2021 ᠣᠨ ᠤ ᠪᠦᠬᠦ ᠣᠷᠣᠨ ᠤ ᠮᠥᠩᠭᠦᠨ ᠭᠦᠢᠯᠭᠡᠭᠡ ᠶᠢ ᠲᠣᠭᠲᠠᠪᠤᠷᠢᠵᠢᠭᠤᠯᠤᠨ ᠬᠥᠭᠵᠢᠯᠲᠡ ᠶᠢ ᠠᠬᠢᠭᠤᠯᠵᠤ ᠲᠦᠭᠰᠢᠭᠦᠷᠢ ᠶᠢ ᠰᠡᠷᠭᠡᠶᠢᠯᠡᠬᠦ ᠠᠵᠢᠯ ᠢ ᠲᠥᠯᠬᠢᠨ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/19
      3 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 2021 ᠣᠨ ᠤ ᠪᠥᠬᠦ ᠣᠷᠣᠨ ᠤ ᠮᠥᠩᠭᠦᠨ ᠭᠦᠢᠯᠭᠡᠭᠡ ᠶᠢ ᠲᠣᠭᠲᠠᠪᠤᠷᠢᠵᠢᠭᠤᠯᠤᠨ ᠬᠥᠭᠵᠢᠯᠲᠡ ᠶᠢ ᠠᠬᠢᠭᠤᠯᠵᠤ ᠲᠦᠭᠰᠢᠭᠦᠷᠢ ᠶᠢ ᠰᠡᠷᠭᠡᠶᠢᠯᠡᠬᠦ ᠠᠵᠢᠯ ᠢ ᠳᠥᠯᠭᠢᠨ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯᠬᠤᠷᠠᠯᠳᠤᠭᠤᠯᠪᠠ᠃       ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠶ᠎ᠠ ᠲᠠᠯᠪᠢᠵᠠᠢ᠃       ᠬᠤᠸᠠᠩ ᡁᠢ ᠴᠢᠶᠠᠩ ᠵᠢᠭᠠᠵᠤ ᠭᠠᠷᠭᠠᠭᠰᠠᠨ ᠨᠢ᠂ ᠨᠢᠳᠤᠨᠤᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠲᠦᠢᠯ ᠤᠨ ᠨᠠᠷᠢᠨ ᠪᠤᠳᠤᠯᠢᠶᠠᠨᠲᠠᠶ ᠬᠦᠨᠳᠦ ᠬᠡᠴᠡᠭᠦᠦ ᠪᠠᠶᠢᠳᠠᠯ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠶᠢᠨ ᠡᠮᠦᠨ᠎ᠡ᠂ ᠪᠥᠬᠦ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠠᠶᠢᠲᠤᠷ ᠦᠢᠯᠡᠴᠢᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ᠂ ᠠᠵᠤ ᠠᠬᠤᠶ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠳᠤ ᠡᠷᠬᠢᠮ ᠨᠠᠨᠳᠢᠨ ᠮᠥᠩᠭᠦᠨ ᠭᠦᠢᠯᠭᠡᠭᠡᠨ ᠤ ᠬᠦᠴᠦᠨ ᠴᠢᠳᠠᠯ ᠢᠶᠠᠨ ᠡᠷᠭᠦᠪᠡ ᠭᠡᠵᠡᠢ᠃       ᠬᠤᠸᠠᠩ ᡁᠢ ᠴᠢᠶᠠᠩ ᠴᠢᠬᠤᠯᠠᠴᠢᠯᠠᠭᠰᠠᠨ ᠨᠢ᠂ 2021 ᠣᠨ ᠳᠤ᠂ ᠪᠦᠬᠦ ᠣᠷᠣᠨ ᠤ ᠮᠥᠩᠭᠦᠨ ᠭᠦᠢᠯᠭᠡᠭᠡᠨ ᠤ ᠦᠢᠯᠡᠰ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠢ ᠶᠢ ᠪᠦᠲᠦᠮᠵᠢᠲᠡᠢ ᠳᠡᠮᠵᠢᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ︔ ᠲᠦᠢᠯ ᠤᠨ ᠣᠨᠤᠪᠴᠢᠲᠠᠢ ᠪᠦᠭᠡᠳ ᠪᠦᠲᠦᠮᠵᠢᠲᠡᠢ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠭᠤᠶᠢᠪᠢᠰᠢ ᠦᠭᠡᠢ ᠰᠠᠶᠢᠲᠤᠷ ᠬᠢᠬᠦ ᠬᠡᠷᠡᠭᠲᠡᠢ︔ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠴᠢᠳᠠᠪᠤᠷᠢ ᠪᠣᠯᠤᠨ ᠬᠢᠷᠢ ᠲᠥᠪᠰᠢᠨ ᠢ ᠳᠡᠭᠡᠭᠰᠢᠯᠡᠭᠦᠯᠬᠦ ᠬᠡᠷᠡᠭᠲᠡᠢ︔ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠮᠥᠩᠭᠦᠨ ᠭᠦᠢᠯᠭᠡᠭᠡᠨ ᠤ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠬᠤ ᠳᠤ ᠦᠨᠳᠦᠰᠦᠨ ᠤᠯᠤᠰ ᠲᠦᠷᠦ ᠶᠢᠨ ᠪᠠᠲᠤᠯᠠᠭ᠎ᠠ ᠬᠠᠩᠭᠠᠵᠤ ᠥᠭᠬᠦ ᠬᠡᠷᠡᠭᠲᠡᠢ᠃ ᠰᠢᠰᠲ᠋ᠧᠮ ᠲᠠᠢ ᠣᠶᠢᠯᠠᠭᠠᠭᠳᠠᠬᠤᠨ ᠢᠶᠠᠷ ᠪᠦᠬᠦ ᠲᠠᠯ᠎ᠠ ᠶᠢ ᠪᠣᠳᠣᠯᠬᠢᠯᠠᠨ᠂ ᠬᠤᠪᠢᠰᠤᠩᠭᠤᠢ ᠰᠡᠳᠬᠢᠬᠦᠢ ᠪᠠᠷ ᠠᠰᠠᠭᠤᠳᠠᠯ ᠢ ᠦᠵᠡᠵᠦ᠂ ᠰᠢᠨ᠎ᠡ ᠶᠢ ᠡᠭᠦᠳᠬᠦ ᠤᠬᠠᠮᠰᠠᠷ ᠢᠶᠠᠷ ᠠᠷᠭ᠎ᠠ ᠬᠡᠮᠵᠢᠶ᠎ᠡ ᠳᠤᠷᠠᠳᠤᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠥᠪᠡᠷᠲᠡᠭᠡᠨ ᠵᠠᠰᠠᠬᠤ ᠣᠷᠣᠨ ᠤ ︽14·5︾ ᠶᠢᠨ ᠡᠬᠢᠯᠡᠯᠲᠡ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠮᠥᠩᠭᠦᠨ ᠭᠦᠢᠯᠭᠡᠭᠡᠨ ᠤ ᠡᠷᠴᠢᠮᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ