ᠪᠦᠬᠦ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/19
      3 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠠᠴᠠ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠢ ᠬᠤᠷᠠᠯᠳᠤᠭᠤᠯᠵᠤ᠂ ᠪᠥᠬᠦ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠪᠥᠬᠦ ᠵᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠪᠠᠶᠢᠩᠭᠤ ᠶᠢᠨ ᠳᠡᠳ᠋ ᠶᠡᠷᠦᠩᠬᠡᠶ ᠵᠢᠯᠣᠭᠤᠳᠣᠭᠴᠢ ᠯᠢ ᠪᠢᠩ ᠷᠦᠩ ᠬᠤᠷᠠᠯ ᠳᠤ ᠣᠷᠣᠯᠴᠠᠵᠤ ᠶᠠᠷᠢᠶ᠎ᠠᠲᠠᠯᠪᠢᠪᠠ᠃      ᠯᠢ ᠪᠢᠩ ᠷᠦᠩ ᠵᠢᠭᠠᠬᠤ ᠳᠤ ᠪᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠤᠯᠪᠣᠭᠳᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠲᠦᠯᠲᠡᠢ ᠲᠥᠯᠥᠪᠵᠢᠭᠦᠯᠬᠦ ᠤᠯᠤᠰ ᠲᠥᠷᠥ ᠶᠢᠨ ᠥᠨᠳᠥᠷᠴᠡ ᠠᠴᠠ ᠡᠭᠦᠰᠦᠨ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠨᠣᠯᠵᠢᠬᠤᠨ ᠢ ᠪᠠᠷᠢᠮᠲᠠᠯᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨ ᠬᠦ ᠴᠢᠩᠭ᠎ᠠ ᠪᠥᠭᠡᠳ ᠪᠣᠳᠠᠲᠠᠶ ᠠᠳᠬᠤᠬᠤ ᠬᠡᠷᠡᠭᠲᠡᠶ ᠭᠡᠵᠡᠢ᠃      ᠯᠢ ᠪᠢᠩ ᠷᠦᠩ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠳᠣᠬᠠᠨ ᠤ ᠭᠠᠯ ᠢ ᠰᠡᠷᠭᠡᠶᠢᠯᠡᠬᠦ ᠪᠠᠶᠢᠳᠠᠯ ᠢ ᠣᠨᠣᠪᠴᠢᠲᠠᠢ ᠡᠵᠡᠮᠰᠢᠵᠦ᠂ ᠠᠰᠠᠭᠤᠳᠠᠯ ᠤᠨ ᠭᠡᠮ ᠰᠣᠭᠤᠭ ᠢ ᠭᠦᠨᠵᠡᠭᠡᠢ ᠢᠯᠭᠠᠨ ᠪᠠᠶᠢᠴᠠᠭᠠᠵᠤ᠂ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠭᠠᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠶᠢ ᠴᠢᠩᠭ᠎ᠠ ᠬᠢᠵᠠᠭᠠᠷᠯᠠᠵᠤ᠂ ᠭᠠᠯ ᠢ ᠰᠡᠷᠭᠡᠶᠢᠯᠡᠬᠦ ᠤᠬᠠᠭᠤᠯᠭ᠎ᠠ ᠶᠢ ᠴᠢᠩᠭᠠᠷᠠᠭᠤᠯᠵᠤ᠂ ᠤᠷᠢᠳᠴᠢᠯᠠᠨ ᠰᠡᠷᠡᠮᠵᠢᠯᠡᠭᠦᠯᠵᠦ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠵᠦ ᠭᠠᠯ ᠤᠨᠲᠠᠷᠠᠭᠠᠬᠤ ᠠᠵᠢᠯ ᠢ ᠰᠠᠶᠢᠲᠤᠷ ᠬᠢᠵᠦ᠂ ᠭᠠᠯ ᠤᠨ ᠠᠶᠤᠯ ᠭᠠᠷᠤᠭᠰᠠᠨ ᠤ ᠳᠠᠷᠠᠭ᠎ᠠ ᠡᠷᠲᠡ ᠤᠨᠲᠠᠷᠠᠭᠠᠬᠤ᠂ ᠪᠠᠭ᠎ᠠ ᠳᠡᠭᠡᠷ᠎ᠡ ᠨᠢ ᠤᠨᠲᠠᠷᠠᠭᠠᠬᠤ᠂ ᠲᠤᠶᠢᠯᠪᠤᠷᠢᠲᠠᠢ ᠤᠨᠲᠠᠷᠠᠭᠠᠬᠤ ᠶᠢ ᠪᠠᠲᠤᠯᠠᠵᠤ᠂ ᠪᠦᠬᠦ ᠵᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ ᠤᠯᠬᠤ ᠬᠡᠷᠡᠭᠲᠡᠢ ᠭᠡᠵᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ