2 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠠᠶᠢᠮᠠᠭ ᠬᠤᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ | ᠬᠤᠷᠠᠯᠳᠤᠭᠤᠯᠵᠤ᠂ ᠡᠯ᠎ᠡ ᠠᠶᠢᠮᠠᠭ ᠬᠤᠲᠠ ᠶᠢᠨ 2021 ᠣᠨ ᠤ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠶᠢᠨ ᠲᠣᠬᠢᠷᠠᠭᠤᠯᠤᠯᠲᠠ᠂ ᠴᠢᠬᠤᠯᠠ | ᠶᠡᠭᠡ ᠲᠥᠷᠥᠯ ᠵᠦᠶᠯ ᠤᠨ ᠠᠵᠢᠯ ᠡᠬᠢᠯᠡᠬᠦ᠂ ᠦᠷᠭᠦᠯᠵᠢᠯᠡᠨ ᠪᠠᠶᠢᠭᠤᠯᠬᠤ᠂ ᠲᠥᠯᠥᠪᠵᠢᠭᠦᠯᠦᠨ ᠠᠬᠢᠭᠤᠯᠬᠤ ᠵᠢᠴᠢ ᠡᠨᠧᠷᠭᠢ ᠶᠢᠨ ᠬᠤᠷᠣᠭᠳᠠᠯ ᠤᠨ ︽ᠬᠤᠶᠠᠷ ᠢ | ᠬᠤᠷᠢᠭᠯᠠᠬᠤ︾ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠢᠮᠠᠭᠲᠠ | ᠪᠠᠲᠤᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠲᠦᠷᠭᠡᠳᠬᠡᠵᠦ᠂ ᠤᠯᠠᠮᠵᠢᠯᠠᠯᠲᠤ ᠠᠵᠤ | ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ | ᠴᠢᠬᠤᠯᠠ ᠶᠡᠭᠡ ᠲᠥᠷᠥᠯ ᠵᠦᠶᠯ ᠤᠨ ᠠᠵᠢᠯ ᠢᠶᠠᠨ ᠡᠬᠢᠯᠡᠭᠦᠯᠬᠦ᠂ ᠦᠷᠭᠦᠯᠵᠢᠯᠡᠨ ᠪᠠᠶᠢᠭᠤᠯᠬᠤ᠂ ᠲᠥᠯᠥᠪᠵᠢᠭᠦᠯᠦᠨ ᠠᠬᠢᠭᠤᠯᠬᠤ ᠠᠵᠢᠯ ᠢ ᠰᠠᠶᠢᠲᠤᠷ ᠠᠳᠬᠤᠵᠤ᠂ | ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠠᠵᠤ ᠦᠶᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠶᠯ ᠢ ᠪᠤᠲᠠᠲᠠᠶᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠵᠦ᠂ ᠬᠦᠴᠢᠷᠲᠡᠢ ᠡᠮᠵᠡᠭᠲᠡᠢ ᠲᠦᠪᠡᠭᠲᠡᠶ ᠠᠰᠠᠭᠤᠳᠠᠯ ᠢ ᠰᠢᠶᠳᠪᠦᠷᠢᠯᠡᠵᠦ᠂ ᠵᠠᠬ᠎ᠠ ᠳᠡᠯᠭᠡᠭᠦᠷ | ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠬᠤᠰᠢᠭᠤᠴᠢ ᠭᠠᠯᠠᠭᠤ ᠶᠢᠨ ᠦᠶᠯᠡᠳᠦᠯ ᠢᠶᠠᠨ ᠪᠠᠳᠠᠷᠠᠭᠤᠯᠵᠤ᠂ ᠴᠢᠬᠤᠯᠠ ᠶᠡᠭᠡ ᠲᠥᠷᠥᠯ ᠵᠦᠶᠯ ᠤᠨ ᠰᠠᠷ᠎ᠠ ᠶᠢᠨ | ᠲᠣᠬᠢᠷᠠᠭᠤᠯᠤᠯᠲᠠ᠂ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠬᠢᠨᠠᠨ ᠰᠢᠯᠭᠠᠵᠤ ᠬᠢᠨᠠᠯᠲᠠ ᠲᠠᠯᠪᠢᠬᠤ ᠪᠠ ︽ᠤᠯᠠᠭᠠᠨ ᠬᠠᠷ᠎ᠠ ᠲᠠᠩᠰᠠ︾ ᠵᠡᠷᠭᠡ ᠠᠵᠢᠯ ᠤᠨ | ᠲᠣᠭᠲᠠᠴᠠ ᠶᠢ ᠨᠠᠶᠢᠳᠠᠪᠤᠷᠢᠵᠢᠭᠤᠯᠵᠤ᠂ ᠪᠥᠬᠦ ᠬᠦᠴᠦᠨ ᠢᠶᠠᠷ ᠢᠶᠠᠨ ᠲᠥᠷᠥᠯ ᠵᠦᠶᠯ ᠢ ᠠᠳᠬᠤᠵᠤ ᠪᠠᠯᠠ ᠣᠷᠣᠭᠤᠯᠤᠯᠲᠠ ᠶᠢᠨ ᠲᠣᠭᠲᠠᠭᠤᠨ ᠨᠡᠮᠡᠭᠳᠡᠯ ᠢ ᠠᠬᠢᠭᠤᠯᠤᠨ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠠᠲᠤᠯᠠᠬᠤ ᠬᠡᠷᠡᠭᠲᠡᠶ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠶᠤᠯ ᠦᠭᠡᠢ ᠦᠢᠯᠡᠳᠪᠦᠷᠢᠯᠡᠯ ᠤᠨ ᠰᠡᠷᠡᠮᠵᠢᠯᠡᠬᠦ᠂ ᠭᠠᠯ ᠢ ᠰᠡᠷᠭᠡᠶᠢᠯᠡᠬᠦ᠂ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠤᠨ ᠪᠡᠯᠡᠳᠬᠡᠯ ᠵᠡᠷᠭᠡ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠡᠢ᠃ | |