠲᠦᠭᠡᠯᠴᠢ ᠴᠢᠨᠠᠷᠲᠠᠶ ᠤᠯᠠᠷᠢᠭᠤᠯᠬᠤ᠂ ᠰᠢᠨ᠎ᠡ ᠡᠭᠦᠳᠦᠯᠲᠡ ᠲᠠᠢ ᠬᠥᠭᠵᠢᠭᠦᠯᠬᠦ ᠶᠢ ᠪᠠᠷᠢᠮᠲᠠᠯᠠᠨ᠂ ᠲᠠᠯ᠎ᠠ ᠨᠤᠲᠤᠭ ᠤᠨ ᠰᠣᠶᠣᠯ ᠤᠨ ᠥᠪ ᠢᠶᠠᠨ ᠤᠬᠠᠭᠤᠯᠤᠨ ᠲᠠᠨᠢᠯᠴᠠᠭᠤᠯᠬᠤ ᠡᠷᠴᠢᠮ ᠢ ᠴᠢᠩᠭᠠᠷᠠᠭᠤᠯᠵᠤ᠂ ᠤᠯᠠᠮᠵᠢᠯᠠᠯᠲᠤ ᠲᠠᠯ᠎ᠠ ᠨᠤᠲᠤᠭ ᠤᠨ ᠰᠢᠯᠢᠳᠡᠭ ᠰᠣᠶᠣᠯ ᠢ ᠭᠦᠢᠴᠡᠳ ᠠᠭᠤᠳᠠᠯᠬᠤ ᠪᠥᠭᠡᠳ ᠪᠠᠳᠠᠷᠠᠭᠤᠯᠤᠨ᠎ᠠ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ︶      17 . ᠮᠠᠯᠵᠢᠬᠤ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠮᠠᠯᠵᠢᠬᠤ ᠣᠷᠣᠨ ᠳᠠᠬᠢ ᠪᠠᠶᠠᠯᠢᠭ ᠰᠠᠶᠢᠬᠠᠨ ᠪᠠᠶᠢᠭᠠᠯᠢ ᠪᠠ ᠬᠥᠮᠦᠨ ᠨᠡᠶᠢᠭᠡᠮ ᠤᠨ ᠡᠬᠢ ᠪᠠᠶᠠᠯᠢᠭ ᠲᠤ ᠲᠦᠰᠢᠭᠯᠡᠨ᠂ ᠮᠠᠯᠵᠢᠬᠤ ᠣᠷᠣᠨ ᠤ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠲᠡᠳᠬᠦᠨ ᠪᠠᠶᠢᠭᠤᠯᠵᠤ᠂ ᠨᠡᠭᠦᠳᠡᠯ ᠰᠣᠶᠣᠯ ᠤᠨ ᠣᠨᠴᠠᠯᠢᠭ ᠲᠠᠢ ᠠᠮᠢ ᠠᠬᠤᠶ ᠶᠢᠨ ᠵᠢᠭᠤᠯᠴᠢᠯᠠᠯ ᠤᠨ ᠵᠠᠮ ᠱᠤᠭᠤᠮ ᠢ ᠪᠣᠢ ᠪᠣᠯᠭᠠᠨ᠂ ᠪᠦᠬᠦ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠭᠠᠴᠠᠭ᠎ᠠ ᠶᠢ ᠡᠭᠦᠳᠴᠦ᠂ ᠣᠳᠣᠬᠢᠴᠢᠯᠠᠭᠰᠠᠨ ᠮᠠᠯᠵᠢᠬᠤ ᠣᠷᠣᠨ ᠤ ᠵᠢᠭᠤᠯᠴᠢᠯᠠᠯ ᠤᠨ ᠬᠦᠯᠢᠶᠡᠨ ᠠᠪᠬᠤ ᠣᠳᠣᠨ ᠲᠠᠰ ᠲᠠᠢ ᠡᠷᠦᠬᠡ ᠪᠠᠶᠢᠭᠤᠯᠬᠤ ᠶᠢ ᠳᠡᠮᠵᠢᠵᠦ᠂ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ︵ᠬᠠᠷᠢᠭᠤᠴᠠᠬᠤ ᠨᠢᠭᠡᠴᠢ᠄ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠷᠠᠭᠤᠯᠤᠨ᠎ᠠ᠃ ᠬᠤᠯᠪᠣᠭᠳᠠᠯ ᠪᠦᠬᠦᠢ ᠠᠶᠢᠮᠠᠭ ᠬᠤᠲᠠ᠂ ᠲᠤᠷᠰᠢᠯᠲᠠ ᠶᠢᠨ ᠴᠡᠭ ᠪᠣᠯᠬᠤ ᠬᠤᠰᠢᠭᠤ ᠨᠤᠭᠤᠳ ᠭᠤᠣᠯ ᠤᠳᠤᠷᠢᠳᠬᠤ ᠨᠥᠬᠦᠷ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠠᠵᠢᠯ ᠤᠨ ᠲᠤᠰᠬᠠᠶ ᠪᠠᠭ ᠢ ᠵᠣᠬᠢᠶᠠᠨ ᠪᠠᠶᠢᠭᠤᠯᠵᠤ᠂ ᠬᠦᠴᠦᠨ ᠢᠶᠠᠨ ᠲᠥᠪᠯᠡᠷᠡᠭᠦᠯᠦᠨ ᠡᠷᠴᠢᠮᠲᠡᠢ ᠠᠬᠢᠭᠤᠯᠬᠤ ᠬᠡᠷᠡᠭᠲᠡᠶ᠃ ᠬᠤᠯᠪᠣᠭᠳᠠᠯ ᠪᠦᠬᠦᠢ ᠠᠶᠢᠮᠠᠭ ᠬᠤᠲᠠ ᠨᠢ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠣᠨ ᠤ ᠪᠦᠲᠦᠭᠡᠨ ᠪᠠᠶᠢᠭᠤᠯᠬᠤ ᠡᠭᠦᠷᠭᠡ ᠪᠠᠨ ᠨᠠᠷᠢᠯᠢᠭᠵᠢᠭᠤᠯᠤᠨ᠂ ᠲᠦᠬᠦᠷᠵᠢᠭᠰᠡᠨ ᠲᠥᠷᠥ ᠶᠢᠨ ᠪᠣᠳᠣᠯᠭ᠎ᠠ ᠲᠣᠭᠲᠠᠭᠠᠵᠤ᠂ ᠵᠣᠬᠢᠴᠠᠭᠤᠯᠤᠨ ᠬᠢᠨᠠᠯᠲᠠ ᠲᠠᠯᠪᠢᠬᠤ ᠪᠠ ᠦᠢᠯᠡᠴᠢᠯᠡᠵᠦ ᠵᠢᠭᠠᠨ ᠵᠢᠯᠣᠭᠤᠳᠬᠤ ᠪᠠᠨ ᠴᠢᠩᠭᠠᠷᠠᠭᠤᠯᠤᠨ᠂ ᠭᠠᠷᠠᠭ ᠢᠶᠠᠷ ᠲᠣᠬᠢᠷᠠᠭᠤᠯᠬᠤ ᠪᠠ ᠰᠠᠷ᠎ᠠ ᠪᠠᠷ ᠠᠵᠢᠯ ᠢᠶᠠᠨ ᠮᠡᠳᠡᠭᠦᠯᠬᠦ ᠲᠣᠭᠲᠠᠴᠠ ᠶᠣᠰᠣᠭᠠᠷ᠂ ᠪᠠᠶᠢᠳᠠᠯ ᠢᠶᠠᠨ ᠴᠠᠭ ᠲᠤᠬᠠᠶ ᠳᠤ ᠨᠢ ᠳᠡᠭᠡᠭᠰᠢ ᠮᠡᠳᠡᠭᠦᠯᠬᠦ ᠬᠡᠷᠡᠭᠲᠡᠶ᠃ ᠲᠤᠷᠰᠢᠯᠲᠠ ᠶᠢᠨ ᠴᠡᠭ ᠪᠣᠯᠬᠤ ᠬᠤᠰᠢᠭᠤ ᠨᠤᠭᠤᠳ ᠨᠢ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠠᠵᠢᠯ ᠤᠨ ᠬᠤᠭᠤᠴᠠᠭ᠎ᠠ ᠶᠢ ᠰᠥᠷᠭᠡᠦ ᠪᠠᠷ ᠲᠣᠬᠢᠷᠠᠭᠤᠯᠤᠨ᠂ ᠡᠭᠦᠷᠭᠡ ᠶᠢᠨ ᠵᠢᠷᠤᠭ ᠢᠶᠠᠷ ᠬᠥᠲᠥᠯᠦᠮᠵᠢ ᠪᠣᠯᠭᠠᠨ ᠠᠵᠢᠯᠯᠠᠵᠤ᠂ ᠡᠯ᠎ᠡ ᠲᠥᠷᠥᠯ ᠤᠨ ᠠᠵᠢᠯ ᠢ ᠨᠠᠶᠢᠳᠠᠪᠤᠷᠢᠵᠢᠭᠤᠯᠵᠤ ᠪᠣᠲᠠᠲᠠᠶᠢᠵᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠲᠤᠷᠰᠢᠯᠲᠠ ᠶᠢᠨ ᠴᠡᠭ ᠤᠨ ᠠᠵᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠨᠢ ᠦᠢᠯᠡᠳᠦᠯ ᠢᠶᠠᠨ ᠦᠨᠡᠨ ᠬᠦ ᠰᠠᠶᠢᠲᠤᠷ ᠪᠠᠳᠠᠷᠠᠭᠤᠯᠵᠤ᠂ ᠬᠡᠷᠡᠭᠴᠡᠭᠡ ᠪᠠᠨ ᠦᠨᠳᠦᠰᠦᠯᠡᠨ ᠴᠠᠭ ᠲᠤᠬᠠᠶ ᠳᠤ ᠨᠢ ᠬᠤᠷᠠᠯ ᠬᠤᠷᠠᠯᠳᠤᠭᠤᠯᠤᠨ᠂ ᠴᠢᠬᠤᠯᠠ ᠠᠵᠢᠯ ᠢᠶᠠᠨ ᠰᠤᠳᠤᠯᠵᠤ᠂ ᠠᠵᠢᠯ ᠤᠨ ᠠᠬᠢᠴᠠ ᠪᠠᠨ ᠲᠣᠬᠢᠷᠠᠭᠤᠯᠤᠨ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠬᠦ ᠬᠡᠷᠡᠭᠲᠡᠶ᠃      ︵ᠬᠤᠶᠠᠷ︶ ᠲᠥᠷᠥᠯ ᠵᠦᠢᠯ ᠤᠨ ᠪᠡᠯᠡ ᠮᠥᠩᠭᠦᠨ ᠤ ᠳᠡᠮᠵᠢᠯᠭᠡ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠠᠪᠠᠭ᠎ᠠ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠠᠷᠤ ᠬᠤᠷᠴᠢᠨ ᠬᠤᠰᠢᠭᠤ ᠵᠡᠷᠭᠡ 4 ᠲᠤᠷᠰᠢᠯᠲᠠ ᠶᠢᠨ ᠴᠡᠭ ᠪᠣᠯᠬᠤ ᠬᠤᠰᠢᠭᠤ ᠶᠢ ᠵᠢᠯ ᠪᠦᠷᠢ 2000 ᠲᠦᠮᠡᠨ ᠲᠥᠭᠦᠷᠢᠭ ᠤᠨ ᠲᠤᠰᠬᠠᠶ ᠪᠡᠯᠡ ᠮᠥᠩᠭᠦ ᠪᠠᠷ ᠲᠣᠬᠢᠷᠠᠭᠤᠯᠤᠨ ᠳᠡᠮᠵᠢᠵᠦ᠂ 3 ᠵᠢᠯ ᠳᠠᠷᠠᠭᠠᠯᠠᠨ ᠳᠡᠮᠵᠢᠨ᠎ᠡ᠃ ᠬᠤᠯᠪᠣᠭᠳᠠᠯ ᠪᠦᠬᠦᠢ ᠪᠡᠯᠡ ᠮᠥᠩᠭᠦ᠂ ᠲᠥᠷᠥᠯ ᠵᠦᠢᠯ ᠢ ᠡᠮᠬᠢᠯᠡᠨ ᠨᠡᠶᠢᠯᠡᠭᠦᠯᠵᠦ᠂ ᠮᠥᠩᠭᠦᠨ ᠭᠦᠢᠯᠭᠡᠭᠡ᠂ ᠭᠠᠶᠢᠯᠢ ᠲᠠᠲᠠᠪᠤᠷᠢ ᠵᠡᠷᠭᠡ ᠲᠠᠯ᠎ᠠ ᠶᠢᠨ ᠳᠡᠮᠵᠢᠯᠭᠡ ᠬᠠᠩᠭᠠᠨ ᠥᠭᠴᠦ᠂ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠭᠤᠯᠤᠨ᠎ᠠ᠃ ᠡᠭᠦᠨ ᠤ ᠳᠠᠭᠠᠤ ᠳᠤ᠂ ᠮᠠᠯᠵᠢᠬᠤ ᠣᠷᠣᠨ ᠤ ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠥᠷᠥᠯ ᠵᠦᠢᠯ ᠢ ᠢᠳᠡᠪᠬᠢᠲᠡᠶ ᠲᠦᠰᠦᠪᠯᠡᠨ ᠰᠦᠪᠡᠭᠴᠢᠯᠡᠵᠦ᠂ ᠡᠯ᠎ᠡ ᠠᠵᠢᠯ ᠲᠥᠷᠥᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠥᠷᠥᠯ ᠵᠦᠢᠯ ᠤᠨ ᠲᠥᠯᠥᠪᠵᠢᠭᠦᠯᠭᠡ ᠳᠤ ᠵᠢᠭᠰᠠᠭᠠᠨ᠂ ᠤᠯᠤᠰ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠳᠡᠮᠵᠢᠯᠭᠡ ᠶᠢ ᠢᠳᠡᠪᠬᠢᠲᠡᠶ ᠪᠠᠷ ᠴᠢᠷᠮᠠᠶᠢᠨ ᠣᠯᠤᠨ᠎ᠠ᠃      ︵ᠭᠤᠷᠪᠠ︶ ᠠᠮᠵᠢᠯᠲᠠ ᠪᠦᠲᠦᠮᠵᠢ ᠶᠢᠨ ᠰᠢᠯᠭᠠᠨ ᠦᠨᠡᠯᠡᠬᠦ ᠶᠢ ᠴᠢᠩᠭᠠᠳᠬᠠᠨ᠎ᠠ᠃ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠱᠠᠲᠤ ᠬᠤᠪᠢᠶᠠᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠰᠢᠯᠭᠠᠨ ᠬᠢᠨᠠᠭᠰᠠᠨ ᠠᠵᠢᠯ ᠢᠶᠠᠷ ᠯᠠᠪᠯᠠᠯᠲᠠ ᠪᠣᠯᠭᠠᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠰᠢᠯᠭᠠᠨ ᠬᠢᠨᠠᠬᠤ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠤᠯᠪᠣᠭᠳᠠᠯ ᠪᠦᠬᠦᠢ ᠲᠤᠷᠰᠢᠯᠲᠠ ᠶᠢᠨ ᠴᠡᠭ ᠪᠣᠯᠬᠤ ᠬᠤᠰᠢᠭᠤ᠂ ᠠᠶᠢᠮᠠᠭ ᠬᠤᠲᠠ ᠪᠠ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠲᠤᠷᠰᠢᠯᠲᠠ ᠶᠢᠨ ᠴᠡᠭ ᠤᠨ ᠠᠵᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠢ ᠶᠢᠨ ᠠᠵᠢᠯ ᠢᠶᠠᠨ ᠠᠬᠢᠭᠤᠯᠤᠭᠰᠠᠨ ᠪᠠᠶᠢᠳᠠᠯ ᠢ ᠰᠢᠯᠭᠠᠨ ᠬᠢᠨᠠᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠨᠡᠪᠲᠡᠷᠡᠭᠦᠯᠦᠨ ᠮᠡᠳᠡᠭᠡᠯᠡᠵᠦ᠂ ᠣᠨ ᠤ ᠪᠣᠳᠠᠲᠤ ᠠᠮᠵᠢᠯᠲᠠ ᠶᠢ ᠰᠢᠯᠭᠠᠨ ᠬᠢᠨᠠᠬᠤ ᠠᠵᠢᠯ ᠳᠤ ᠣᠷᠣᠭᠤᠯᠬᠤ ᠬᠡᠷᠡᠭᠲᠡᠶ᠃                                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                 2020 ᠣᠨ ᠤ 12 ᠳ᠋ᠤᠭᠠᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ