ᠱᠢ ᠲᠠᠢ ᠹᠧᠩ ᠰᠤᠷᠭᠠᠨ ᠬᠥᠮᠦᠵᠢᠯ ᠤᠨ ᠶᠠᠮᠤᠨ ᠤ ᠰᠠᠶᠢᠳ ᠴᠧᠨ ᠪᠦᠦ ᠱᠧᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2021/3/19
      3 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠰᠤᠷᠭᠠᠨ ᠬᠥᠮᠦᠵᠢᠯ ᠤᠨ ᠶᠠᠮᠤᠨ ᠤ ᠰᠠᠶᠢᠳ ᠴᠧᠨ ᠪᠦᠦ ᠱᠧᠩ ᠨᠡᠷ ᠲᠠᠢ ᠠᠭᠤᠯᠵᠠᠪᠠ᠃
文章.jpg
      ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠴᠧᠨ ᠪᠦᠦ ᠱᠧᠩ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠰᠤᠷᠭᠠᠨ ᠬᠥᠮᠦᠵᠢᠯ ᠤᠨ ᠶᠠᠮᠤᠨ ᠠᠴᠠ ᠣᠷᠳᠣ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠪᠠᠶᠢᠳᠠᠯ ᠢ ᠲᠥᠬᠦᠮ ᠢᠶᠠᠷ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠰᠠᠭᠤᠷᠢ ᠶᠡᠷᠦᠩᠬᠡᠶ ᠳᠡᠭᠡᠨ ᠪᠠᠭᠤᠷᠠᠶ᠂ ᠢᠯᠠᠩᠭᠤᠶ᠎ᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠪᠣᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠣᠳᠠᠲᠤ ᠬᠦᠴᠦᠨ ᠴᠢᠩᠭ᠎ᠠ ᠪᠢᠰᠢ ᠪᠠᠶᠢᠨ᠎ᠠ᠂ ᠰᠤᠷᠭᠠᠨ ᠬᠥᠮᠦᠵᠢᠯ ᠤᠨ ᠶᠠᠮᠤᠨ ᠥᠩᠭᠡᠷᠡᠭᠰᠡᠨ ᠲᠠᠢ ᠪᠠᠨ ᠠᠳᠠᠯᠢ ᠪᠠᠷ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠵᠤ᠂ ᠨᠠᠩ ᠣᠯᠠᠨ ᠵᠢᠯᠣᠭᠤᠳᠣᠯᠭ᠎ᠠ᠂ ᠳᠡᠮᠵᠢᠯᠭᠡ ᠪᠠ ᠬᠠᠪᠰᠤᠷᠤᠯᠭ᠎ᠠ ᠦᠵᠡᠭᠦᠯᠬᠦ ᠶᠢ ᠬᠦᠰᠡᠵᠦ ᠪᠠᠶᠢᠨ᠎ᠠ᠃ ᠡᠨᠡ ᠵᠢᠯ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠴᠣᠭᠴᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠠᠳᠤ ᠬᠦᠴᠦᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠳᠤᠯᠠᠨ᠎ᠠ ᠭᠡᠵᠤ ᠬᠡᠯᠡᠪᠡ᠃      ᠴᠧᠨ ᠪᠦᠦ ᠱᠧᠩ᠂ ᠰᠤᠷᠭᠠᠨ ᠬᠥᠮᠦᠵᠢᠯ ᠤᠨ ᠶᠠᠮᠤᠨ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠠᠩᠬᠠᠷᠴᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠦᠢᠯᠡᠰ ᠮᠠᠰᠢ ᠲᠦᠷᠭᠡᠨ ᠬᠥᠭᠵᠢᠪᠡ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠶᠢᠨ ᠵᠣᠭᠰᠣᠴᠠ ᠮᠠᠰᠢ ᠥᠨᠳᠥᠷ᠂ ᠪᠦᠬᠦ ᠣᠷᠣᠨ ᠳᠠᠶᠠᠭᠠᠷ ᠢᠳᠡᠪᠬᠢᠲᠡᠢ ᠬᠥᠳᠡᠯᠦᠯᠴᠡᠵᠦ᠂ ᠠᠰᠠᠭᠤᠳᠠᠯ ᠢ ᠯᠠᠪᠳᠠᠭᠤᠨ ᠡᠷᠴᠢᠮᠲᠡᠢ ᠰᠢᠢᠳᠪᠦᠷᠢᠯᠡᠵᠦ᠂ ᠠᠵᠢᠯ ᠢᠶᠠᠨ ᠲᠣᠭᠲᠠᠭᠤᠨ ᠤ ᠳᠤᠮᠳᠠ ᠠᠬᠢᠭᠤᠯᠵᠤ᠂ ᠰᠠᠶᠢᠨ ᠦᠷ᠎ᠡ ᠪᠦᠲᠦᠮᠵᠢ ᠤᠯᠪᠠ᠃ ᠲᠠᠷᠠᠭᠠᠴᠢ ᠶᠢᠨ ᠠᠯᠬᠤᠮ ᠳᠤ᠂ ᠰᠤᠷᠭᠠᠨ ᠬᠥᠮᠦᠵᠢᠯ ᠤᠨ ᠶᠠᠮᠤᠨ ᠥᠪᠥᠷ ᠮᠣᠩᠭᠤᠯ ᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠶᠢ ᠪᠥᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠭᠤᠷᠪᠠᠨ ᠬᠢᠴᠢᠶᠡᠯ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠰᠠᠶᠢᠲᠤᠷ ᠳᠡᠯᠭᠡᠷᠡᠭᠦᠯᠦᠨ ᠬᠡᠷᠡᠭᠯᠡᠬᠦ ᠶᠢ ᠦᠨᠡᠨ ᠬᠦ ᠪᠠᠲᠤᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠨ᠎ᠠ᠃ ᠰᠤᠷᠭᠠᠨ ᠬᠥᠮᠦᠵᠢᠯ ᠤᠨ ᠶᠠᠮᠤᠨ ᠦᠷᠭᠦᠯᠵᠢᠯᠡᠨ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠶᠡᠭᠡ ᠪᠠᠷ ᠳᠡᠮᠵᠢᠵᠦ᠂ ᠳᠤᠲᠠᠭᠤᠳᠠᠯ ᠢ ᠨᠥᠬᠦᠪᠥᠷᠢᠯᠡᠬᠦ ᠠᠵᠢᠯ ᠢ ᠭᠤᠤᠯᠳᠠᠯᠭ᠎ᠠ ᠲᠠᠢ ᠬᠠᠪᠰᠤᠷᠤᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠬᠡᠯᠡᠪᠡ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠨ ᠱᠤᠤ ᠴᠦᠨ᠂ ᠵᠠᠩ ᠱᠤᠤ ᠴᠦᠨ᠂ ᠵᠧᠩ ᠬᠤᠩ ᠹᠠᠨ᠂ ᠰᠤᠷᠭᠠᠨ ᠬᠥᠮᠦᠵᠢᠯ ᠤᠨ ᠶᠠᠮᠤᠨ ᠤ ᠳᠡᠳ᠋ ᠰᠠᠶᠢᠳ ᠰᠦᠨ ᠶᠣᠣ ᠠᠭᠤᠯᠵᠠᠯᠲᠠ ᠳᠤ ᠣᠷᠣᠯᠴᠠᠵᠠᠢ᠃ 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ