2021 ᠣᠨ ᠤ 3 ᠰᠠᠷ᠎ᠠ ᠶᠢᠨ 18 ᠤ ᠡᠳᠦᠷ ᠤᠨ 7 ᠴᠠᠭ ᠠᠴᠠ 3 ᠰᠠᠷ᠎ᠠ ᠶᠢᠨ 19 ᠤ ᠡᠳᠦᠷ ᠤᠨ 7 ᠴᠠᠭ ᠪᠣᠯᠲᠠᠯ᠎ᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ 1 ᠡᠪᠡᠳᠴᠢᠲᠡᠨ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ | ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠡᠷᠡᠭᠦᠯᠵᠢᠵᠦ ᠡᠮᠨᠡᠯᠭᠡ ᠠᠴᠠ ᠭᠠᠷᠪᠠ᠃ | 2021 ᠣᠨ ᠤ 3 ᠰᠠᠷ᠎ᠠ ᠶᠢᠨ 19 ᠤ ᠡᠳᠦᠷ ᠤᠨ 7 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠳᠤ ᠬᠢᠯᠢ ᠶᠢᠨ | ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ᠪᠠᠶᠢᠵᠤ᠂ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ | ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ | ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ | |