2021 ᠣᠨ ᠤ ᠪᠦᠬᠦ ᠣᠷᠣᠨ ᠤ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/18

      3 ᠳ᠋ᠤᠭᠠᠷ ᠰᠠᠷ᠎ᠠ ᠶᠢᠨ 16 ᠤ ᠡᠳᠦᠷ᠂ 2021 ᠣᠨ ᠤ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠪᠣᠭᠤᠮᠲᠠ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
      ᠬᠤᠸᠠᠩ ᡁᠢ ᠴᠢᠶᠠᠩ ᠵᠢᠭᠠᠬᠤ ᠳᠤ ᠪᠠᠨ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠨᠥᠬᠦᠴᠡᠯ ᠳᠣᠤᠷ᠎ᠠ᠂ ᠨᠢᠳᠤᠨᠤᠨ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠬᠢᠨ ᠰᠢᠨ᠎ᠡ ᠠᠮᠵᠢᠯᠲᠠ ᠣᠯᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠵᠤ᠂ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠤᠨ᠂ ᠭᠠᠳᠠᠭᠠᠳᠤ ᠠᠷᠠᠯᠵᠢᠶ᠎ᠠ ᠭᠠᠳᠠᠭᠠᠳᠤ ᠪᠠᠯᠠ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ᠤᠮᠠᠷᠠᠰᠢ ᠨᠡᠭᠡᠭᠡᠯᠲᠡ ᠬᠢᠬᠦ ᠶᠢ ᠳᠥᠯᠭᠢᠨ ᠠᠬᠢᠭᠤᠯᠵᠤ ᠱᠠᠲᠤᠴᠢ ᠴᠢᠨᠠᠷᠲᠠᠶ ᠦᠷ᠎ᠡ ᠪᠦᠲᠦᠭᠡᠯ ᠣᠯᠵᠤ᠂ ᠨᠡᠭᠡᠭᠡᠯᠲᠡ ᠬᠢᠬᠦ ᠲᠠᠪᠴᠠᠩ ᠤᠨ ᠪᠥᠲᠥᠭᠡᠨ ᠪᠠᠶᠢᠭᠤᠯᠤᠯᠲᠠ ᠰᠢᠨ᠎ᠡ ᠰᠢᠪᠲᠤᠯᠤᠯᠲᠠ ᠲᠠᠢ ᠪᠣᠯᠪᠠ ᠭᠡᠵᠡᠢ᠃
      ᠬᠤᠸᠠᠩ ᡁᠢ ᠴᠢᠶᠠᠩ ᠴᠢᠬᠤᠯᠠᠴᠢᠯᠠᠬᠤ ᠳᠤ ᠪᠠᠨ᠂ ᠮᠠᠨ ᠤ ᠣᠷᠣᠨ ᠤ ᠬᠤᠳᠠᠯᠳᠤᠭᠠᠨ ᠤ ᠶᠠᠪᠤᠳᠠᠯ ᠪᠠ ᠪᠣᠭᠤᠮᠲᠠ ᠶᠢᠨ ᠬᠥᠭᠵᠢᠯᠲᠡ ᠳᠤ ᠮᠦᠨ ᠬᠦ ᠴᠥᠭᠡᠨ ᠪᠤᠰᠤ ᠳᠤᠲᠠᠭᠤᠳᠠᠯ ᠪᠠᠭᠤᠷᠠᠢ ᠵᠦᠢᠯ ᠣᠷᠣᠰᠢᠵᠤ ᠪᠤᠢ᠃ ᠲᠠᠷᠠᠭᠠᠴᠢ ᠶᠢᠨ ᠠᠯᠬᠤᠮ ᠳᠤ᠂ ᠬᠤᠳᠠᠯᠳᠤᠭᠠᠨ ᠤ ᠶᠠᠪᠤᠳᠠᠯ ᠤᠨ ᠠᠵᠢᠯ ᠨᠢ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠪᠠ ᠡᠭᠦᠷᠭᠡ ᠪᠠᠨ ᠲᠣᠳᠣᠷᠬᠠᠶ ᠪᠣᠯᠭᠠᠬᠤ ᠬᠡᠷᠡᠭᠲᠡᠶ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯᠳᠠᠯᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠲᠡ ᠶᠢ ᠪᠦᠬᠦ ᠬᠦᠴᠦᠨ ᠢᠶᠠᠷ ᠢᠶᠠᠨ ᠪᠦᠳᠦᠭᠡᠨ ᠪᠠᠶᠢᠭᠤᠯᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠠᠭᠠᠳ ᠦᠭᠡᠢ ᠨᠡᠪᠲᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤ ᠦᠶ᠎ᠡ ᠶᠢᠨ ᠭᠦᠢᠯᠭᠡᠭᠡᠨ ᠤ ᠲᠣᠭᠲᠠᠯᠴᠠᠭ᠎ᠠ ᠶᠢ ᠲᠥᠷᠬᠡᠳᠭᠡᠨ ᠲᠡᠭᠦᠯᠳᠡᠷᠵᠢᠭᠦᠯᠬᠦ ᠬᠡᠷᠡᠭᠲᠡᠢ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠳᠠᠭᠠᠳᠤ ᠨᠡᠭᠡᠭᠡᠯᠳᠡ ᠶᠢᠨ ᠰᠢᠨ᠎ᠡ ᠥᠨᠳᠦᠷᠯᠢᠭ ᠢ ᠴᠣᠭᠴᠠᠯᠠᠬᠤ ᠬᠡᠷᠡᠭᠲᠡᠢ᠃ ᠬᠥᠭᠵᠢᠯᠲᠡ ᠶᠢᠨ ᠬᠥᠳᠡᠯᠭᠡᠭᠴᠢ ᠴᠢᠳᠠᠪᠤᠷᠢ ᠶᠢ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠡᠵᠡᠩᠨᠡᠯᠲᠡ ᠶᠢᠨ ᠲᠥᠯᠥᠪ ᠪᠠᠶᠢᠳᠠᠯ ᠰᠢᠨ᠎ᠡ ᠵᠠᠭᠪᠤᠷ ᠢ ᠶᠡᠭᠡ ᠪᠠᠷ ᠪᠣᠶᠢᠵᠢᠭᠤᠯᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠣᠷᠣᠨ ᠤ ᠬᠤᠳᠠᠯᠳᠤᠭᠠᠨ ᠤ ᠶᠠᠪᠤᠳᠠᠯ ᠪᠠ ᠪᠣᠭᠤᠮᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠠᠶᠠᠷᠯᠠᠨ ᠤᠭᠲᠤᠬᠤ ᠬᠡᠷᠡᠭᠲᠡᠢ ᠭᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ