ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠨᠡᠶᠢᠲᠡᠯᠡᠬᠦ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2021/3/19
     2 ᠳ᠋ᠤᠭᠠᠷ ᠰᠠᠷ᠎ᠠ ᠶᠢᠨ 9 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠨᠡᠶᠢᠲᠡᠯᠡᠬᠦ ᠬᠤᠷᠠᠯ ᠬᠤᠷᠠᠯᠳᠤᠭᠤᠯᠵᠠᠢ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠾᠧ ᠵᠢᠶᠧ ᠭᠤᠣᠯ ᠰᠡᠳᠦᠪ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠵᠠᠩ ᠳ᠋ᠧ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ ᠵᠢᠶᠠᠩ ᠯᠠᠨ ᠮᠧᠢ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢᠨ ᠰᠦᠢᠳᠬᠡᠯ ᠬᠤᠷᠢᠶᠠᠯᠲᠠ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠳ᠋ᠦ᠋ ᠵᠠᠩ ᠶᠢᠨ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃       ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠨᠡᠶᠢᠲᠡᠯᠡᠬᠦ ᠬᠤᠷᠠᠯ ᠤᠨ ᠨᠡᠶᠢᠲᠡᠯᠡᠬᠦ ᠦᠭᠡ         ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠾᠧ ᠵᠢᠶᠧ      ᠡᠩ ᠲᠡᠷᠢᠭᠦᠨ ᠳᠤ᠂ ᠲᠠ ᠪᠦᠬᠦᠨ ᠤ ᠥᠨᠥᠳᠦᠷ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠨᠡᠶᠢᠲᠡᠯᠡᠬᠦ ᠬᠤᠷᠠᠯ ᠳᠤ ᠣᠷᠣᠯᠴᠠᠭᠰᠠᠨ ᠳᠤ ᠪᠠᠶᠠᠷᠯᠠᠯ᠎ᠠ᠃      ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠣᠯᠤᠨ ᠡᠷᠴᠢ ᠬᠤᠶᠠᠷ ᠢ ᠡᠵᠡᠮᠳᠡᠬᠦ ᠶᠢ ᠪᠡᠶᠡᠯᠡᠭᠦᠯᠬᠦ ᠪᠣᠯ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ᠂ ᠪᠣᠬᠢᠷᠲᠤᠯ ᠥᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠳᠬᠡᠨ ᠠᠬᠢᠭᠤᠯᠬᠤ᠂ ᠡᠨᠧᠷᠭᠢ ᠶᠢᠨ ᠡᠬᠢ ᠪᠠᠶᠠᠯᠢᠭ ᠢ ᠥᠨᠳᠥᠷ ᠦᠷ᠎ᠡ ᠠᠰᠢᠭ ᠲᠠᠢ ᠠᠰᠢᠭᠯᠠᠬᠤ ᠶᠢ ᠴᠢᠩᠭᠠᠷᠠᠭᠤᠯᠬᠤ ᠴᠢᠬᠤᠯᠠ ᠲᠥᠷᠢᠮ ᠤᠨ ᠲᠤᠬᠢᠷᠠᠭᠤᠯᠤᠯᠳᠠ ᠪᠣᠯᠬᠤ ᠪᠥᠭᠡᠳ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠦᠭᠦᠯᠬᠦ ᠵᠢᠴᠢ ᠨᠡᠭᠦᠷᠡᠰᠦᠲᠥ᠋ᠷᠥᠭᠴᠢ ᠶᠢ ᠪᠠᠷᠠᠭᠳᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠣᠷᠣᠨ ᠤ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ᠂ ᠨᠢᠭᠡᠴᠢ GDP ᠶᠢᠨ ᠡᠨᠧᠷᠭᠢ ᠶᠢᠨ ᠬᠤᠷᠣᠭᠳᠠᠯ ᠤᠨ ᠡᠷᠴᠢ ᠨᠢ ᠴᠥᠮ ᠡᠵᠡᠮᠳᠡᠬᠦ ᠬᠠᠷᠠᠯᠲᠠ ᠪᠠᠨ ᠪᠡᠶᠡᠯᠡᠭᠦᠯᠦᠭᠰᠡᠨ ᠥᠬᠡᠶ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠠᠭᠴᠢ ᠲᠠᠪᠤᠨ ᠵᠢᠯ ᠮᠥᠨ᠂ ᠲᠥᠪ ᠬᠤᠷᠢᠶᠠᠨ ᠠᠴᠠ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠳᠤ ᠨᠡᠩ ᠥᠨᠳᠥᠷ ᠨᠡᠩ ᠴᠢᠩᠭ᠎ᠠ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠮᠠᠨ ᠤ ᠣᠷᠣᠨ ᠤᠯᠤᠰ ᠤᠨ ᠴᠢᠬᠤᠯᠠ ᠡᠨᠧᠷᠭᠢ ᠶᠢᠨ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠤᠯᠤᠰ ᠤᠨ ᠰᠠᠭᠤᠷᠢ ᠲᠦᠭᠦᠬᠡᠶ  ᠮᠠᠲ᠋ᠧᠷᠢᠶᠠᠯ ᠤᠨ ᠬᠠᠩᠭᠠᠯᠭ᠎ᠠ ᠶᠢ ᠪᠠᠲᠤᠯᠠᠬᠤ᠂ ᠡᠨᠧᠷᠭᠢ ᠶᠢᠨ ᠠᠮᠤᠷ ᠲᠦᠪᠰᠢᠨ ᠪᠣᠯᠤᠨ ᠠᠵᠤ ᠠᠬᠤᠶ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠵᠡᠷᠭᠡᠴᠡᠪᠡᠷ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠬᠦᠴᠢᠷ ᠠᠰᠠᠭᠤᠳᠠᠯ ᠢ  ᠰᠢᠢᠳᠪᠦᠷᠢᠯᠡᠬᠦ ᠪᠣᠯ ᠮᠠᠨ ᠤ ᠣᠷᠣᠨ ᠤ ︽ᠠᠷᠪᠠᠨ ᠳᠥᠷᠪᠡᠳᠦᠭᠡᠷ ᠲᠠᠪᠤᠨ‌ᠵᠢᠯ ᠤᠨ ᠲᠥᠯᠥᠪᠵᠢᠭᠦᠯᠭᠡ︾ ᠶᠢ ᠰᠠᠶᠢᠲᠤᠷ ᠡᠬᠢᠯᠡᠭᠦᠯᠬᠦ᠂ ᠵᠠᠩᠭᠢᠯᠠᠭ᠎ᠠ ᠶᠢᠨ ᠴᠠᠭ ᠦᠶ᠎ᠡ ᠳᠤ ᠲᠠᠯᠪᠢᠭᠰᠠᠨ ᠴᠢᠬᠤᠯᠠ ᠡᠭᠦᠷᠭᠡ ᠪᠣᠯᠤᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠨᠴᠠᠭᠠᠶᠢᠯᠠᠨ ᠨᠢᠳᠤᠨᠤᠨ ᠠᠴᠠ ᠨᠠᠰᠢ᠂ ᠠᠯᠢ ᠤᠯᠠᠨ ᠴᠢᠭᠯᠡᠭᠦᠯᠬᠦ ᠴᠢᠨᠠᠷᠲᠠᠢ ᠬᠠᠲᠠᠭᠤ ᠠᠷᠭ᠎ᠠ ᠬᠡᠮᠵᠢᠶ᠎ᠡ ᠶᠢ ᠲᠣᠭᠲᠠᠭᠠᠵᠤ᠂ ᠮᠠᠨ ᠤ ᠣᠷᠣᠨ ᠤ ᠬᠠᠷᠠᠯᠲᠠ ᠡᠭᠦᠷᠭᠡ ᠪᠠᠨ ᠡᠷᠡᠰ ᠪᠡᠶᠡᠯᠡᠭᠦᠯᠬᠦ ᠢᠲᠡᠭᠡᠯ ᠵᠣᠷᠢᠭ ᠢ ᠢᠯᠡᠷᠡᠭᠦᠯᠪᠡ᠃ ᠳᠣᠤᠷ᠎ᠠ ᠪᠢ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠬᠤᠯᠪᠣᠭᠳᠠᠯ ᠪᠥᠬᠦᠶ ᠪᠠᠶᠢᠳᠠᠯ ᠢ ᠲᠥᠬᠦᠮ ᠵᠠᠷᠯᠠᠨ ᠮᠡᠳᠡᠭᠳᠡᠶ᠎ᠡ᠃      ᠨᠢᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠡᠷᠡᠰ ᠵᠣᠷᠢᠭ      ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠳᠤ ᠬᠠᠨᠳᠤᠭᠤᠯᠤᠨ ᠱᠢ ᠲᠠᠢ ᠹᠸᠩ ᠱᠦᠵᠢ᠂ ᠪᠦ᠋ ᠰᠢᠶᠤᠤ ᠯᠢᠨ ᠲᠡᠷᠢᠭᠦᠯᠡᠭᠴᠢ ᠣᠯᠠᠨ ᠤᠳᠠᠭ᠎ᠠ ᠵᠢᠭᠠᠪᠤᠷᠢ ᠴᠣᠬᠤᠯᠠᠪᠤᠷᠢ ᠥᠭᠴᠦ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤᠨ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠣᠯᠤᠨ ᠡᠷᠴᠢᠮ ᠤᠨ ᠬᠢᠵᠠᠭᠠᠷᠯᠠᠯ ᠠᠴᠠ ᠬᠡᠲᠦᠷᠡᠭᠰᠡᠨ ᠰᠤᠷᠭᠠᠮᠵᠢ ᠶᠢ ᠭᠦᠨᠵᠡᠭᠡᠢ ᠬᠦᠯᠢᠶᠡᠨ ᠠᠪᠴᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠤᠯᠤᠰ ᠤᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠪᠠᠶᠢᠯᠳᠤᠬᠤ ᠪᠤᠳᠤᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠵᠢᠯ ᠤᠨ ᠳᠤᠲᠠᠭᠳᠠᠯ ᠢᠶᠠᠨ ᠨᠥᠬᠦᠪᠥᠷᠢᠯᠡᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠲᠡᠷᠡ ᠶᠣᠰᠣᠭᠠᠷ ᠨᠢ ᠪᠡᠶᠡᠯᠡᠭᠦᠯᠦᠨ᠎ᠡ᠃ ᠡᠩ ᠲᠡᠷᠢᠭᠦᠨ ᠳᠤ 2021 ᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠠᠷᠠᠯᠲᠠ ᠡᠭᠦᠷᠭᠡ᠂ ᠬᠡᠳᠦ᠋ᠢᠪᠡᠷ ᠣᠳᠣᠬᠠᠨ ᠳᠤ ᠤᠯᠤᠰ ᠠᠴᠠ ᠡᠯ᠎ᠡ ᠮᠤᠵᠢ ᠣᠷᠣᠨ ᠳᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠪᠣᠳᠠᠲᠠᠶ ᠬᠠᠷᠠᠯᠲᠠ ᠶᠢ ᠪᠠᠭᠤᠯᠭᠠᠭᠠᠳᠤᠶ ᠪᠣᠯᠪᠠᠴᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠵᠣᠷᠢᠯᠭ᠎ᠠ ᠨᠢ ᠲᠣᠳᠣᠷᠬᠠᠢ ᠠᠵᠢᠯᠯᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ᠨᠢᠳᠤᠨᠤᠨ ᠤ 12 ᠳ᠋ᠤᠭᠠᠷ ᠰᠠᠷ᠎ᠠ ᠳᠤ ᠡᠯ᠎ᠡ ᠠᠶᠢᠮᠠᠭ ᠬᠤᠲᠠ ᠶᠢᠨ 2021 ᠣᠨ ᠤ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠬᠠᠷᠠᠯᠲᠠ ᠶᠢᠨ ᠡᠭᠦᠷᠭᠡ ᠶᠢ ᠤᠷᠢᠳᠴᠢᠯᠠᠨ ᠪᠠᠭᠤᠯᠭᠠᠵᠤ᠂ 2021 ᠣᠨ ᠤ ᠪᠥᠬᠦ ᠣᠷᠣᠨ ᠤ ᠨᠢᠭᠡᠴᠢ ᠭᠠᠵᠠᠷ ᠣᠷᠣᠨ ᠤ  ᠦᠢᠯᠡᠳᠪᠦᠷᠢᠯᠡᠯ ᠤᠨ ᠪᠥᠬᠦ ᠥᠷᠲᠡᠭ ᠤᠨ ᠡᠨᠧᠷᠭᠢ ᠶᠢᠨ ᠬᠤᠷᠣᠭᠳᠠᠯ ᠢ 3% ᠪᠠᠷ ᠪᠠᠭᠤᠷᠠᠭᠤᠯᠵᠤ᠂ ᠡᠨᠧᠷᠭᠢ ᠶᠢᠨ ᠬᠤᠷᠣᠭᠳᠠᠯ ᠤᠨ ᠨᠡᠮᠡᠭᠳᠡᠯ ᠤᠨ ᠬᠡᠮᠵᠢᠶ᠎ᠡ ᠶᠢ 500 ᠲᠦᠮᠡᠨ ᠲᠣᠨ ᠪᠠᠷᠢᠮᠵᠢᠶᠠᠲᠤ ᠨᠡᠭᠦᠷᠡᠰᠦᠨ ᠤ ᠳᠣᠲᠣᠷ᠎ᠠ ᠬᠢᠵᠠᠭᠠᠷᠯᠠᠬᠤ ᠬᠠᠷᠠᠯᠲᠠ ᠶᠢᠨ ᠡᠭᠦᠷᠭᠡ ᠶᠢ ᠤᠷᠢᠳᠠᠪᠠᠷ ᠲᠣᠭᠲᠠᠭᠠᠪᠠ᠃ ᠥᠪᠡᠷᠲᠡᠭᠡᠨ ᠵᠠᠰᠠᠬᠤ ᠣᠷᠣᠨ ᠠᠯᠢ ᠡᠷᠲᠡ ᠠᠴᠠ 2021 ᠣᠨ ᠤ ᠡᠨᠡ ᠬᠤᠶᠠᠷ ᠴᠢᠩᠭ᠎ᠠ ᠬᠢᠵᠠᠭᠠᠷᠯᠠᠬᠤ ᠭᠦᠢᠴᠡᠳᠬᠡᠯ ᠲᠤᠭ᠎ᠠ ᠶᠢ ᠲᠣᠳᠣᠷᠬᠠᠢ ᠲᠣᠭᠲᠠᠭᠠᠵᠠᠢ᠂ ᠳᠠᠷᠤᠢ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠠᠷᠠᠯᠲᠠ ᠶᠢᠨ ᠡᠭᠦᠷᠭᠡ ᠶᠢ ᠡᠷᠡᠰ ᠪᠡᠶᠡᠯᠡᠭᠦᠯᠵᠦ᠂ ᠵᠣᠷᠢᠭ ᠰᠢᠭᠤᠳᠤᠨ ᠮᠠᠨ ᠤ ᠣᠷᠣᠨ ᠤ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ ᠳᠤ ᠳᠤᠬᠢᠷᠠᠭᠤᠯᠤᠯᠳᠠ ᠬᠢᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠬᠤᠪᠢᠷᠠᠭᠤᠯᠵᠤ᠂ ᠠᠵᠤ ᠠᠬᠤᠢ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠴᠢᠷᠮᠠᠶᠢᠵᠠᠢ᠃      ᠬᠤᠶᠠᠷ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠮᠠᠨ ᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠠᠵᠢᠯ ᠤᠨ ᠲᠣᠭᠤᠷᠢᠨ ᠳᠤ ᠰᠠᠶᠢᠨ ᠡᠬᠢᠯᠡᠯᠲᠡ ᠲᠠᠢ ᠪᠣᠯᠵᠣ᠂ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠢᠭᠲᠠ ᠰᠤᠳᠤᠯᠤᠨ ᠲᠣᠭᠲᠠᠭᠠᠵᠤ᠂ ᠬᠠᠮᠢᠶ᠎ᠠ ᠪᠥᠬᠦᠶ ᠲᠦᠷᠢᠮ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ︽ᠪᠦᠬᠦᠨ ᠢ ᠬᠠᠮᠤᠷᠤᠭᠰᠠᠨ︾ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠪᠡ᠃ ᠶᠡᠷᠦᠩᠬᠡᠶ ᠰᠡᠳᠬᠢᠴᠡ ᠭᠡᠪᠡᠯ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠢ ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠤ ᠦᠢᠯᠡᠰ ᠤᠨ ᠪᠦᠲᠦᠴᠡ ᠪᠠ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠨᠧᠷᠭᠢ ᠶᠢᠨ ᠰᠤᠷᠪᠤᠯᠵᠢ ᠶᠢ ᠠᠰᠢᠭᠯᠠᠬᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠯ ᠤᠨ ᠬᠦᠴᠦᠨ ᠢ ᠴᠢᠩᠭ᠎ᠠ ᠬᠢᠵᠠᠭᠠᠷᠯᠠᠵᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠶᠢ ᠵᠦᠢ ᠵᠣᠬᠢᠰᠲᠠᠶ ᠪᠠᠷ ᠬᠢᠵᠠᠭᠠᠷᠯᠠᠨ᠎ᠠ᠃ ᠨᠢᠭᠡ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠣᠪᠣᠷ ᠲᠦᠢᠯ ᠤᠨ ᠡᠷᠡᠰ ᠰᠢᠭᠤᠷᠬᠠᠶ ᠪᠠᠶᠢᠵᠤ᠂ ︽ᠬᠠᠲᠠᠭᠤ︾ ᠴᠢᠨᠠᠷᠲᠠᠶ ᠠᠷᠭ᠎ᠠ ᠬᠡᠮᠵᠢᠶ᠎ᠡ ᠶᠢ ᠬᠡᠷᠡᠭᠯᠡᠨ᠂ ᠬᠢᠵᠠᠭᠠᠷᠯᠠᠬᠤ ᠲᠥᠷᠥᠯ ᠪᠠ ᠬᠤᠴᠣᠷᠤᠩᠭᠤᠶ  ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠬᠦ ᠡᠷᠴᠢᠮ ᠢᠶᠠᠨ ᠴᠢᠩᠭᠠᠷᠠᠭᠤᠯᠵᠤ᠂ ᠡᠨᠧᠷᠭᠢ ᠶᠢᠨ ᠬᠤᠷᠣᠭᠳᠠᠯ ᠶᠡᠬᠡᠲᠡᠶ ᠲᠥᠷᠥᠯ‌‍ᠲ᠋ᠣᠤᠷ᠎ᠠ ᠬᠢᠷᠢ ᠬᠡᠮᠵᠢᠶ᠎ᠡ ᠪᠠᠷ ᠳᠠᠪᠬᠤᠷᠳᠠᠭᠤᠯᠤᠨ ᠪᠥᠲᠥᠭᠡᠨ ᠪᠠᠶᠢᠭᠤᠯᠬᠤ ᠶᠢ ᠡᠷᠡᠰ ᠬᠤᠷᠢᠭᠯᠠᠨ᠎ᠠ︔ ᠨᠥᠭᠦᠭᠡ ᠲᠠᠯ᠎ᠠ ᠪᠠᠷ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠯᠠᠪᠳᠠᠭᠤᠨ ᠢᠶᠠᠷ ᠬᠡᠷᠡᠭᠵᠢᠭᠦᠯᠬᠦ ᠶᠢ ᠴᠢᠬᠤᠯᠠᠴᠢᠯᠠᠵᠤ᠂ ᠡᠨᠧᠷᠭᠢ ᠶᠢᠨ ᠬᠤᠷᠣᠭᠳᠠᠯ ᠤᠨ ᠬᠦᠴᠦᠨ  ᠵᠦᠢᠯ ᠤᠨ  ᠭᠦᠢᠴᠡᠳᠭᠡᠯ ᠲᠤᠭ᠎ᠠ ᠶᠢ ᠥᠨᠳᠥᠷ ᠲᠠᠰ ᠳᠠᠰᠢ ᠰᠢᠯᠵᠢᠭᠦᠯᠬᠦ ᠶᠢ ᠵᠦᠢ ᠵᠣᠬᠢᠰᠲᠠᠶ ᠪᠠᠷ ᠬᠥᠲᠥᠯᠥᠨ ᠵᠢᠯᠣᠭᠤᠳᠤᠨ᠎ᠠ᠃      ᠨᠢᠭᠡ ᠳᠤ᠂ ᠲᠥᠯᠥᠪᠵᠢᠭᠦᠯᠦᠨ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠵᠢᠷᠤᠭᠯᠠᠨ ᠲᠥᠯᠥᠪᠯᠡᠭᠰᠡᠨ ᠡᠨᠧᠷᠭᠢ ᠶᠢᠨ ᠬᠤᠷᠣᠭᠳᠠᠯ᠂ ᠠᠰᠢᠭᠯᠠᠯᠲᠠ ᠳᠤ ᠣᠷᠣᠭᠤᠯᠬᠤ ᠴᠠᠭ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠡᠯ᠎ᠡ ᠭᠠᠵᠠᠷ ᠢ ᠵᠢᠯᠣᠭᠤᠳᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢ ᠰᠦᠪᠡᠭᠴᠢᠯᠡᠬᠦ᠂ ᠠᠵᠤ  ᠦᠢᠯᠡᠰ ᠢ ᠪᠠᠶᠢᠷᠢᠯᠠᠭᠤᠯᠬᠤ᠂ ᠲᠥᠷᠥᠯ  ᠵᠦᠢᠯ ᠢ ᠣᠷᠣᠭᠤᠯᠤᠨ ᠠᠪᠴᠢᠷᠠᠬᠤ ᠳᠠᠭᠠᠨ᠂ ᠡᠩ ᠲᠡᠷᠢᠭᠦᠨ ᠳᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠬᠦ ᠬᠠᠲᠠᠭᠤ ᠬᠢᠵᠠᠭᠠᠷᠯᠠᠯ ᠢ ᠪᠣᠳᠣᠯᠬᠢᠯᠠᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠬᠦ ᠰᠢᠨ᠎ᠡ ᠱᠠᠭᠠᠷᠳᠠᠯᠭ᠎ᠠ ᠯᠤᠭ᠎ᠠ ᠵᠣᠯᠭᠠᠭᠤᠯᠬᠤ ᠶᠢ  ᠭᠦᠢᠴᠡᠳ ᠰᠠᠶᠢᠲᠤᠷ ᠬᠢᠨ᠎ᠠ᠃      ᠬᠤᠶᠠᠷ ᠲᠤ᠂ ᠬᠤᠷᠸ᠎ᠠ ᠲᠤᠬᠢᠷᠠᠭᠤᠯᠤᠯ ᠡᠵᠡᠮᠳᠡᠯ ᠢ ᠴᠢᠩᠭᠠᠳᠬᠠᠪᠠ᠃ ᠤᠯᠤᠰ ᠤᠨ ᠬᠤᠯᠪᠣᠭᠳᠠᠯ ᠪᠥᠬᠦᠶ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠮᠠᠨ ᠤ ᠣᠷᠣᠨ ᠤ ᠪᠣᠬᠢᠷᠲᠤᠯ ᠥᠬᠡᠶ ᠴᠠᠬᠢᠯᠭᠠᠨ ᠤ ᠦᠨ᠎ᠡ ᠶᠢᠨ ᠠᠷᠭ᠎ᠠ ᠬᠡᠮᠵᠢᠶ᠎ᠡ ᠶᠢ ᠳᠣᠭᠢᠷᠠᠭᠤᠯᠤᠨ ᠬᠡᠷᠡᠭᠵᠢᠭᠦᠯᠵᠦ᠂ ᠦᠨ᠎ᠡ ᠬᠠᠩᠰᠢ ᠶᠢᠨ ᠬᠥᠰᠢᠭᠦᠷᠭᠡ ᠶᠢᠨ ᠬᠤᠷᠸ᠎ᠠ ᠲᠣᠬᠢᠷᠠᠭᠤᠯᠤᠯ ᠡᠵᠡᠮᠳᠡᠯ ᠤᠨ ᠠᠷᠭ᠎ᠠ ᠪᠠᠷᠢᠯ ᠢᠶᠠᠷ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠢᠯ ᠲᠥᠷᠥᠯ ᠤᠨ ᠬᠤᠴᠣᠷᠤᠩᠭᠤᠶ  ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠵᠦ ᠭᠠᠷᠭᠠᠬᠤ ᠵᠢᠠᠬᠢᠭᠤᠯᠵᠠᠢ᠃      ᠭᠤᠷᠪᠠ ᠳᠤ᠂ ᠡᠨᠧᠷᠭᠢ ᠬᠡᠷᠡᠭᠯᠡᠬᠦ ᠲᠠᠯ᠎ᠠ ᠪᠠᠷ ᠬᠢ ᠳᠤᠲᠠᠭᠤᠳᠠᠯ ᠢ ᠲᠡᠩᠴᠡᠭᠦᠷᠢᠲᠡᠶ ᠪᠠᠶᠢᠯᠭᠠᠨ᠎ᠠ᠃ ᠥᠪᠡᠷᠲᠡᠭᠡᠨ ᠵᠠᠰᠠᠬᠤ ᠣᠷᠣᠨ ᠠᠴᠠ ︽ᠨᠢᠭᠡ ᠪᠦᠯᠦᠭ ᠢ ᠬᠢᠵᠠᠭᠠᠷᠯᠠᠬᠤ᠂ ᠨᠢᠭᠡ ᠪᠦᠯᠦᠭ ᠢ ᠰᠣᠯᠢᠬᠤ᠂ ᠨᠢᠭᠡ ᠪᠦᠯᠦᠭ ᠢ ᠬᠤᠶᠢᠰᠢᠯᠠᠭᠤᠯᠤᠨ ᠪᠠᠶᠢᠭᠤᠯᠬᠤ︾ ᠪᠣᠳᠠᠲᠠᠶ ᠠᠷᠭ᠎ᠠ ᠬᠡᠮᠵᠢᠶ᠎ᠡ ᠪᠠᠷ ᠳᠠᠮᠵᠢᠭᠤᠯᠤᠨ ᠡᠨᠧᠷᠭᠢ ᠬᠡᠷᠡᠭᠯᠡᠬᠦ ᠲᠠᠯ᠎ᠠ ᠪᠠᠷ ᠬᠢ ᠳᠤᠲᠠᠭᠤᠳᠠᠯ ᠢ ᠲᠡᠩᠴᠡᠭᠦᠷᠢᠲᠡᠶ ᠪᠠᠶᠢᠯᠭᠠᠨ᠎ᠠ᠃ ᠨᠢᠭᠡᠳᠦᠭᠡᠷ ᠲᠤ᠂ ᠡᠨᠧᠷᠭᠢ ᠶᠢᠨ ᠬᠤᠷᠣᠭᠳᠠᠯ ᠶᠡᠬᠡᠲᠡᠶ ᠠᠵᠤ ᠦᠢᠯᠡᠰ ᠤᠨ ᠵᠦᠢᠯᠡᠰ ᠤᠨ ᠳᠣᠣᠷ᠎ᠠ ᠲᠦᠪᠰᠢᠨ ᠳᠤ ᠳᠠᠪᠬᠤᠷᠳᠠᠭᠤᠯᠤᠨ ᠪᠦᠳᠦᠭᠡᠨ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠤ ᠦᠢᠯᠡᠰ ᠤᠨ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠨᠢᠭᠡ ᠪᠦᠯᠦᠭ ᠵᠦᠢᠯᠡᠰ ᠢ ᠪᠦᠲᠦᠮᠵᠢᠲᠡᠶ ᠪᠠᠷ ᠡᠬᠢᠯᠡᠭᠦᠯᠵᠦ᠂ ᠪᠣᠳᠠᠲᠠᠶ ᠲᠦᠷᠦ ᠶᠢᠨ ᠪᠤᠳᠤᠯᠭ᠎ᠠ ᠶᠢ ᠵᠠᠯᠭᠠᠯᠳᠤᠭᠠᠪᠠᠷ ᠨᠡᠶᠢᠲᠡᠯᠡᠨ᠎ᠡ︔ ᠬᠤᠶᠠᠳᠤᠭᠠᠷ ᠲᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠲᠠᠰ ᠳᠡᠪᠰᠢᠭᠦᠯᠦᠨ ᠥᠭᠡᠷᠡᠴᠢᠯᠡᠵᠦ᠂ ᠡᠨᠧᠷᠭᠢ ᠶᠢᠨ ᠬᠤᠷᠣᠭᠳᠠᠯ ᠶᠡᠬᠡᠲᠡᠶ ᠬᠡᠰᠡᠭ ᠠᠵᠢᠯ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠳᠤ ᠠᠳᠠᠯᠢ‌‍ᠬᠡᠮᠵᠢᠶ᠎ᠡ ᠪᠠᠷ ᠪᠤᠶᠤ ᠬᠡᠮᠵᠢᠶ᠎ᠡ ᠶᠢ ᠨᠢ ᠪᠠᠭᠠᠰᠬᠠᠨ ᠰᠣᠯᠢᠬᠤ ᠶᠢ ᠬᠡᠷᠡᠭᠵᠢᠭᠦᠯᠵᠦ᠂ ᠨᠢᠭᠡ ᠪᠦᠯᠦᠭ ᠦᠯᠡᠭᠦᠳᠡᠭᠰᠡᠨ ᠠᠵᠢᠯ ᠲᠥᠷᠥᠯ ᠤᠨ ᠬᠢᠵᠠᠭᠠᠷᠯᠠᠬᠤ ᠲᠥᠷᠥᠯ ᠤᠨ ᠠᠵᠤ ᠠᠬᠤᠶᠢᠯᠠᠯ ︵ᠲᠣᠨᠤᠭ ᠲᠥᠬᠦᠭᠡᠷᠦᠮᠵᠢ︶ ᠤᠨ ᠦᠢᠯᠡᠳᠪᠦᠷᠢᠯᠡᠬᠦ ᠴᠢᠳᠠᠪᠤᠷᠢ ᠶᠢ ᠰᠣᠯᠢᠵᠠᠢ᠃ ᠭᠤᠷᠪᠠᠳᠤᠭᠠᠷ ᠲᠤ᠂ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠬᠤ ᠵᠦᠢᠯᠡᠰ ᠢ ᠡᠷᠬᠡᠪᠰᠢ ︽ᠬᠤᠶᠠᠷ ᠲᠡᠷᠢᠭᠦᠨ ᠤ ᠬᠢ︾ ᠳᠤ ᠬᠦᠷᠭᠡᠬᠦ ᠬᠡᠷᠡᠭᠲᠡᠶ᠂ ᠲᠤᠬᠠᠶᠢᠯᠠᠪᠠᠯ᠄ ᠤᠷᠠᠨ ᠮᠡᠷᠭᠡᠰᠢᠯ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠬᠡᠮᠵᠢᠶᠡᠨ ᠳᠤ ᠬᠦᠷᠭᠡᠵᠦ᠂ ᠡᠨᠧᠷᠭᠢ ᠶᠢᠨ ᠰᠤᠷᠪᠤᠯᠵᠢ ᠶᠢ ᠠᠰᠢᠭᠯᠠᠬᠤ ᠦᠷ᠎ᠡ ᠪᠦᠲᠦᠭᠡᠯ ᠢ ᠤᠯᠤᠰ ᠤᠨ ᠲᠡᠷᠢᠭᠦᠨ ᠤ ᠪᠠᠷᠢᠮᠵᠢᠶ᠎ᠠ ᠳᠤ ᠬᠦᠷᠭᠡᠬᠦ ᠬᠡᠷᠡᠭᠲᠡᠶ ᠪᠥᠭᠡᠳ ᠪᠠᠶᠢᠭᠤᠯᠬᠤ ᠪᠠᠷ ᠪᠠᠶᠢᠭ᠎ᠠ ᠵᠦᠢᠯᠡᠰ ᠤᠨ ᠡᠨᠧᠷᠭᠢ ᠶᠢᠨ ᠬᠤᠷᠣᠭᠳᠠᠯ ᠤᠨ ᠪᠡᠯᠡ ᠣᠷᠣᠭᠤᠯᠤᠯᠲᠠ᠂ ᠠᠵᠤ ᠠᠬᠤᠶ ᠶᠢᠨ ᠭᠠᠷᠤᠯᠲᠠ᠂ ᠭᠠᠶᠢᠯᠢ ᠲᠠᠲᠠᠪᠤᠷᠢ᠂ ᠠᠵᠢᠯ ᠣᠯᠭᠤᠯᠲᠠ ᠵᠡᠷᠭᠡ ᠶᠢ ᠶᠡᠷᠦᠩᠬᠡᠶᠢᠯᠡᠨ ᠦᠨᠡᠯᠡᠬᠦ ᠪᠠ ᠥᠷᠢᠰᠥᠯᠳᠦᠭᠦᠯᠦᠨ ᠵᠢᠭᠰᠠᠭᠠᠵᠤ᠂ ᠡᠨᠧᠷᠭᠢ ᠶᠢᠨ ᠬᠤᠷᠣᠭᠳᠠᠯ ᠤᠨ ᠭᠠᠷᠤᠯᠲᠠ ᠶᠢᠨ ᠦᠷ᠎ᠡ ᠠᠰᠢᠭ ᠢᠶᠠᠷ ᠳᠣᠣᠷ᠎ᠠ ᠵᠦᠢᠯᠡᠰ ᠤᠨ ︽ᠨᠢᠭᠡ ᠪᠦᠯᠦᠭ ᠢ ᠬᠤᠶᠢᠰᠢᠯᠠᠭᠤᠯᠤᠨ ᠪᠠᠶᠢᠭᠤᠯᠬᠤ︾ ᠬᠡᠷᠡᠭᠲᠡᠶ᠃ ᠳᠡᠭᠡᠷᠡᠬᠢ ᠠᠷᠭ᠎ᠠ ᠬᠡᠮᠵᠢᠶ᠎ᠡ ᠶᠢ ᠶᠡᠷᠦᠩᠬᠡᠶᠢᠯᠡᠵᠦ᠂ ᠮᠠᠨ ᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠴᠢᠨᠠᠷ ᠰᠠᠶᠢᠲᠠᠶ ᠬᠥᠭᠵᠢᠯᠲᠡ ᠳᠤ ᠡᠨᠧᠷᠭᠢ ᠬᠡᠷᠡᠭᠯᠡᠬᠦ ᠣᠷᠣᠨ ᠵᠠᠶ ᠶᠢ ᠰᠤᠯᠠᠯᠠᠨ ᠪᠤᠴᠠᠭᠠᠨ᠎ᠠ᠃       ᠲᠦᠷᠪᠡ ᠳᠤ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠪᠦᠲᠦᠴᠡ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠠᠴᠠ ᠤᠯᠠᠨ ᠵᠦᠢᠯ ᠤᠨ ᠡᠨᠧᠷᠭᠢ ᠬᠠᠮᠵᠢᠯᠴᠠᠨ ᠬᠠᠷᠢᠯᠴᠠᠨ ᠨᠥᠬᠦᠪᠥᠷᠢᠯᠡᠬᠦ᠂ ᠶᠡᠷᠦᠩᠬᠡᠶᠢᠯᠡᠨ ᠠᠰᠢᠭᠯᠠᠬᠤ᠂ ᠡᠷᠴᠢᠮᠯᠢᠭ ᠪᠥᠭᠡᠳ ᠥᠨᠳᠥᠷ ᠦᠷ᠎ᠡ ᠪᠦᠲᠦᠮᠵᠢᠲᠡᠶ ᠡᠨᠧᠷᠬᠢᠢ ᠬᠠᠩᠭᠠᠬᠤ ᠠᠷᠭ᠎ᠠ ᠮᠠᠶ᠋ᠢᠭ ᠢ ᠲᠦᠷᠭᠡᠳᠬᠡᠨ ᠪᠤᠢ ᠪᠣᠯᠭᠠᠵᠤ᠂ ᠮᠠᠨ ᠤ ᠣᠷᠣᠨ ᠤ ᠡᠨᠧᠷᠭᠢ ᠶᠢᠨ ᠬᠡᠷᠡᠭᠯᠡᠭᠡᠨ ᠤ ᠪᠦᠲᠦᠴᠡ ᠮᠥᠨ ᠬᠦ ᠨᠡᠭᠦᠷᠡᠰᠦ ᠪᠠᠷ ᠭᠤᠣᠯ ᠪᠣᠯᠭᠠᠵᠤ ᠪᠠᠶᠢᠭ᠎ᠠ ᠪᠠᠶᠢᠳᠠᠯ ᠢ ᠴᠢᠷᠮᠠᠶᠢᠨ ᠬᠤᠪᠢᠷᠠᠭᠤᠯᠵᠤ᠂ ᠲᠡᠬᠢᠨ ᠡᠭᠦᠰᠴᠦ ᠪᠣᠯᠬᠤ ᠡᠨᠧᠷᠬᠢᠢ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠎ᠡ᠃      ᠲᠠᠪᠤ ᠳᠤ᠂ ᠨᠠᠷᠢᠯᠢᠬᠵᠢᠭᠤᠯᠤᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ ᠣᠶᠢᠷ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠠᠴᠠ ᠡᠨᠧᠷᠭᠢ ᠶᠢᠨ ᠬᠤᠷᠣᠭᠳᠠᠯ ᠤᠨ ᠲᠥᠰᠦᠪ ᠤᠨ ᠬᠠᠮᠢᠶᠠᠷᠤᠯᠲᠠ ᠶᠢᠨ ᠬᠠᠮᠢᠶ᠎ᠠ ᠥᠪᠡᠷᠲᠡᠭᠡᠨ ᠵᠠᠰᠠᠬᠤ ᠣᠷᠣᠨ ᠤ ᠵᠢᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ 1000 ᠲᠣᠨ ᠪᠠᠷᠢᠮᠵᠢᠶᠠᠲᠤ ᠨᠡᠭᠦᠷᠡᠰᠦ ᠶᠢ ᠳᠠᠪᠠᠭᠰᠠᠨ ᠡᠨᠧᠷᠭᠢ ᠬᠡᠷᠡᠭᠯᠡᠬᠦ ᠨᠢᠭᠡᠴᠡ ᠶᠢ ᠪᠠᠶᠢᠭᠤᠯᠵᠤ ᠪᠠᠶᠢᠭ᠎ᠠ᠂ ᠪᠠᠶᠢᠭᠤᠯᠬᠤ ᠪᠠᠷ ᠪᠠᠶᠢᠭ᠎ᠠ ᠣᠨ ᠤ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ 1000 ᠲᠣᠨ ᠪᠠᠷᠢᠮᠵᠢᠶᠠᠲᠤ ᠨᠡᠭᠦᠷᠡᠰᠦ ᠵᠢᠴᠢ ᠲᠡᠭᠦᠨ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠪᠦᠬᠦᠨ ᠢ ᠡᠯ᠎ᠡ ᠱᠠᠲᠤᠨ ᠤ ᠡᠨᠧᠷᠭᠢ ᠶᠢᠨ ᠬᠤᠷᠣᠭᠳᠠᠯ ᠤᠨ ᠲᠥᠰᠦᠪ ᠤᠨ ᠬᠠᠮᠢᠶᠠᠷᠤᠯᠲᠠ ᠶᠢᠨ ᠡᠬᠡ ᠳᠠᠩᠰᠠᠨ ᠳᠤ ᠣᠷᠣᠭᠤᠯᠵᠤ᠂ ᠤᠯᠤᠰ ᠠᠴᠠ ᠪᠠᠭᠤᠯᠭᠠᠭᠰᠠᠨ ᠡᠨᠧᠷᠭᠢ ᠶᠢᠨ ᠬᠤᠷᠣᠭᠳᠠᠭᠤᠯᠭ᠎ᠠ ᠶᠢᠨ ᠨᠡᠮᠡᠭᠳᠡᠯ ᠤᠨ ᠬᠡᠮᠵᠢᠶ᠎ᠡ ᠶᠢᠨ ᠭᠦᠢᠴᠡᠳᠬᠡᠬᠦ ᠲᠤᠭ᠎ᠠ ᠪᠣᠯᠤᠨ ᠡᠨᠧᠷᠭᠢ ᠠᠷᠪᠢᠯᠠᠵᠤ ᠲᠠᠯᠳᠠ ᠬᠦᠴᠦᠨ ᠢ ᠠᠭᠤᠳᠠᠯᠬᠤ᠂ ᠬᠤᠴᠣᠷᠤᠩᠭᠤᠶ ᠪᠠᠶᠢᠳᠠᠯ ᠢ ᠭᠡᠭᠡᠭᠳᠡᠭᠦᠯᠬᠦ ᠵᠡᠷᠭᠡ ᠰᠤᠯᠠᠯᠠᠵᠤ ᠭᠠᠷᠭᠠᠭᠰᠠᠨ ᠡᠨᠧᠷᠭᠢ ᠬᠡᠷᠡᠭᠯᠡᠬᠦ ᠣᠷᠣᠨ ᠵᠠᠶ ᠶᠢ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠳᠤ ᠨᠢᠭᠡᠳᠦᠯᠲᠡᠶ ᠣᠷᠣᠭᠤᠯᠵᠤ᠂ ᠡᠨᠧᠷᠭᠢ ᠶᠢᠨ ᠬᠤᠷᠣᠭᠳᠠᠭᠤᠯᠭ᠎ᠠ ᠶᠢᠨ ᠶᠡᠷᠦᠩᠬᠡᠶ ᠬᠡᠮᠵᠢᠶ᠎ᠡ ᠶᠢᠨ ᠭᠡᠳᠤ ᠲᠦᠷᠭᠡᠨ ᠨᠡᠮᠡᠭᠳᠡᠬᠦ ᠶᠢ ᠬᠢᠵᠠᠭᠠᠷᠯᠠᠬᠤ ᠮᠥᠷᠲᠡᠭᠡᠨ ᠪᠠᠰᠠ ᠡᠨᠧᠷᠭᠢ ᠶᠢᠨ ᠬᠤᠷᠣᠭᠳᠠᠭᠤᠯᠭ᠎ᠠ ᠶᠢᠨ ᠡᠷᠴᠢᠮ ᠤᠨ ᠪᠠᠭᠤᠷᠠᠯᠲᠠ ᠶᠢ ᠵᠢᠱᠢᠭᠰᠡᠨ ᠬᠠᠷᠠᠯᠲᠠ ᠳᠠᠭᠠᠨ ᠬᠦᠷᠭᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠡᠯ᠎ᠡ ᠭᠠᠵᠠᠷ ᠤᠨ ᠬᠢᠨ ᠤ ᠨᠢᠭᠡᠨᠲᠡ ᠨᠡᠶᠢᠲᠡᠯᠡᠭᠰᠡᠨ ︽ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾ ︽ᠡᠨᠧᠷᠭᠢ ᠠᠷᠪᠢᠯᠠᠬᠤ ᠲᠠᠯ᠎ᠠ ᠪᠠᠷ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠲᠡᠮᠳᠡᠭᠯᠡᠬᠦ ᠠᠷᠭ᠎ᠠ︾ ᠶᠢ ᠴᠢᠩᠭ᠎ᠠ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠠᠵᠤ ᠠᠬᠤᠶᠢᠯᠠᠯ ᠤᠨ ᠡᠨᠧᠷᠭᠢ ᠠᠷᠪᠢᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠬᠠᠤᠯᠢ ᠲᠣᠭᠲᠠᠭᠠᠯ ᠠᠴᠠ ᠵᠥᠷᠢᠴᠡᠨ ᠡᠨᠧᠷᠭᠢ ᠬᠡᠷᠡᠭᠯᠡᠭᠰᠡᠨ  ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠲᠠᠷᠠᠭᠠᠴᠢ ᠶᠢᠨ ᠠᠯᠬᠤᠮ ᠳᠤ᠂ ᠡᠨᠧᠷᠭᠢ ᠠᠷᠪᠢᠯᠠᠬᠤ ᠠᠷᠠᠯᠵᠢᠶᠠᠨ ᠤ ᠠᠷᠭ᠎ᠠ ᠵᠡᠷᠭᠡ ᠵᠢ‌ᠵᠠᠯᠭᠠᠭ᠎ᠠ ᠪᠠᠷ ᠨᠡᠶᠢᠲᠡᠯᠡᠵᠦ᠂ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠬᠠᠮᠢᠶ᠎ᠠ ᠪᠥᠬᠦᠶ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠨᠠᠩ ᠨᠠᠷᠢᠯᠢᠬᠵᠢᠭᠤᠯᠤᠭᠰᠠᠨ ᠬᠠᠮᠢᠶᠠᠷᠤᠯᠲᠠ ᠡᠵᠡᠮᠳᠡᠯ ᠢ ᠬᠡᠷᠡᠭᠵᠢᠭᠦᠯᠦᠨ᠎ᠡ᠃      ᠵᠢᠷᠭᠤᠭ᠎ᠠ ᠳᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠡᠷᠡᠭᠵᠢᠭᠦᠯᠦᠨ᠎ᠡ᠃ 2021 ᠣᠨ ᠤ 2 ᠳ᠋ᠤᠭᠠᠷ ᠰᠠᠷ᠎ᠠ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠣᠷᠣᠨ ᠪᠠ ᠡᠯ᠎ᠡ ᠠᠶᠢᠮᠠᠭ ᠬᠤᠲᠠ ᠶᠢᠨ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠬᠠᠷᠠᠯᠲᠠᠲᠤ ᠡᠭᠦᠷᠭᠡ ᠶᠢ ᠪᠡᠶᠡᠯᠡᠭᠦᠯᠦᠭᠰᠡᠨ ᠠᠬᠢᠴᠠ ᠶᠢ ᠰᠠᠷ᠎ᠠ ᠳᠠᠷᠠᠭᠠᠯᠠᠨ ᠬᠢᠨᠠᠨ ᠬᠡᠮᠵᠢᠵᠦ᠂ ᠬᠡᠲᠦ ᠡᠵᠡᠮᠳᠡᠯ ᠤᠨ ᠴᠤᠬᠤᠶᠢᠯᠲᠠ ᠶᠢ ᠣᠯᠵᠤ ᠮᠡᠳᠡᠪᠡᠯ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠬᠡᠷᠡᠭᠵᠢᠭᠦᠯᠵᠦ᠂ ᠨᠠᠷᠢᠯᠢᠭ ᠣᠨᠣᠴᠠᠲᠠᠶ ᠪᠠᠷ ᠳᠣᠭᠢᠷᠠᠭᠤᠯᠤᠨ ᠡᠵᠡᠮᠳᠡᠬᠦ ᠶᠢ ᠬᠡᠷᠡᠭᠵᠢᠭᠦᠯᠦᠨ᠂ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃       ᠡᠬᠢ ᠪᠠᠶᠠᠯᠢᠭ ᠢ ᠠᠷᠪᠢᠯᠠᠬᠤ ᠬᠡᠯᠪᠡᠷᠢ ᠶᠢᠨ᠂ ᠣᠷᠴᠢᠨ ᠠᠬᠤᠶ ᠨᠥᠬᠦᠷᠰᠡᠭ ᠬᠡᠯᠪᠡᠷᠢ ᠶᠢᠨ ᠨᠡᠶᠢᠭᠡᠮ ᠢ ᠪᠦᠳᠦᠭᠡᠨ ᠪᠠᠶᠢᠭᠤᠯᠬᠤ ᠪᠣᠯ ᠪᠦᠬᠦ ᠨᠡᠶᠢᠭᠡᠮ ᠤᠨ ᠡᠭᠦᠷᠭᠡ ᠪᠠ ᠬᠠᠷᠢᠭᠤᠴᠠᠯᠭ᠎ᠠ ᠮᠥᠨ᠂ ᠡᠨᠧᠷᠭᠢ ᠠᠷᠪᠢᠯᠠᠬᠤ ᠠᠵᠢᠯ ᠨᠢ ᠥᠷᠭᠡᠨ ᠤᠯᠠᠨ ᠨᠡᠶᠢᠲᠡ ᠶᠢᠨ ᠣᠷᠣᠯᠴᠠᠭ᠎ᠠ ᠪᠠ ᠳᠡᠮᠵᠢᠯᠭᠡ ᠠᠴᠠ ᠨᠡᠩ ᠰᠠᠯᠵᠤ ᠴᠢᠳᠠᠬᠤ ᠦᠭᠡᠢ ᠶᠤᠮ᠃ ᠰᠣᠨᠢᠨ ᠮᠡᠳᠡᠭᠡᠯᠡᠯ ᠤᠨ ᠠᠵᠢᠯ ᠤᠨ ᠨᠠᠶᠢᠵᠠ ᠨᠠᠷ ᠠ᠂ ᠪᠦᠬᠦ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠡᠨᠧᠷᠭᠢ ᠠᠷᠪᠢᠯᠠᠬᠤ ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠣᠨᠣᠯᠵᠢᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠮᠠᠨ ᠤ ᠣᠷᠣᠨ ᠤ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠬᠤ ᠶᠢ ᠢᠯᠡᠷᠡᠭᠦᠯᠵᠦ᠂ ︽ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ︾ ᠳᠤ ᠰᠢᠨ᠎ᠡ ᠬᠤᠪᠢ ᠨᠡᠮᠡᠷᠢ ᠦᠵᠡᠭᠦᠯᠦᠶ᠎ᠡ᠃    ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠨᠡᠶᠢᠲᠡᠯᠡᠬᠦ ᠬᠤᠷᠠᠯ ᠤᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠠᠭᠰᠠᠨ      ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ ᠠᠴᠠ ᠠᠵᠤ ᠦᠢᠯᠡᠳᠪᠦᠷᠢ ᠶᠢᠨ ᠬᠦᠷᠢᠶᠡᠨ ᠤ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠠᠷ ᠲᠥᠯᠥᠪᠯᠡᠵᠦ ᠪᠠᠶᠢᠬᠤ ᠪᠤᠢ︖      ᠵᠠᠩ ᠳ᠋ᠧ᠄ ᠪᠢᠳᠡ ᠵᠢᠷᠭᠤᠭᠠᠨ ᠲᠠᠯ᠎ᠠ ᠶᠢᠨ ᠠᠷᠭ᠎ᠠ ᠬᠡᠮᠵᠢᠶ᠎ᠡ ᠠᠪᠬᠤ ᠪᠠᠷ ᠪᠡᠯᠡᠳᠬᠡᠵᠦ ᠪᠠᠶᠢᠨ᠎ᠠ᠂ ᠡᠭᠦᠨ ᠳᠤ ᠭᠤᠣᠯᠳᠠᠭᠤ᠄ ᠨᠢᠭᠡ ᠳᠤ ᠰᠢᠨ᠎ᠡ ᠪᠠᠷ ᠪᠠᠶᠢᠭᠤᠯᠬᠤ ᠵᠦᠢᠯᠡᠰ ᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠰᠢᠨ᠎ᠡ ᠪᠠᠷ ᠪᠠᠶᠢᠭᠤᠯᠬᠤ ︵ᠥᠭᠡᠷᠡᠴᠢᠯᠡᠵᠦ ᠥᠷᠭᠡᠳᠬᠡᠨ ᠪᠠᠶᠢᠭᠤᠯᠬᠤ︶ ᠲᠥᠷᠥᠯ ᠵᠦᠶ᠋ᠯ ᠤᠨ ᠨᠢᠭᠡᠴᠢ  ᠦᠢᠯᠡᠳᠭᠦᠨ ᠤ ᠡᠨᠧᠷᠭᠢ ᠶᠢᠨ ᠬᠤᠷᠣᠭᠳᠠᠭᠤᠯᠤᠯ ᠢ ᠡᠷᠬᠡᠪᠰᠢ ᠤᠯᠤᠰ ᠤᠨ ᠳᠣᠲᠣᠭᠠᠳᠤ ᠶᠢᠨ ᠠᠳᠠᠯᠢ ᠠᠵᠢᠯ ᠲᠥᠷᠥᠯ ᠤᠨ ᠤᠯᠤᠰ ᠤᠨ ᠪᠠᠷᠢᠮᠵᠢᠶ᠎ᠠ ᠶᠢᠨ ᠲᠡᠷᠢᠭᠦᠨ ᠳᠤ ᠪᠠᠶᠢᠬᠤ ᠬᠡᠷᠡᠭᠲᠡᠢ︔ ᠬᠤᠶᠠᠷ ᠲᠤ ᠦᠯᠡᠳᠡᠭᠰᠡᠨ ᠦᠢᠯᠡᠳᠪᠦᠷᠢᠯᠡᠯ ᠢ  ᠰᠢᠢᠳᠪᠦᠷᠢᠯᠡᠬᠦ ᠴᠢᠳᠠᠪᠤᠷᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ ᠭᠤᠤᠯᠳᠠᠯᠭ᠎ᠠ ᠲᠠᠢ ᠠᠵᠢᠯ ᠲᠥᠷᠥᠯ ᠤᠨ ᠤᠯᠤᠰ ᠤᠨ ᠠᠵᠤ  ᠦᠢᠯᠡᠰ ᠤᠨ ᠲᠥᠷᠥ ᠶᠢᠨ ᠪᠣᠳᠣᠯᠭ᠎ᠠ ᠶᠢᠨ ᠵᠢᠯᠣᠭᠤᠳᠬᠤ ᠭᠠᠷᠴᠠᠭ ᠤᠨ ᠬᠢᠵᠠᠭᠠᠷᠯᠠᠬᠤ ᠲᠥᠷᠥᠯ ᠵᠢᠴᠢ ᠲᠡᠭᠦᠨ ᠠᠴᠠ ᠳᠣᠷᠣᠭᠰᠢᠬᠢ ᠦᠢᠯᠡᠳᠪᠦᠷᠢᠯᠡᠬᠦ ᠴᠢᠳᠠᠪᠤᠷᠢ ᠶᠢ ᠠᠯᠬᠤᠮ ᠠᠯᠬᠤᠮ ᠢᠶᠠᠷ ᠪᠤᠴᠠᠭᠠᠨ ᠭᠠᠷᠭᠠᠵᠤ᠂ ᠬᠢᠵᠠᠭᠠᠷᠯᠠᠬᠤ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠶᠢ ᠠᠳᠠᠯᠢ ᠬᠡᠮᠵᠢᠶ᠎ᠡ ᠪᠠᠷ ᠪᠤᠶᠤ ᠬᠡᠮᠵᠢᠶ᠎ᠡ ᠶᠢ ᠪᠠᠭᠠᠰᠬᠠᠨ ᠰᠣᠯᠢᠬᠤ ᠶᠢ ᠬᠡᠷᠡᠭᠵᠢᠭᠦᠯᠦᠨ᠎ᠡ᠃ ᠭᠤᠷᠪᠠ ᠳᠤ ᠡᠨᠧᠷᠭᠢ ᠶᠢᠨ ᠬᠤᠷᠣᠭᠳᠠᠯ ᠶᠡᠬᠡᠲᠡᠶ ᠬᠡᠰᠡᠭ ᠠᠵᠢᠯ ᠲᠦᠷᠦᠯ ᠳᠤ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠦᠨ᠎ᠡ᠃ ᠰᠢᠨ᠎ᠡ ᠪᠠᠷ ᠭᠠᠷᠭᠠᠭᠰᠠᠨ ᠬᠡᠦᠷᠡᠰᠦ᠂ ᠴᠠᠬᠢᠯᠠᠭᠤᠷ ᠴᠢᠯᠠᠭᠤ᠂ ᠳᠡᠮᠤᠷ ᠤᠨ ᠬᠠᠶᠢᠯᠤᠰᠢ ᠶᠢᠨ ᠲᠦᠷᠦᠯ ᠵᠦᠢᠯ ᠵᠡᠷᠭᠡ ᠲᠤ ᠡᠨᠧᠷᠭᠢ ᠶᠢᠨ ᠬᠤᠷᠣᠭᠳᠠᠭᠤᠯᠭ᠎ᠠ ᠶᠢᠨ ᠬᠡᠮᠵᠢᠶ᠎ᠡ ᠶᠢ ᠠᠳᠠᠯᠢ ᠬᠡᠮᠵᠢᠶ᠎ᠡ ᠪᠠᠷ ᠪᠤᠶᠤ ᠬᠡᠮᠵᠢᠶ᠎ᠡ ᠶᠢ ᠨᠢ ᠪᠠᠭᠠᠰᠬᠠᠨ ᠰᠣᠯᠢᠬᠤ ᠶᠢ ᠬᠡᠷᠡᠭᠵᠢᠭᠦᠯᠵᠦ᠂ ᠤᠳᠤ ᠪᠠᠶᠢᠭ᠎ᠠ ᠡᠨᠧᠷᠭᠢ ᠶᠢᠨ ᠬᠤᠷᠣᠭᠳᠠᠭᠤᠯᠭ᠎ᠠ ᠶᠢᠨ ᠳᠡᠭᠡᠳᠦ ᠬᠢᠵᠠᠭᠠᠷ ᠢ ᠳᠠᠪᠠᠭᠤᠯᠵᠤ ᠪᠣᠯᠬᠤ ᠦᠭᠡᠢ᠃ ᠲᠦᠷᠪᠡ ᠳᠤ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠨ᠎ᠡ᠃ ᠣᠲᠣ ᠶᠢᠨ ᠪᠠᠶᠢᠭ᠎ᠠ ᠠᠵᠤ ᠠᠬᠤᠶᠢᠯᠠᠯ ᠳᠤ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠬᠢᠵᠦ᠂ ᠥᠭᠡᠷᠡᠴᠢᠯᠡᠭᠰᠡᠨ ᠤ ᠳᠠᠷᠠᠭ᠎ᠠ ᠨᠢᠭᠡᠴᠢ  ᠦᠢᠯᠡᠳᠭᠦᠨ ᠤ ᠡᠨᠧᠷᠭᠢ ᠶᠢᠨ ᠬᠤᠷᠣᠭᠳᠠᠯ ᠤᠨ ᠬᠢᠷᠢ ᠬᠡᠮᠵᠢᠶ᠎ᠡ ᠶᠢ ᠤᠯᠤᠰ ᠤᠨ ᠡᠨᠧᠷᠭᠢ ᠶᠢᠨ ᠬᠤᠷᠣᠭᠳᠠᠯ ᠤᠨ ᠪᠠᠷᠢᠮᠵᠢᠶ᠎ᠠ ᠶᠢᠨ ᠲᠡᠷᠢᠭᠦᠨ ᠤ ᠥᠷᠲᠡᠭ ᠳᠤ ᠬᠦᠷᠭᠡᠨ᠎ᠡ︔ ᠲᠠᠪᠤ ᠳᠤ ᠣᠲᠣ ᠶᠢᠨ ᠬᠡᠷᠡᠭᠵᠢᠭᠦᠯᠵᠦ ᠪᠠᠶᠢᠭ᠎ᠠ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠥᠷᠥ ᠶᠢᠨ ᠥᠪᠡᠷᠲᠡᠭᠡᠨ ᠵᠠᠰᠠᠬᠤ ᠣᠷᠣᠨ ᠤ ᠤᠬᠤᠷᠢᠨ ᠭᠠᠷᠬᠤ ᠬᠦᠷᠢᠶ᠎ᠡ ᠬᠡᠪᠴᠢᠶᠡᠨ ᠳᠤ ᠵᠢᠭᠰᠠᠭᠠᠨ ᠣᠷᠣᠭᠤᠯᠤᠭᠰᠠᠨ ᠬᠢᠵᠠᠭᠠᠷᠯᠠᠬᠤ ᠲᠥᠷᠥᠯ ︵ᠰᠢᠭᠰᠢᠭᠳᠡᠭᠦᠯᠬᠦ ᠲᠥᠷᠥᠯ︶ ᠤᠨ ᠦᠢᠯᠡᠳᠪᠦᠷᠢᠯᠡᠬᠦ ᠴᠢᠳᠠᠪᠤᠷᠢ ᠶᠢ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠣᠷᠣᠯᠴᠠᠭᠤᠯᠵᠤ ᠪᠣᠯᠬᠤ ᠥᠬᠡᠶ᠃ ᠵᠢᠷᠭᠤᠭ᠎ᠠ ᠳᠤ ᠵᠥᠪᠰᠢᠶᠡᠷᠡᠭᠦᠯᠦᠭᠡᠳᠦᠶ ᠪᠠᠷ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠵᠦᠢᠯᠡᠰ ᠢ ᠤᠷᠢᠳᠠᠪᠠᠷ ᠪᠠᠶᠢᠭᠤᠯᠬᠤ ᠶᠠᠪᠤᠳᠠᠯ ᠢ ᠢᠯᠭᠠᠷᠠᠭᠤᠯᠤᠨ ᠴᠡᠭᠴᠡᠯᠡᠨ᠎ᠡ᠃ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠠᠶᠢᠮᠠᠭ ᠬᠤᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠣᠭᠤᠳᠴᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠯᠲᠠ ᠶᠢ ᠵᠥᠪᠰᠢᠶᠡᠷᠡᠭᠦᠯᠦᠭᠡᠳᠦᠶ ᠪᠠᠷ ᠤᠷᠢᠳᠠᠪᠠᠷ ᠪᠠᠶᠢᠭᠤᠯᠤᠭᠰᠠᠨ᠂ ᠰᠢᠯᠭᠠᠨ ᠠᠪᠠᠭᠠᠳᠤᠶ ᠪᠠᠷ ᠤᠷᠢᠳᠠᠪᠠᠷ ᠠᠰᠢᠭᠯᠠᠯᠲᠠ ᠳᠤ ᠣᠷᠣᠭᠤᠯᠤᠭᠰᠠᠨ ᠡᠨᠧᠷᠭᠢ ᠶᠡᠭᠡ ᠬᠤᠷᠣᠭᠳᠠᠭᠤᠯᠬᠤ ᠲᠥᠷᠥᠯ ᠵᠦᠢᠯ ᠢ ᠲᠥᠪᠯᠡᠷᠡᠭᠦᠯᠦᠨ ᠲᠥᠷᠥᠯ ᠬᠤᠪᠢᠶᠠᠨ ᠢᠯᠭᠠᠷᠠᠭᠤᠯᠵᠤ᠂ ᠲᠥᠷᠥᠯ  ᠵᠦᠢᠯ ᠤᠨ ᠨᠢᠭᠡᠴᠢ  ᠦᠢᠯᠡᠳᠭᠦᠨ ᠤ ᠡᠨᠧᠷᠭᠢ ᠶᠢᠨ ᠬᠤᠷᠣᠭᠳᠠᠭᠤᠯᠤᠯ ᠨᠢ ᠤᠯᠤᠰ ᠤᠨ ᠪᠠᠷᠢᠮᠵᠢᠶ᠎ᠠ ᠶᠢᠨ ᠲᠡᠷᠢᠭᠦᠨ ᠤ ᠬᠡᠮᠵᠢᠭᠳᠡᠯ ᠳᠤ ᠬᠦᠷᠦᠭᠰᠡᠨ ᠡᠰᠡᠬᠦ ᠶᠢ ᠭᠤᠤᠯᠳᠠᠯᠭ᠎ᠠ ᠲᠠᠢ ᠬᠢᠨᠠᠨ ᠪᠠᠶᠢᠴᠠᠭᠠᠨ᠎ᠠ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ︾ ᠤᠨ ᠬᠠᠷᠠᠯᠲᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠨᠡᠭᠦᠷᠡᠰᠦ ᠴᠠᠬᠢᠯᠭᠠᠨ ᠤ ᠠᠵᠢᠯ ᠲᠥᠷᠥᠯ ᠳᠤ ᠶᠠᠮᠠᠷ ᠶᠠᠮᠠᠷ ᠠᠵᠢᠯ ᠥᠷᠨᠢᠭᠦᠯᠬᠦ ᠪᠠᠷ ᠲᠥᠯᠥᠪᠯᠡᠵᠦ ᠪᠠᠶᠢᠬᠤ ᠪᠣᠶ︖      ᠵᠢᠶᠠᠩ ᠯᠠᠨ ᠮᠧᠢ᠄ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠡᠨᠧᠷᠭᠢ ᠶᠢᠨ ᠰᠤᠷᠪᠤᠯᠵᠢ ᠶᠢᠨ ᠠᠵᠢᠯ ᠲᠦᠷᠦᠯ ᠤᠨ ᠬᠢᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠬᠠᠷᠠᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠭᠦᠷᠡᠰᠦ ᠴᠠᠬᠢᠯᠭᠠᠨ ᠤ ᠠᠵᠢᠯ ᠲᠦᠷᠦᠯ ᠤᠨ ᠡᠨᠧᠷᠭᠢ ᠶᠢ ᠠᠷᠪᠢᠯᠠᠨ ᠬᠤᠷᠣᠭᠳᠠᠭᠤᠯᠤᠯ ᠢ ᠪᠠᠭᠠᠰᠬᠠᠬᠤ ᠲᠠᠯ᠎ᠠ ᠪᠠᠷ ᠨᠡᠯᠢᠶᠡᠳ ᠢᠯᠡᠳᠲᠡ ᠠᠮᠵᠢᠯᠲᠠ ᠪᠦᠲᠦᠮᠵᠢ ᠤᠯᠪᠠ᠃ ᠨᠢᠭᠡ ᠳᠤ ᠤᠳᠤ ᠶᠢᠨ ᠠᠯᠪᠠᠨ ᠳᠤ ᠪᠠᠶᠢᠭ᠎ᠠ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠳᠤ ᠡᠨᠧᠷᠭᠢ ᠠᠷᠪᠢᠯᠠᠬᠤ ᠥᠭᠡᠷᠡᠴᠢᠯᠡᠯᠲᠡ ᠬᠢᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠨᠡᠶᠢᠳᠡ 90᠂ 3124 ᠲᠦᠮᠡᠨ ᠺᠢᠯᠣᠸᠠᠲ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠤᠯᠤᠰ ᠠᠴᠠ ᠪᠠᠭᠤᠯᠭᠠᠭᠰᠠᠨ ᠬᠠᠷᠠᠯᠲᠠ ᠡᠭᠦᠷᠭᠡ ᠶᠢ ᠵᠢᠯ ᠪᠦᠷᠢ ᠴᠥᠮ ᠳᠠᠪᠠᠭᠤᠯᠤᠨ ᠪᠡᠶᠡᠯᠡᠭᠦᠯᠪᠡ᠃ ᠬᠤᠶᠠᠷ ᠲᠤ ᠨᠡᠭᠦᠷᠡᠰᠦ ᠴᠠᠬᠢᠯᠭᠠᠨ ᠤ ᠠᠵᠢᠯ ᠲᠥᠷᠥᠯ ᠤᠨ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠡᠮᠬᠢ ᠵᠢᠷᠤᠮ ᠲᠠᠢ ᠪᠠᠷ ᠰᠢᠭᠰᠢᠭᠳᠡᠭᠦᠯᠵᠦ᠂ ᠪᠠᠷᠢᠮᠵᠢᠶ᠎ᠠ ᠳᠤ ᠥᠯᠥ ᠬᠥᠷᠬᠦ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢ ᠨᠡᠶᠢᠲᠡ 21 ᠰᠠᠭᠤᠷᠢ᠂ 33.2 ᠲᠦᠮᠡᠨ ᠺᠢᠯᠣᠸᠠᠲ ᠰᠢᠭᠰᠢᠭᠳᠡᠭᠦᠯᠵᠦ᠂ ᠤᠯᠤᠰ ᠠᠴᠠ ᠪᠠᠭᠤᠯᠭᠠᠭᠰᠠᠨ ᠬᠠᠷᠠᠯᠲᠠ ᠡᠭᠦᠷᠭᠡ ᠶᠢ ᠵᠢᠯ ᠪᠦᠷᠢ ᠴᠥᠮ ᠪᠡᠶᠡᠯᠡᠭᠦᠯᠪᠡ᠃ ᠭᠤᠷᠪᠠ ᠳᠤ ᠰᠢᠨ᠎ᠡ ᠪᠠᠷ ᠪᠠᠶᠢᠭᠤᠯᠬᠤ ᠨᠡᠭᠦᠷᠡᠰᠦ ᠴᠠᠬᠢᠯᠭᠠᠨ ᠤ ᠵᠦᠢᠯᠡᠰ ᠲᠤ ᠴᠥᠮ ᠪᠠᠭᠲᠠᠭᠠᠮᠵᠢ ᠶᠡᠬᠡᠲᠡᠶ᠂ ᠪᠣᠯᠵᠣᠯᠲᠤ ᠲᠤᠭ᠎ᠠ ᠶᠡᠬᠡᠲᠡᠶ᠂ ᠡᠨᠧᠷᠭᠢ ᠶᠢᠨ ᠬᠤᠷᠣᠭᠳᠠᠭᠤᠯᠤᠯ ᠪᠠᠭ᠎ᠠ᠂ ᠭᠠᠳᠠᠭᠰᠢᠯᠠᠭᠤᠯᠤᠯᠲᠠ ᠪᠠᠭ᠎ᠠ ᠥᠨᠳᠥᠷ ᠪᠦᠲᠦᠮᠵᠢᠲᠡᠶ ᠮᠠᠰᠢᠨ ᠴᠣᠭᠴᠠᠯᠠᠪᠤᠷᠢ ᠶᠢ ᠬᠡᠷᠡᠭᠯᠡᠨ᠎ᠡ᠃ ᠳᠡᠭᠡᠷᠡᠬᠢ ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠤᠨ᠂ 2020 ᠣᠨ ᠤ ᠡᠴᠦᠰ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠳᠤᠮᠳᠠᠴᠢ ᠴᠠᠬᠢᠯᠭᠠᠨ ᠬᠠᠩᠭᠠᠬᠤ ᠨᠡᠭᠦᠷᠡᠰᠦᠨ ᠤ ᠬᠤᠷᠣᠭᠳᠠᠯ ᠢ 321 ᠭᠷᠠᠮ / ᠺᠢᠯᠣᠸᠠᠲ ᠴᠠᠭ ᠪᠣᠯᠭᠠᠨ ᠪᠠᠭᠤᠷᠠᠭᠤᠯᠵᠤ᠂ 2015 ᠣᠨ ᠤ ᠬᠢ ᠠᠴᠠ 16 ᠭᠷᠠᠮ / ᠺᠢᠯᠣᠸᠠᠲ ᠴᠠᠭ ᠪᠠᠭᠤᠷᠠᠭᠤᠯᠤᠨ᠎ᠠ᠃      ᠲᠠᠷᠠᠭᠠᠴᠢ ᠶᠢᠨ ᠠᠯᠬᠤᠮ ᠳᠤ᠂ ᠪᠢᠳᠡ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠭᠦᠷᠡᠰᠦ ᠴᠠᠬᠢᠯᠭᠠᠨ ᠤ ᠠᠵᠢᠯ ᠲᠥᠷᠥᠯ ᠤᠨ ᠠᠷᠢᠭᠤᠨ ᠴᠡᠪᠡᠷ ᠥᠨᠳᠥᠷ ᠪᠦᠲᠦᠮᠵᠢᠲᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠨᠢᠭᠡ ᠳᠤ ᠰᠢᠨ᠎ᠡ ᠪᠠᠷ ᠪᠠᠶᠢᠭᠤᠯᠬᠤ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠡᠨᠧᠷᠭᠢ ᠶᠢᠨ ᠠᠰᠢᠭᠯᠠᠮᠵᠢ ᠶᠢᠨ ᠵᠥᠪᠰᠢᠶᠡᠷᠡᠯ ᠤᠨ ᠪᠠᠷᠢᠮᠵᠢᠶ᠎ᠠ ᠶᠢ ᠴᠢᠩᠳᠠᠯᠠᠵᠤ᠂ ᠰᠢᠨ᠎ᠡ ᠪᠠᠷ ᠪᠠᠶᠢᠭᠤᠯᠬᠤ ᠨᠡᠭᠦᠷᠡᠰᠦ ᠲᠦᠯᠡᠵᠦ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠵᠠᠷᠴᠢᠮ ᠳᠡᠭᠡᠷ᠎ᠡ ᠪᠠᠨ ᠤᠯᠤᠰ ᠤᠨ ᠳᠣᠲᠣᠭᠠᠳᠤ ᠶᠢᠨ ᠠᠭᠠᠷ ᠢᠶᠠᠷ ᠬᠥᠷᠥᠭᠡᠬᠦ ᠮᠠᠰᠢᠨ ᠤ ᠬᠠᠮᠤᠭ ᠥᠨᠳᠥᠷ ᠪᠠᠷᠢᠮᠵᠢᠶ᠎ᠠ ᠪᠠᠷ ᠪᠠᠶᠢᠭᠤᠯᠤᠨ᠎ᠠ᠃ ᠬᠤᠶᠠᠷ ᠲᠤ ᠨᠡᠭᠦᠷᠡᠰᠦ ᠴᠠᠬᠢᠯᠭᠠᠨ ᠤ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠭᠡᠭᠡᠭᠳᠡᠭᠦᠯᠬᠦ ᠬᠡᠮᠵᠢᠶ᠎ᠡ ᠶᠢ ᠨᠡᠮᠡᠭᠳᠡᠭᠦᠯᠵᠦ᠂ ᠤᠯᠤᠰ ᠤᠨ ᠨᠡᠭᠦᠷᠡᠰᠦ ᠴᠠᠬᠢᠯᠭᠠᠨ ᠤ ᠠᠵᠢᠯ ᠲᠦᠷᠦᠯ ᠤᠨ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠭᠡᠭᠡᠭᠳᠡᠭᠦᠯᠬᠦ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠮᠵᠢᠶ᠎ᠠ ᠳᠤ ᠦᠯᠦ ᠬᠦᠷᠬᠦ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢ ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠭᠡᠭᠡᠭᠳᠡᠭᠦᠯᠵᠦ ᠬᠠᠭᠠᠵᠤ ᠵᠣᠭᠰᠣᠭᠠᠨ᠎ᠠ᠃ ᠭᠤᠷᠪᠠ ᠳᠤ ᠦᠯᠡᠳᠡᠭᠡᠯ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠨ ᠬᠡᠷᠡᠭᠵᠢᠭᠦᠯᠵᠦ᠂ ᠰᠢᠭᠰᠢᠭᠳᠡᠭᠦᠯᠬᠦ ᠳᠤ ᠵᠢᠭᠰᠠᠭᠠᠨ ᠣᠷᠣᠭᠤᠯᠤᠭᠰᠠᠨ ᠥᠬᠡᠶ ᠮᠠᠰᠢᠨ ᠴᠣᠭᠴᠠᠯᠠᠪᠤᠷᠢ ᠳᠤ᠂  ᠦᠢᠯᠡᠳᠪᠦᠷᠢ ᠶᠢᠨ ᠪᠠᠶᠢᠳᠠᠯ ᠳᠤᠨᠢ ᠳᠣᠭᠢᠷᠠᠭᠤᠯᠤᠨ᠂ ᠶᠡᠷᠦᠩᠬᠡᠶᠢᠯᠡᠭᠰᠡᠨ ᠴᠢᠨᠠᠷᠲᠠᠶ᠂ ᠰᠢᠰᠲ᠋ᠧᠮᠲᠦ ᠴᠢᠨᠠᠷᠲᠠᠶ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠨᠡᠭᠦᠷᠡᠰᠦᠨ ᠤ ᠬᠤᠷᠣᠭᠳᠠᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠪᠠᠭᠤᠷᠠᠭᠤᠯᠤᠨ᠎ᠠ᠃ ᠳᠡᠭᠡᠷᠡᠬᠢ ᠠᠷᠭ᠎ᠠ ᠬᠡᠮᠵᠢᠶ᠎ᠡ ᠶᠢ ᠠᠪᠤᠭᠰᠠᠨ ᠤ ᠳᠠᠷᠠᠭ᠎ᠠ᠂ 2025 ᠣᠨ ᠪᠣᠯᠬᠤ ᠳᠤ᠂ ᠪᠥᠬᠦ ᠣᠷᠣᠨ ᠤ ᠨᠡᠭᠦᠷᠡᠰᠦ ᠲᠦᠯᠡᠵᠦ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠳᠤᠮᠳᠠᠴᠢ ᠴᠠᠬᠢᠯᠭᠠᠨ ᠬᠠᠩᠭᠠᠬᠤ ᠨᠡᠭᠦᠷᠡᠰᠦᠨ ᠤ ᠬᠤᠷᠣᠭᠳᠠᠯ ᠢ ᠤᠯᠤᠰ ᠤᠨ ᠳᠣᠲᠣᠭᠠᠳᠤ ᠶᠢᠨ ᠠᠳᠠᠯᠢ ᠲᠥᠷᠥᠯ ᠬᠡᠯᠪᠡᠷᠢ ᠶᠢᠨ ᠮᠠᠰᠢᠨ ᠴᠣᠭᠴᠠᠯᠠᠪᠤᠷᠢ ᠶᠢᠨ ᠲᠡᠷᠢᠭᠦᠨ ᠤ ᠬᠢᠷᠢ ᠬᠡᠮᠵᠢᠶ᠎ᠡ ᠳᠤ ᠬᠦᠷᠭᠡᠨ᠎ᠡ᠃      ᠵᠥᠩ ᠬᠤᠩ ᠰᠦᠯᠵᠢᠶᠡᠨ ᠤ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ ᠬᠡᠷᠬᠢᠨ ᠴᠠᠬᠢᠯᠭᠠᠨ ᠬᠦᠴᠦᠨ ᠤ ᠦᠨ᠎ᠡ ᠬᠠᠩᠰᠢ ᠶᠢᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠡᠨᠧᠷᠭᠢ ᠶᠢᠨ ᠬᠤᠷᠣᠭᠳᠠᠯ ᠶᠡᠬᠡᠲᠡᠶ ᠠᠵᠢᠯ ᠲᠥᠷᠥᠯ ᠤᠨ ᠡᠨᠧᠷᠭᠢ ᠠᠷᠪᠢᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠳᠥᠯᠭᠢᠨ ᠠᠬᠢᠭᠤᠯᠵᠤ᠂ ᠬᠤᠴᠣᠷᠤᠩᠭᠤᠶ ᠶᠢ ᠰᠢᠭᠰᠢᠭᠳᠡᠭᠦᠯᠦᠨ᠂ ᠠᠵᠤ  ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠬᠤ ᠪᠣᠶ︖      ᠳ᠋ᠦ᠋ ᠵᠠᠩ ᠶᠢᠨ᠄ ᠥᠪᠡᠷᠲᠡᠭᠡᠨ ᠵᠠᠰᠠᠬᠤ ᠣᠷᠣᠨ ᠠᠴᠠ ᠡᠨᠧᠷᠭᠢ ᠶᠢᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠨᠧᠷᠭᠢ ᠶᠢᠨ ᠬᠤᠷᠣᠭᠳᠠᠯ ᠶᠡᠬᠡᠲᠡᠶ ᠠᠵᠢᠯ ᠲᠥᠷᠥᠯ ᠤᠨ ᠬᠠᠷᠠᠭᠠᠯᠵᠠᠯ ᠤᠨ ᠲᠥᠷᠥᠯ ᠤᠨ ᠴᠠᠬᠢᠯᠭᠠᠨ ᠤ ᠦᠨ᠎ᠡ ᠵᠢᠴᠢ ᠪᠤᠰᠤᠳ ᠡᠯ᠎ᠡ ᠵᠦᠢᠯ ᠤᠨ ᠵᠦᠶ ᠵᠣᠬᠢᠰ ᠥᠬᠡᠶ ᠦᠨ᠎ᠡ ᠬᠠᠩᠰᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠢᠯᠭᠠᠷᠠᠭᠤᠯᠤᠨ ᠬᠦᠴᠦᠨ ᠥᠬᠡᠶ ᠪᠣᠯᠭᠠᠵᠤ᠂ ᠵᠥᠷᠢᠶᠡᠲᠦ ᠴᠠᠬᠢᠯᠭᠠᠨ ᠤ ᠦᠨ᠎ᠡ᠂ ᠵᠠᠯᠬᠠᠭᠠᠬᠤ ᠴᠢᠨᠠᠷᠲᠠᠶ ᠴᠠᠬᠢᠯᠭᠠᠨ ᠤ ᠦᠨ᠎ᠡ ᠶᠢ ᠴᠢᠩᠭ᠎ᠠ ᠬᠡᠷᠡᠭᠵᠢᠭᠦᠯᠦᠨ᠂ ᠡᠨᠧᠷᠭᠢ ᠶᠢᠨ ᠬᠤᠷᠣᠭᠳᠠᠯ ᠶᠡᠬᠡᠲᠡᠶ ᠠᠵᠢᠯ ᠲᠥᠷᠥᠯ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠠᠬᠢᠭᠤᠯᠵᠤ᠂ ᠬᠤᠴᠣᠷᠤᠩᠭᠤᠶ ᠶᠢ ᠰᠢᠭᠰᠢᠭᠳᠡᠭᠦᠯᠦᠨ᠂ ᠠᠵᠤ  ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ ᠶᠢᠨ ᠰᠢᠯᠢᠳᠡᠭᠵᠢᠨ ᠲᠠᠰ ᠳᠡᠪᠰᠢᠬᠦ ᠶᠢ ᠠᠬᠢᠭᠤᠯᠤᠨ᠎ᠠ᠃      ᠨᠢᠭᠡ ᠳᠤ᠂ 2021 ᠣᠨ ᠤ 2 ᠳ᠋ᠤᠭᠠᠷ ᠰᠠᠷ᠎ᠠ ᠶᠢᠨ 10 ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠤ ᠠᠵᠢᠯ ᠲᠥᠷᠥᠯ ᠤᠨ ᠦᠨᠳᠦᠰᠦᠨ ᠴᠠᠬᠢᠯᠭᠠᠨ ᠤ ᠰᠦᠶ᠋ᠳᠬᠡᠯ ᠢ ᠺᠢᠯᠣᠸᠠᠲ ᠴᠠᠭ ᠪᠦᠷᠢ ᠳᠤ 3.39 ᠬᠤᠪᠢ ᠶᠢᠨ ᠴᠠᠬᠢᠯᠭᠠᠨ ᠤ ᠦᠨ᠎ᠡ ᠪᠠᠷ ᠨᠤᠭᠤᠯᠤᠨ ᠪᠤᠳᠤᠬᠤ ᠲᠥᠷᠥ ᠶᠢᠨ ᠪᠣᠳᠣᠯᠭ᠎ᠠ ᠶᠢ ᠬᠦᠴᠦᠨ ᠥᠬᠡᠶ ᠪᠣᠯᠭᠠᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠤᠷ ᠤᠨ ᠲᠣᠩᠭᠤᠷᠤᠤ ᠱᠠᠲᠤᠯᠢᠭ ᠴᠠᠬᠢᠯᠭᠠᠨ ᠳᠠᠮᠵᠢᠭᠤᠯᠵᠤ ᠲᠦᠭᠡᠭᠡᠬᠦ ᠦᠨ᠎ᠡ ᠶᠢᠨ ᠲᠥᠷᠥ ᠶᠢᠨ ᠪᠣᠳᠣᠯᠭ᠎ᠠ ᠶᠢ ᠤᠰᠠᠳᠬᠠᠨ᠎ᠠ᠃      ᠬᠤᠶᠠᠷ ᠲᠤ 2021 ᠣᠨ ᠤ 2 ᠳ᠋ᠤᠭᠠᠷ ᠰᠠᠷ᠎ᠠ ᠶᠢᠨ 10 ᠤ ᠡᠳᠦᠷ ᠠᠴᠠ ᠡᠬᠢᠯᠡᠨ᠂ ᠥᠪᠡᠷ ᠲᠡᠭᠡᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠨᠢ ᠥᠪᠡᠷᠲᠡᠭᠡᠨ ᠬᠡᠷᠡᠭᠯᠡᠬᠦ ᠴᠠᠬᠢᠯᠭᠠᠨ ᠬᠡᠷᠡᠭᠯᠡᠬᠦ ᠬᠡᠮᠵᠢᠶ᠎ᠡ ᠪᠠᠷ ᠲᠥᠷᠥ ᠶᠢᠨ ᠪᠣᠳᠣᠯᠭ᠎ᠠ ᠶᠢᠨ ᠴᠢᠨᠠᠷᠲᠠᠶ ᠰᠣᠯᠪᠢᠴᠠᠯ ᠤᠨ ᠨᠥᠬᠦᠪᠥᠷᠢ ᠲᠤᠰᠢᠶᠠᠵᠤ᠂ ᠥᠪᠥᠷ ᠮᠣᠩᠭᠤᠯ ᠤᠨ ᠪᠠᠷᠠᠭᠤᠨ ᠬᠡᠰᠡᠭ᠂ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠲᠣᠤᠷ ᠤᠨ ᠲᠠᠲᠠᠪᠤᠷᠢᠯᠠᠬᠤ ᠪᠠᠷᠢᠮᠵᠢᠶ᠎ᠠ ᠨᠢ ᠲᠣᠰ ᠲᠣᠰ ᠺᠢᠯᠣᠸᠠᠲ ᠴᠠᠭ ᠪᠦᠷᠢ ᠳᠤ 0.01 ᠲᠥᠭᠦᠷᠢᠭ᠂ 0.02 ᠲᠥᠭᠦᠷᠢᠭ ︵ᠭᠠᠶᠢᠯᠢ ᠪᠠᠭᠲᠠᠨ᠎ᠠ︶ ᠪᠣᠯᠤᠨ᠎ᠠ᠃      ᠭᠤᠷᠪᠠ ᠳᠤ ᠴᠠᠬᠢᠯᠭᠠᠨ ᠵᠠᠳᠠᠯᠤᠯ ᠤᠨ ᠬᠥᠩᠭᠡᠨᠴᠠᠭᠠᠨ᠂ ᠱᠦᠢᠨᠢ᠂ ᠪᠤᠯᠤᠳ ᠲᠡᠮᠦᠷ ᠤᠨ ᠠᠵᠢᠯ ᠲᠦᠷᠦᠯ ᠳᠤ ᠴᠠᠬᠢᠯᠭᠠᠨ ᠤ ᠱᠠᠲᠤᠯᠢᠭ ᠦᠨ᠎ᠡ ᠶᠢᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ 2021 ᠣᠨ ᠤ ᠡᠨᠧᠷᠭᠢ ᠶᠢᠨ ᠬᠤᠷᠣᠭᠳᠠᠯ ᠤᠨ ᠪᠠᠷᠢᠮᠵᠢᠶ᠎ᠠ ᠪᠠ ᠦᠨ᠎ᠡ ᠨᠡᠮᠡᠬᠦ ᠪᠠᠷᠢᠮᠵᠢᠶ᠎ᠠ ᠶᠢ ᠤᠯᠤᠰ ᠤᠨ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ 2022᠂ 2023 ᠣᠨ ᠳᠤ ᠥᠪᠡᠷᠲᠡᠭᠡᠨ ᠵᠠᠰᠠᠬᠤ ᠣᠷᠣᠨ ᠤ ᠠᠵᠤ  ᠦᠢᠯᠡᠳᠪᠦᠷᠢ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠳ ᠡᠨᠧᠷᠭᠢ ᠶᠢᠨ ᠬᠤᠷᠣᠭᠳᠠᠯ ᠤᠨ ᠨᠠᠩ ᠴᠢᠩᠭ᠎ᠠ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠦᠨ᠎ᠡ ᠨᠡᠮᠡᠬᠦ ᠪᠠᠷᠢᠮᠵᠢᠶ᠎ᠠ ᠶᠢ ᠲᠣᠳᠣᠷᠬᠠᠶᠢᠯᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠢᠷᠢ ᠬᠡᠮᠵᠢᠶ᠎ᠡ ᠶᠢᠨ ᠰᠠᠭᠤᠷᠢᠨ ᠳᠡᠭᠡᠷ᠎ᠡ ᠲᠣᠰ ᠲᠣᠰ 30%᠂ 50% ᠪᠠᠷ ᠳᠡᠭᠡᠭᠰᠢᠯᠡᠭᠦᠯᠦᠨ᠎ᠡ᠃      ᠲᠦᠷᠪᠡ ᠳᠤ ᠤᠯᠤᠰ ᠤᠨ ᠲᠣᠭᠲᠠᠭᠠᠯ ᠢ ᠴᠢᠩᠭ᠎ᠠ ᠵᠢᠷᠤᠮᠯᠠᠨ ᠴᠠᠬᠢᠯᠭᠠᠨ ᠵᠠᠳᠠᠯᠤᠯ ᠤᠨ ᠬᠦᠩᠭᠡᠨ ᠴᠠᠭᠠᠨ᠂ ᠲᠡᠮᠦᠷ ᠤᠨ ᠬᠠᠶᠢᠯᠤᠰᠢ᠂ ᠴᠠᠬᠢᠯᠠᠭᠤᠷ ᠴᠢᠯᠠᠭᠤ᠂ ᠢᠳᠡᠮᠡᠬᠡᠶ ᠬᠤᠵᠢᠷ᠂ ᠱᠦᠢᠨᠢ᠂ ᠪᠤᠯᠤᠳ ᠲᠡᠮᠤᠷ᠂ ᠰᠢᠷ᠎ᠠ ᠹᠣᠰᠹᠣᠷ᠂ ᠴᠠᠶᠢᠷ ᠪᠣᠯᠪᠠᠰᠤᠷᠠᠭᠤᠯᠬᠤ ᠵᠡᠷᠭᠡ 8 ᠠᠵᠢᠯ ᠲᠦᠷᠦᠯ ᠳᠤ ᠵᠥᠷᠢᠶᠡᠲᠦ ᠴᠠᠬᠢᠯᠭᠠᠨ ᠤ ᠦᠨ᠎ᠡ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ 2021 ᠣᠨ ᠤ ᠲᠠᠲᠠᠪᠤᠷᠢᠯᠠᠬᠤ ᠪᠠᠷᠢᠮᠵᠢᠶ᠎ᠠ ᠨᠢ ᠬᠢᠵᠠᠭᠠᠷᠯᠠᠬᠤ ᠲᠥᠷᠥᠯ ᠤᠨ ᠺᠢᠯᠣᠸᠠᠲ ᠴᠠᠭ ᠪᠦᠷᠢ ᠳᠤ 0.1 ᠲᠥᠭᠦᠷᠢᠭ᠂ ᠰᠢᠭᠰᠢᠭᠳᠡᠭᠦᠯᠬᠦ ᠲᠥᠷᠥᠯ ᠤᠨ ᠺᠢᠯᠣᠸᠠᠲ ᠴᠠᠭ ᠪᠦᠷᠢ ᠳᠤ 0.3 ᠲᠥᠭᠦᠷᠢᠭ ︵ᠱᠦᠶ᠋ᠨᠢ ᠺᠢᠯᠣᠸᠠᠲ ᠴᠠᠭ ᠪᠦᠷᠢ ᠳᠤ 0.4 ᠲᠥᠭᠦᠷᠢᠭ᠂ ᠪᠣᠯᠣᠳ ᠲᠡᠮᠦᠷ ᠺᠢᠯᠣᠸᠠᠲ ᠴᠠᠭ ᠪᠦᠷᠢ ᠳᠤ 0.5 ᠲᠥᠭᠦᠷᠢᠭ︶᠂ 2022᠂ 2023 ᠣᠨ ᠤ ᠵᠥᠷᠢᠶᠡᠲᠦ ᠴᠠᠬᠢᠯᠭᠠᠨ ᠤ ᠦᠨ᠎ᠡ ᠶᠢᠨ ᠦᠨ᠎ᠡ ᠨᠡᠮᠡᠬᠦ ᠪᠠᠷᠢᠮᠵᠢᠶ᠎ᠠ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠬᠢᠷᠢ ᠬᠡᠮᠵᠢᠶ᠎ᠡ ᠶᠢᠨ ᠰᠠᠭᠤᠷᠢᠨ ᠳᠡᠭᠡᠷ᠎ᠡ ᠲᠣᠰ ᠲᠣᠰ 30%᠂ 50% ᠪᠠᠷ ᠳᠡᠭᠡᠭᠰᠢᠯᠡᠭᠦᠯᠦᠨ᠎ᠡ᠃
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ