ᠦᠬᠠᠶ ᠬᠤᠲᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠦᠯᠵᠢᠶᠡᠨ ᠳᠡᠭᠡᠷᠡᠬᠢ ᠲᠠᠮᠢᠷ ᠤᠨ ᠴᠤᠭᠯᠠᠭᠠᠨ ᠤ ᠦᠱᠦ ᠶᠢᠨ ᠲᠥᠷᠥᠯ ᠵᠦᠢᠯ ᠤᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2021/3/2
     2 ᠳ᠋ᠤᠭᠠᠷ ᠰᠠᠷ᠎ᠠ ᠶᠢᠨ 25 ᠤ ᠡᠳᠦᠷ᠂ 2021 ᠣᠨ ᠤ ᠦᠬᠠᠶ ᠬᠤᠲᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠦᠯᠵᠢᠶᠡᠨ ᠳᠡᠭᠡᠷᠡᠬᠢ ᠪᠡᠶ᠎ᠡ ᠶᠢᠨ ᠲᠠᠮᠢᠷ ᠤᠨ ᠴᠤᠭᠯᠠᠭᠠᠨ ᠤ ᠦᠱᠦ ᠶᠢᠨ ᠲᠥᠷᠥᠯ ᠵᠦᠢᠯ ᠤᠨ ᠤᠷᠤᠯᠳᠤᠭᠠᠨ ᠡᠬᠢᠯᠡᠪᠡ᠃      ᠤᠷᠤᠯᠳᠤᠭᠠᠨ ᠳᠤ ᠨᠠᠰᠤᠲᠠᠶᠢᠴᠤᠳ ᠤᠨ ᠳᠤᠭᠤᠶᠢᠯᠠᠩ᠂ ᠢᠳᠡᠷ ᠨᠠᠰᠤᠨ ᠤ ᠬᠦᠮᠦᠰ ᠤᠨ ᠳᠤᠭᠤᠶᠢᠯᠠᠩ᠂ ᠵᠠᠯᠠᠭᠤᠴᠤᠳ ᠤᠨ ᠳᠤᠭᠤᠶᠢᠯᠠᠩ ᠵᠡᠷᠭᠡ ᠶᠢ ᠲᠣᠬᠢᠷᠠᠭᠤᠯᠵᠤ᠂ ᠨᠡᠷᠡᠭᠦᠶ ᠨᠢᠳᠤᠷᠭ᠎ᠠ᠂ ᠤᠮᠠᠷᠠᠲᠤ ᠶᠢᠨ ᠨᠢᠳᠤᠷᠭᠠᠨ ᠡᠷᠳᠡᠮ᠂ ᠡᠮᠦᠨᠡᠲᠦ ᠶᠢᠨ ᠨᠢᠳᠤᠷᠭᠠᠨ ᠡᠷᠳᠡᠮ ᠵᠡᠷᠭᠡ ᠲᠥᠷᠥᠯ ᠵᠦᠢᠯ ᠢ ᠬᠠᠮᠤᠷᠴᠤ᠂ ᠤᠷᠤᠯᠳᠤᠭᠠᠨ ᠳᠤ ᠣᠷᠣᠯᠴᠠᠭᠰᠠᠳ ᠤᠨ ᠳᠣᠲᠣᠷ᠎ᠠ ᠪᠤᠭᠤᠷᠤᠯ ᠨᠠᠰᠤᠲᠠᠨ ᠪᠠᠶᠢᠬᠤ ᠪᠥᠭᠡᠳ ᠪᠠᠰᠠ ᠰᠠᠶ᠋ᠢᠬᠠᠨ ᠦᠱᠦ ᠰᠤᠷᠴᠤ ᠪᠠᠶᠢᠭ᠎ᠠ ᠬᠡᠦᠬᠡᠳ ᠴᠦ ᠪᠤᠶ᠃ ᠤᠷᠤᠯᠳᠤᠭᠠᠨ ᠨᠢ ᠳᠤᠮᠳᠠᠳᠤ ᠶᠢᠨ ᠦᠱᠦ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠬᠥᠭᠵᠢᠭᠡᠵᠦ᠂ ᠦᠬᠠᠢ ᠬᠤᠳᠠ ᠶᠢᠨ ᠤᠯᠠᠮᠵᠢᠯᠠᠯᠲᠤ ᠦᠱᠦ ᠶᠢᠨ ᠰᠣᠶᠣᠯ ᠢ ᠵᠠᠯᠭᠠᠮᠵᠢᠯᠠᠬᠤ ᠪᠠ ᠬᠥᠭᠵᠢᠭᠦᠯᠬᠦ ᠪᠠᠷ ᠵᠣᠷᠢᠯᠲᠠ ᠪᠠᠨ ᠪᠣᠯᠭᠠᠵᠠᠢ᠃      2021 ᠣᠨ ᠤ ᠦᠬᠠᠶ ᠬᠤᠲᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠦᠯᠵᠢᠶᠡᠨ ᠳᠡᠭᠡᠷᠡᠬᠢ ᠪᠡᠶ᠎ᠡ ᠶᠢᠨ ᠲᠠᠮᠢᠷ ᠤᠨ ᠴᠤᠭᠯᠠᠭᠠᠨ 2 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ᠂ ︽ᠪᠥᠬᠦ ᠠᠷᠠᠳ ᠤᠨ ᠪᠡᠶ᠎ᠡ ᠶᠢ ᠴᠢᠬᠢᠷᠠᠭᠵᠢᠭᠤᠯᠤᠨ ᠡᠷᠡᠭᠦᠯ ᠴᠢᠭᠢᠷᠠᠭ ᠦᠬᠠᠶ ᠬᠤᠲᠠ ᠢ ᠴᠣᠭᠴᠠᠯᠠᠵᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠠᠶᠠᠷᠯᠠᠨ ᠤᠭᠲᠤᠶ᠎ᠠ︾ ᠭᠡᠬᠦ ᠠᠭᠤᠯᠭ᠎ᠠ ᠪᠠᠷ ᠭᠤᠤᠯ ᠰᠡᠳᠦᠪ ᠪᠣᠯᠭᠠᠵᠤ᠂ ᠡᠭᠦᠨ ᠳᠤ ᠦᠵᠡᠭᠦᠯᠭᠡ ᠶᠢᠨ ᠲᠥᠷᠥᠯ ᠤᠨ ᠲᠠᠮᠢᠷ ᠤᠨ ᠬᠥᠳᠡᠯᠭᠡᠭᠡᠨ 5 ᠵᠦᠢᠯ᠂ ᠤᠷ᠎ᠠ ᠮᠡᠷᠭᠡᠵᠢᠯ ᠤᠨ ᠲᠥᠷᠥᠯ ᠤᠨ ᠲᠠᠮᠢᠷ ᠤᠨ ᠬᠥᠳᠡᠯᠭᠡᠭᠡᠨ 9 ᠵᠦᠢᠯ᠂ ᠲᠠᠮᠢᠷ ᠲᠡᠩᠬᠡᠭᠡᠨ ᠤ ᠲᠥᠷᠥᠯ ᠤᠨ ᠲᠠᠮᠢᠷ ᠤᠨ ᠬᠥᠳᠡᠯᠭᠡᠭᠡᠨ 5 ᠵᠦᠢᠯ ᠢ ᠪᠠᠭᠲᠠᠭᠠᠪᠠ᠃ ᠲᠣᠰ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠦᠯᠵᠢᠶᠡᠨ ᠳᠡᠭᠡᠷᠡᠬᠢ ᠪᠡᠶ᠎ᠡ ᠶᠢᠨ ᠲᠠᠮᠢᠷ ᠤᠨ ᠴᠤᠭᠯᠠᠭᠠᠨ ᠨᠢ ︽ᠪᠡᠶ᠎ᠡ ᠶᠢᠨ ᠲᠠᠮᠢᠷ + ᠢᠨᠲ᠋ᠧᠷ ᠰᠦᠯᠵᠢᠶ᠎ᠡ︾ ᠶᠢᠨ ᠬᠡᠯᠪᠡᠷᠢ ᠪᠠᠷ ᠰᠦᠯᠵᠢᠶᠡᠨ ᠳᠡᠭᠡᠷ᠎ᠡ ᠬᠠᠷᠢᠯᠴᠠᠨ ᠦᠢᠯᠡᠳᠦᠯᠴᠡᠬᠦ᠂ ᠰᠦᠯᠵᠢᠶ᠎ᠡ ᠠᠴᠠ ᠭᠠᠳᠠᠭᠤᠷ ᠬᠥᠳᠡᠯᠭᠡᠭᠡᠨ ᠬᠢᠬᠦ᠂ ᠬᠠᠷᠢᠯᠴᠠᠨ ᠦᠢᠯᠡᠳᠦᠯᠴᠡᠨ ᠰᠢᠭᠤᠳ ᠨᠡᠪᠲᠡᠷᠡᠭᠦᠯᠬᠦ᠂ ᠣᠬᠤᠷ ᠸᠢᠳᠢᠤ᠋ ᠵᠣᠬᠢᠶᠠᠬᠤ ᠵᠡᠷᠭᠡ ᠪᠠᠷ ᠳᠠᠮᠵᠢᠭᠤᠯᠤᠨ ᠪᠥᠬᠦ ᠠᠷᠠᠳ ᠢᠶᠠᠷ ᠢᠶᠠᠨ ᠣᠷᠣᠯᠴᠠᠬᠤ᠂ ᠪᠥᠬᠦ ᠠᠷᠠᠳ ᠢᠶᠠᠷ ᠢᠶᠠᠨ ᠬᠠᠮᠲᠤ ᠪᠠᠷ ᠬᠦᠷᠲᠡᠬᠦ ᠰᠦᠯᠵᠢᠶᠡᠨ ᠳᠡᠭᠡᠷᠡᠬᠢ ᠪᠡᠶ᠎ᠡ ᠶᠢᠨ ᠲᠠᠮᠢᠷ ᠤᠨ ᠰᠠᠶᠢᠨ ᠰᠠᠶᠢᠬᠠᠨ ᠴᠠᠭ ᠦᠶ᠎ᠡ ᠶᠢ ᠪᠣᠶ ᠪᠣᠯᠭᠠᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ