ᠪᠥᠬᠦ ᠣᠷᠣᠨ ᠤ ᠤᠳᠤᠷᠢᠳᠬᠤ ᠺᠠᠳ᠋ᠷᠴᠤᠳ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠲᠡᠭᠦᠰᠬᠦ ᠶᠣᠰᠣᠯᠠᠯ ᠶᠠᠪᠤᠭᠤᠯᠪᠠ  ᠯᠢᠨ ᠱᠣᠤ ᠴᠦᠨ ᠶᠠᠷᠢᠶ᠎ᠠ ᠲᠠᠯᠪᠢᠵᠤ ᠶᠠᠩ ᠸᠧᠶ ᠳ᠋ᠦᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2021/3/2

      3 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠪᠥᠬᠦ ᠣᠷᠣᠨ ᠤ ᠤᠳᠤᠷᠢᠳᠬᠤ ᠺᠠᠳ᠋ᠷᠴᠤᠳ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠲᠡᠭᠦᠰᠬᠦ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠸᠧᠢ ᠳ᠋ᠦᠩ ᠬᠤᠷᠠᠯ ᠢ ᠡᠷᠬᠢᠯᠡᠪᠡ᠃
      ᠯᠢᠨ ᠱᠤᠤ ᠴᠦᠨ ᠳ᠋ᠦᠩᠨᠡᠯᠲᠡ ᠶᠢᠨ ᠶᠠᠷᠢᠶᠠᠨ ᠳᠤ ᠪᠠᠨ᠂ ᠰᠤᠳᠤᠯᠤᠨ ᠶᠠᠷᠢᠯᠴᠠᠬᠤ ᠠᠩᠬᠢ ᠶᠢᠨ ᠦᠷ᠎ᠡ ᠪᠦᠲᠦᠭᠡᠯ ᠢ ᠭᠦᠢᠴᠡᠳ ᠰᠠᠶᠢᠲᠤᠷ ᠠᠰᠢᠭᠯᠠᠵᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠪᠣᠳᠠᠲᠠᠢ ᠦᠷ᠎ᠡ ᠪᠦᠲᠦᠮᠵᠢ ᠪᠣᠯᠭᠠᠨ ᠢᠳᠡᠪᠬᠢᠲᠡᠢ ᠬᠤᠪᠢᠷᠠᠭᠤᠯᠬᠤ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠬᠡᠯᠡᠭᠰᠡᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠠᠭᠤᠰᠤᠯᠴᠠᠭᠤᠯᠵᠦ ᠨᠡᠪᠲᠡᠷᠡᠭᠦᠯᠦᠨ᠂ ᠨᠢᠭᠡ ᠴᠣᠭᠴᠠᠵᠢᠭᠤᠯᠤᠨ ᠰᠤᠷᠤᠯᠴᠠᠨ ᠲᠤᠭᠤᠰᠢᠯᠠᠭᠤᠯᠵᠤ᠂ ᠠᠮᠢ ᠠᠬᠤᠶ ᠶᠢ ᠤᠷᠢᠳᠠᠪᠠᠷ ᠪᠣᠳᠣᠯᠬᠢᠯᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠢᠮᠠᠭᠲᠠ ᠲᠤᠭᠤᠰᠢᠯᠠᠭᠤᠯᠤᠨ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠤᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠶᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠢ ᠲᠦᠷᠭᠡᠪᠴᠢᠯᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠪᠠᠷ ᠬᠠᠷᠠᠯᠲᠠᠲᠤ ᠡᠭᠦᠷᠭᠡ ᠪᠣᠯᠭᠠᠨ᠂ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶᠢᠯᠠᠵᠦ᠂ ᠬᠥᠭᠵᠢᠯᠲᠡ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ ᠠᠷᠭ᠎ᠠ ᠪᠠᠷᠢᠯ ᠳᠤ ᠰᠢᠨ᠎ᠡ ᠶᠢ ᠡᠭᠦᠳᠬᠦ ᠬᠡᠷᠡᠭᠲᠡᠢ᠃ ᠡᠯ᠎ᠡ ᠭᠠᠵᠠᠷ ᠤᠳ ᠴᠢᠬᠤᠯᠠᠲᠠᠢ ᠶᠢ ᠨᠢ ᠬᠢᠵᠦ ᠴᠢᠬᠤᠯᠠ ᠦᠭᠡᠢ ᠶᠢ ᠨᠢ ᠦᠯᠦ ᠬᠢᠬᠦ ᠶᠢ ᠪᠠᠷᠢᠮᠲᠠᠯᠠᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ᠂ ᠰᠠᠶᠢᠨᠲᠠᠶ ᠲᠠᠯ᠎ᠠ ᠪᠠᠨ ᠪᠠᠳᠠᠷᠠᠭᠤᠯᠤᠨ ᠳᠤᠲᠠᠭᠳᠠᠯ ᠲᠠᠢ ᠲᠠᠯ᠎ᠠ ᠪᠠᠨ ᠲᠡᠪᠴᠢᠵᠦ᠂ ᠡᠯ᠎ᠡ ᠵᠦᠶᠯ ᠤᠨ ᠠᠵᠢᠯ ᠢ ᠲᠥᠪ ᠤᠨ ᠱᠠᠭᠠᠷᠳᠠᠯᠭ᠎ᠠ ᠳᠤ ᠨᠡᠶᠢᠴᠡᠭᠦᠯᠬᠦ ᠶᠢ ᠦᠨᠡᠨ ᠬᠦ ᠪᠠᠲᠤᠯᠠᠬᠤ ᠮᠥᠷᠲᠡᠭᠡᠨ ᠪᠠᠰᠠ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠬᠤ ᠬᠡᠷᠡᠭᠲᠡᠶ᠃ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠨ ᠵᠣᠷᠢᠯᠲᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠰᠠᠨᠠᠭᠠᠰᠢᠷᠠᠬᠤ ᠤᠬᠠᠮᠰᠠᠷ ᠤᠨ ᠲᠠᠯ᠎ᠠ ᠪᠠᠷ ᠰᠢᠨ᠎ᠡ ᠬᠥᠭᠵᠢᠯᠲᠡ ᠶᠢᠨ ᠣᠨᠣᠯᠵᠢᠬᠤᠨ ᠢ ᠡᠵᠡᠮᠰᠢᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ ᠳᠤ ᠠᠭᠤᠰᠤᠯᠴᠠᠬᠤ ᠰᠢᠪᠲᠤᠯᠤᠯᠲᠠ ᠶᠢᠨ ᠴᠡᠭ ᠢ ᠣᠨᠣᠪᠴᠢᠲᠠᠢ ᠡᠷᠢᠨ ᠣᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠠᠭᠤᠰᠤᠯᠴᠠᠬᠤ ᠶᠢ ᠲᠥᠷᠭᠡᠳᠬᠡᠨ᠂ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠰᠢᠯᠤᠭᠤᠳᠬᠠᠬᠤ ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠬᠥᠭᠵᠢᠯᠲᠡ ᠶᠢᠨ ᠳᠤᠮᠳᠠ ᠲᠤᠯᠭᠠᠷᠠᠵᠤ ᠪᠠᠶᠢᠭ᠎ᠠ ᠪᠠ ᠨᠢᠭᠤᠭᠳᠠᠵᠤ ᠪᠠᠶᠢᠭ᠎ᠠ ᠡᠯ᠎ᠡ ᠵᠦᠶᠯ ᠤᠨ ᠠᠶᠤᠯ ᠲᠦᠭᠰᠢᠭᠦᠷᠢ ᠶᠢ ᠴᠠᠭ ᠲᠤᠬᠠᠶ ᠳᠤ ᠨᠢ ᠰᠡᠷᠭᠡᠶᠢᠯᠡᠨ ᠠᠷᠢᠯᠭᠠᠬᠤ ᠬᠡᠷᠡᠭᠲᠡᠶ᠃ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ ᠪᠠ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ ᠲᠥᠷᠥ ᠶᠢᠨ ᠬᠠᠷᠠᠴᠠ ᠪᠠᠷ ᠠᠰᠠᠭᠤᠳᠠᠯ ᠢ ᠠᠵᠢᠭᠯᠠᠨ ᠵᠠᠳᠠᠯᠬᠤ ᠪᠠ ᠤᠯᠤᠰ ᠲᠥᠷᠥ ᠶᠢᠨ ᠦᠷ᠎ᠡ ᠳ᠋ᠦᠩ ᠢ ᠨᠡᠪᠲᠡ ᠠᠵᠢᠭᠯᠠᠬᠤ ᠳᠤ ᠪᠠᠨ ᠴᠢᠳᠠᠮᠠᠭᠠᠶ ᠪᠠᠶᠢᠵᠤ᠂ ᠨᠠᠮ ᠤᠨ ᠲᠥᠪ ᠬᠤᠷᠢᠶᠠᠨ ᠤ ᠰᠠᠨᠠᠭᠠᠴᠢᠯᠠᠭᠰᠠᠨ ᠵᠦᠶᠯ ᠢ ᠡᠷᠡᠰ ᠴᠤᠤᠷᠢᠶᠠᠲᠤᠨ ᠳᠠᠭᠠᠵᠤ᠂ ᠲᠣᠭᠲᠠᠭᠠᠭᠰᠠᠨ ᠵᠦᠶᠯ ᠢ ᠡᠷᠡᠰ ᠬᠡᠷᠡᠭᠵᠢᠭᠦᠯᠵᠦ᠂ ᠴᠠᠭᠠᠵᠠᠯᠠᠭᠰᠠᠨ ᠵᠦᠶᠯ ᠢ ᠡᠷᠡᠰ ᠬᠢᠬᠦ ᠥᠬᠡᠶ ᠪᠠᠶᠢᠵᠤ᠂ ᠨᠠᠮ ᠤᠨ ᠲᠥᠪ ᠬᠤᠷᠢᠶᠠᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠥᠪᠥᠷ ᠮᠣᠩᠭᠤᠯ ᠳᠤ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠂ ᠪᠣᠳᠠᠲᠤ ᠠᠵᠢᠯᠯᠠᠭ᠎ᠠ ᠪᠠ ᠠᠵᠢᠯ ᠤᠨ ᠦᠷ᠎ᠡ ᠪᠦᠲᠦᠮᠵᠢ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠶᠯᠡᠳᠦᠯᠭᠡᠵᠢᠭᠦᠯᠬᠦ ᠬᠡᠷᠡᠭᠲᠡᠶ ᠭᠡᠪᠡ᠃
      ᠰᠤᠷᠤᠯᠭ᠎ᠠ ᠲᠡᠭᠦᠰᠬᠦ ᠶᠣᠰᠣᠯᠠᠯ ᠳᠡᠭᠡᠷ᠎ᠡ᠂ 8 ᠨᠥᠬᠦᠷ ᠰᠠᠨᠠᠯ ᠢᠶᠠᠨ ᠰᠣᠯᠢᠯᠴᠠᠬᠤ ᠦᠭᠡ ᠬᠡᠯᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ