3 ᠰᠠᠷ᠎ᠠ ᠶᠢᠨ 19 ᠤ ᠡᠳᠦᠷ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ | ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ | ᠰᠤᠷᠤᠯᠴᠠᠯᠭ᠎ᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠲᠥᠪ ᠤᠨ ᠨᠠᠮ ᠤᠨ | ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠵᠢᠭᠠᠬᠤ ᠶᠢ ᠰᠤᠳᠤᠯᠬᠤ | ᠬᠡᠯᠲᠡᠰ ᠤᠨ ᠡᠷᠬᠢᠯᠡᠭᠴᠢ ᠯᠦᠸᠧ ᠫᠢᠩ ᠬᠠᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ᠃ | | | | | | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ | ᠨᠥᠬᠦᠳ᠂ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠬᠡᠰᠡᠭ ᠮᠤᠵᠢ ᠶᠢᠨ ᠲᠠᠰ ᠤᠨ | ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠬᠤᠷᠠᠯ ᠳᠤ ᠣᠷᠣᠯᠴᠠᠵᠠᠶ᠃ | | | | | | ᠬᠤᠷᠠᠯ ᠳᠡᠭᠡᠷ᠎ᠡ᠂ ᠯᠦᠸᠧ ᠫᠢᠩ ᠬᠠᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠤᠬᠡ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ | ᠰᠤᠷᠤᠯᠴᠠᠨ ᠣᠶᠢᠯᠠᠭᠠᠵᠥ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠬᠡᠷᠡᠯ ᠰᠠᠴᠤᠷᠠᠩᠭᠤᠶ ᠥᠩᠭᠡᠷᠡᠯᠲᠡ ᠪᠠ ᠲᠡᠤᠬᠡᠲᠦ ᠴᠢᠨᠠᠷᠲᠠᠶ ᠬᠤᠪᠢ ᠨᠡᠮᠡᠷᠢ ᠶᠢ ᠪᠥᠬᠦ ᠲᠠᠯ᠎ᠠ ᠪᠠᠷ | ᠣᠶᠢᠯᠠᠭᠠᠬᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠭᠤᠤᠯᠳᠠᠯᠭ᠎ᠠ ᠶᠢ ᠭᠦᠨᠵᠡᠭᠡᠶ ᠡᠵᠡᠮᠰᠢᠬᠦ᠂ ᠡᠷᠬᠡᠪᠰᠢ ᠨᠠᠮ ᠤᠨ ᠢᠷᠠᠭᠤ ᠠᠯᠳᠠᠷᠲᠤ | ᠤᠯᠠᠮᠵᠢᠯᠠᠯ ᠪᠠ ᠰᠢᠯᠢᠳᠡᠭ ᠰᠤᠷᠲᠠᠯ ᠢ ᠴᠥᠬᠦᠷᠡᠰᠢ ᠥᠬᠡᠶ ᠪᠠᠳᠠᠷᠠᠭᠤᠯᠬᠤ ᠳᠥᠷᠪᠡᠨ ᠲᠠᠯ᠎ᠠ ᠶᠢᠨ ᠳᠤᠭᠤᠷᠢᠨ ᠳᠤ ᠰᠢᠰᠲ᠋ᠧᠮ ᠲᠠᠢ ᠲᠠᠶᠢᠯᠤᠮᠵᠢ ᠬᠢᠵᠦ᠂ ︽ᠶᠠᠭᠤᠨ ᠳᠤ | ᠰᠤᠷᠤᠯᠴᠠᠬᠤ᠂ ᠶᠠᠭᠤ ᠶᠢ ᠰᠤᠷᠤᠯᠴᠠᠬᠤ᠂ ᠶᠠᠭᠠᠬᠢᠵᠤ ᠰᠤᠷᠤᠯᠴᠠᠬᠤ︾ ᠵᠡᠷᠭᠡ ᠠᠰᠠᠭᠤᠳᠠᠯ ᠢ ᠭᠦᠨᠵᠡᠭᠡᠶ ᠲᠠᠶᠢᠯᠪᠤᠷᠢᠯᠠᠪᠠ᠃ ᠮᠡᠳᠡᠬᠦᠯᠦᠯᠳᠡ ᠶᠢᠨ ᠠᠭᠤᠯᠭ᠎ᠠ ᠨᠢ | ᠪᠠᠶᠠᠯᠢᠭ᠂ ᠲᠠᠶᠢᠯᠤᠮᠵᠢ ᠨᠢ ᠭᠦᠨᠵᠡᠭᠡᠢ ᠪᠥᠭᠡᠳ ᠣᠶᠢᠯᠠᠭᠠᠮᠵᠢᠲᠠᠢ ᠪᠤᠯᠤᠬᠰᠠᠨ ᠢᠶᠠᠷ ᠬᠠᠯᠠᠭᠤᠨ ᠠᠯᠠᠭ᠎ᠠ ᠲᠠᠰᠢᠯᠳᠠ ᠶᠢ ᠣᠯᠵᠤ᠂ ᠤᠯᠠᠨ ᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠥᠩᠭᠡᠷᠡᠯᠲᠡ ᠪᠣᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ | ᠠᠴᠢ ᠬᠤᠯᠪᠣᠭᠳᠠᠯ ᠪᠠ ᠴᠢᠬᠤᠯᠠ ᠱᠠᠭᠠᠷᠳᠠᠯᠭ᠎ᠠ ᠶᠢᠨ ᠲᠤᠬᠠᠢ ᠨᠡᠩ ᠪᠦᠬᠦ ᠲᠠᠯ᠎ᠠ ᠶᠢᠨ ᠲᠠᠨᠢᠯᠲᠠ ᠲᠠᠢ ᠪᠤᠯᠭᠠᠵᠤ᠂ ᠨᠡᠩ ᠭᠦᠨᠵᠡᠭᠡᠢ ᠣᠶᠢᠯᠠᠭᠠᠯᠲᠠ ᠲᠠᠢ ᠪᠣᠯᠭᠠᠵᠠᠢ᠃ | | | | | ᠱᠢ ᠲᠠᠢ ᠹᠸᠩ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠤᠬᠡ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠡᠭᠦᠨ ᠳᠤ ᠲᠤᠭᠤᠰᠢᠯᠠᠬᠳᠠᠵᠦ ᠪᠠᠶᠢᠭ᠎ᠠ ᠮᠠᠷᠺᠰ ᠤᠨ ᠦᠵᠡᠯ ᠤᠨ ᠵᠣᠭᠰᠣᠯᠲᠠ᠂ ᠦᠵᠡᠯᠲᠡ᠂ ᠠᠷᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ | ᠲᠡᠭᠦᠨ ᠳᠤ ᠠᠭᠤᠯᠤᠭᠳᠠᠵᠤ ᠪᠠᠶᠢᠭ᠎ᠠ ᠡᠷᠡᠰ ᠪᠠᠲᠤ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠂ ᠬᠠᠳᠠᠭᠤ ᠴᠢᠩᠭ᠎ᠠ ᠢᠲᠡᠭᠡᠯ ᠪᠢᠰᠢᠷᠡᠯ ᠢᠲᠡᠭᠡᠯ ᠵᠤᠷᠢᠭ ᠪᠠ ᠪᠠᠲᠤ | ᠴᠢᠩᠭ᠎ᠠ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠲᠡᠭᠦᠨ ᠤ ᠳᠣᠲᠣᠷᠠᠬᠢ ᠤᠯᠤᠰ ᠲᠥᠷᠥ ᠶᠢᠨ | ᠱᠠᠭᠠᠷᠳᠠᠯᠭ᠎ᠠ᠂ ᠦᠵᠡᠯ ᠰᠠᠨᠠᠭᠠᠨ ᠤ ᠱᠠᠭᠠᠷᠳᠠᠯᠭ᠎ᠠ᠂ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠰᠠᠶᠢᠳᠤᠷ ᠣᠶᠢᠯᠠᠭᠠᠵᠤ ᠲᠤᠭᠤᠷᠠᠳᠠᠯ᠎ᠠ | ᠮᠡᠳᠡᠵᠤ ᠪᠣᠳᠠᠲᠠᠢ ᠬᠢᠬᠦ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠳᠠᠪᠰᠢᠯᠲᠠ ᠲᠠᠢ ᠪᠣᠯᠵᠣ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠷ ᠨᠠᠮ | ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠬᠡᠷᠡᠭᠲᠡᠶ᠃ ᠨᠠᠮ ᠤᠨ ᠵᠠᠭᠤᠨ ᠵᠢᠯ ᠤᠨ ᠲᠡᠦᠬᠡ ᠶᠢ ᠪᠦᠬᠦ ᠲᠠᠯ᠎ᠠ ᠪᠠᠷ ᠰᠢᠰᠲ᠋ᠧᠮ ᠲᠠᠢ | ᠰᠤᠷᠤᠯᠴᠠᠨ ᠰᠤᠳᠤᠯᠵᠤ᠂ ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠪᠣᠯᠤᠨ ᠠᠭᠤᠤ ᠶᠡᠭᠡ ᠬᠤᠪᠢ ᠨᠡᠮᠡᠷᠢ ᠶᠢ ᠪᠠᠲᠤ | ᠴᠡᠭᠡᠵᠢᠯᠡᠵᠦ᠂ ᠮᠠᠨ ᠤ ᠨᠠᠮ ᠤᠨ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠶᠢ ᠠᠬᠢᠭᠤᠯᠬᠤ ᠳᠤᠮᠳᠠ ᠪᠦᠷᠢᠯᠳᠦᠭᠦᠯᠦᠭᠰᠡᠨ ᠴᠢᠬᠤᠯᠠ ᠶᠡᠭᠡ ᠤᠨᠤᠯ ᠤᠨ ᠦᠷ᠎ᠡ | ᠪᠦᠲᠦᠭᠡᠯ ᠢ ᠰᠢᠰᠲ᠋ᠧᠮ ᠲᠠᠢ ᠡᠵᠡᠮᠰᠢᠵᠦ᠂ ᠮᠠᠨ ᠤ ᠨᠠᠮ ᠤᠨ ᠤᠷᠳᠤ ᠬᠤᠭᠤᠴᠠᠭᠠᠨ ᠤ ᠲᠡᠮᠡᠴᠡᠯ ᠳᠤᠮᠳᠠ ᠴᠣᠭᠴᠠᠯᠠᠭᠰᠠᠨ ᠠᠭᠤᠤ ᠶᠡᠭᠡ ᠵᠣᠷᠢᠭ ᠰᠠᠨᠠᠭ᠎ᠠ ᠪᠣᠯᠤᠨ | ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠰᠠᠶᠢᠲᠤᠷ ᠰᠤᠷᠤᠯᠴᠠᠨ ᠤᠯᠠᠮᠵᠢᠯᠠᠵᠤ᠂ ᠭᠦᠨᠵᠡᠭᠡᠢ ᠰᠡᠳᠬᠢᠵᠦ ᠨᠠᠷᠢᠯᠢᠭ ᠣᠶᠢᠯᠠᠭᠠᠬᠤ ᠳᠤᠮᠳᠠ ᠤᠯᠤᠰ ᠲᠦᠷᠦ | ᠶᠢᠨ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠲᠦᠷᠦ ᠶᠢᠨ ᠦᠨᠡᠨᠴᠢ ᠰᠢᠳᠤᠷᠭᠤ ᠵᠠᠩ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠢᠯᠠᠩᠭᠤᠶ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠤᠭ᠎ᠠ ᠬᠦᠴᠦᠨ ᠢ ᠭᠦᠨᠵᠡᠭᠡᠢ | ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢᠨ ᠤᠨᠴᠠ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ | ᠨᠠᠮ ᠤᠨ ᠰᠢᠨ᠎ᠡ ᠶᠢ ᠡᠭᠦᠳᠬᠦ ᠤᠨᠤᠯ ᠤᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠦᠵᠡᠯ ᠰᠠᠨᠠᠭ᠎ᠠ ᠪᠠᠨ ᠨᠢᠭᠡᠳᠬᠡᠬᠦ᠂ ᠵᠣᠷᠢᠭ ᠰᠠᠨᠠᠭ᠎ᠠ ᠪᠠᠨ ᠨᠢᠭᠡᠳᠬᠡᠬᠦ᠂ | ᠦᠢᠯᠡ ᠠᠵᠢᠯᠯᠠᠭ᠎ᠠ ᠪᠠᠨ ᠨᠢᠭᠡᠳᠬᠡᠬᠦ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ ᠭᠡᠵᠤ ᠴᠢᠬᠤᠯᠠᠴᠢᠯᠠᠪᠠ᠃ | ᠱᠢ ᠲᠠᠢ ᠹᠸᠩ᠂ ᠠᠰᠠᠭᠤᠳᠠᠯ ᠤᠨ ᠤᠬᠠᠮᠰᠠᠷ ᠢᠶᠠᠨ ᠴᠢᠩᠭᠠᠳᠬᠠᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠠ᠂ ᠤᠯᠤᠰ ᠲᠥᠷᠥ ᠶᠢᠨ | ᠬᠥᠮᠦᠵᠢᠯ ᠢᠶᠠᠷ ᠬᠦᠲᠦᠯᠦᠨ ᠲᠠᠭᠠᠭᠤᠯᠵᠦ᠂ ᠠᠰᠠᠭᠤᠳᠠᠯ ᠢ ᠰᠢᠢᠳᠪᠦᠷᠢᠯᠡᠬᠦ ᠪᠠᠷ ᠬᠥᠲᠥᠯᠥᠮᠵᠢ ᠪᠤᠯᠭᠠᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ | ᠵᠦᠢᠯ ᠤᠨ ᠬᠠᠷᠠᠯᠲᠠ ᠡᠭᠦᠷᠭᠡ ᠶᠢ ᠪᠣᠳᠠᠲᠠᠶ᠂ ᠯᠠᠪᠳᠠᠭᠤᠨ ᠪᠠᠲᠤᠲᠠᠶ ᠪᠠᠷ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠤᠯᠤᠰ ᠲᠥᠷᠥ ᠬᠠᠤᠯᠢ ᠴᠠᠭᠠᠵᠠ | ᠶᠢᠨ ᠡᠩᠨᠡᠭᠡᠨ ᠤ ᠬᠥᠮᠦᠵᠢᠯ ᠴᠡᠭᠴᠡᠯᠡᠯᠲᠡ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠬᠠᠤᠯᠢ ᠠᠴᠠ ᠵᠥᠷᠢᠴᠡᠭᠰᠡᠨ ᠠᠰᠠᠭᠤᠳᠠᠯ ᠢ | ᠪᠠᠶᠢᠩᠭᠤᠵᠢᠭᠤᠯᠤᠨ ᠵᠠᠰᠠᠬᠤ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠥᠷᠥ ᠶᠢᠨ ᠠᠮᠢ ᠠᠬᠤᠶ ᠶᠢᠨ ᠪᠦᠬᠦᠯᠢ ᠴᠣᠭᠴᠠ ᠶᠢ | ᠴᠡᠪᠡᠷᠰᠢᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠪᠣᠳᠠᠲᠠᠶ ᠠᠵᠢᠯ ᠤᠨ ᠳᠤᠮᠳᠠ ᠨᠠᠶᠢᠳᠠᠪᠤᠷᠢᠵᠢᠭᠤᠯᠵᠦ᠂ ᠮᠠᠨ ᠤ ᠣᠷᠣᠨ ᠤ ᠨᠠᠮ ᠤᠨ ᠪᠠᠶᠢᠭᠤᠯᠤᠯᠲᠠ | ᠶᠢᠨ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠯᠤᠭ᠎ᠠ ᠲᠣᠬᠢᠷᠠᠯᠴᠠᠬᠤ ᠦᠭᠡᠶ ᠪᠠᠶᠢᠭ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠰᠢᠨ᠎ᠡ ᠳᠦᠷᠰᠦ ᠪᠠᠶᠢᠳᠠᠯ ᠢᠶᠠᠷ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠢᠨ᠎ᠡ ᠵᠢᠳᠬᠦᠯ ᠴᠢᠷᠮᠠᠶᠢᠯᠭ᠎ᠠ ᠪᠠᠷ ᠰᠢᠨ᠎ᠠ ᠠᠮᠵᠢᠯᠲᠠ ᠶᠢ ᠤᠯᠬᠤ | ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠵᠠᠮᠨᠠᠬᠤ ᠶᠢ ᠪᠠᠷᠢᠮᠲᠠᠯᠠᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠦ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠤᠨ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠢ ᠬᠠᠮᠠᠭᠠᠯᠠᠬᠤ ᠵᠡᠷᠭᠡ ᠴᠢᠬᠤᠯᠠ ᠶᠡᠭᠡ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠲᠡᠦᠬᠡ | ᠶᠢᠨ ᠰᠤᠳᠤᠯᠭᠠᠨ ᠪᠠ ᠲᠡᠦᠬᠡ ᠶᠢᠨ ᠪᠣᠳᠠᠲᠤ ᠪᠠᠶᠢᠳᠠᠯ ᠤᠨ ᠥᠭᠦᠯᠡᠯᠲᠡ᠂ ᠤᠨᠤᠯ ᠤᠨ ᠲᠠᠶᠢᠯᠪᠤᠷᠢᠯᠠᠯᠲᠠ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠵᠡᠷᠭᠡ ᠠᠵᠢᠯ | ᠢ ᠰᠠᠶᠢᠲᠤᠷ ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠲᠠᠨᠢᠯᠲᠠ ᠪᠠ ᠠᠵᠢᠯ ᠤᠨ | ᠲᠦᠪᠰᠢᠨ ᠢ ᠨᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠰᠠᠶᠢᠲᠤᠷ ᠬᠠᠮᠠᠭᠠᠯᠠᠵᠤ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠨᠠᠮ ᠤᠨ ᠲᠡᠦᠬᠡ | ᠶᠢᠨ ᠦᠨᠳᠦᠰᠦᠨ ᠵᠤᠬᠢᠶᠠᠯ ᠪᠦᠲᠦᠭᠡᠯ ᠢ ᠰᠤᠳᠤᠯᠤᠨ ᠤᠩᠰᠢᠵᠤ᠂ ᠰᠤᠷᠤᠯᠴᠠᠯᠭ᠎ᠠ ᠬᠥᠮᠦᠵᠢᠯ ᠢ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠲᠦᠷᠦᠭᠦᠯᠡᠨ | ᠭᠦᠢᠴᠡᠳᠬᠡᠵᠦ᠂ ᠲᠦᠷᠦᠭᠦᠯᠡᠨ ᠪᠣᠳᠠᠲᠤ ᠶᠠᠪᠤᠳᠠᠯ ᠬᠢᠵᠦ ᠬᠥᠭᠵᠢᠯᠲᠡ ᠶᠢ ᠠᠬᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ | ᠠᠵᠢᠯ ᠢ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠵᠠᠩᠭᠢᠯᠠᠭ᠎ᠠ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠥᠬᠡᠬᠤᠲᠠ ᠳᠤ ᠰᠠᠭᠤᠭ᠎ᠠ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠮᠠᠨ ᠤ ᠣᠷᠣᠨ ᠳᠤ ᠰᠠᠭᠤᠭ᠎ᠠ ᠲᠥᠪ ᠤᠨ ᠬᠤᠯᠪᠣᠭᠳᠠᠯ ᠪᠥᠬᠦᠶ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ᠂ | ᠣᠨᠣᠯ ᠤᠨ ᠠᠵᠢᠯᠲᠠᠨ ᠪᠣᠯᠤᠨ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ | ᠤᠨ ᠥᠪᠡᠷᠲᠡᠭᠡᠨ ᠵᠠᠰᠠᠬᠤ ᠣᠷᠣᠨ ᠤ ᠲᠣᠭᠤᠷᠢᠨ ᠵᠢᠯᠣᠭᠤᠳᠬᠤ ᠳᠤᠭᠤᠶᠢᠯᠠᠩ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠪᠣᠯᠤᠨ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠪᠦᠷᠢᠯᠳᠦᠬᠦᠨ ᠭᠤᠤᠯ ᠬᠤᠷᠠᠯ ᠤᠨ ᠲᠠᠯᠠᠪᠠᠶ ᠳᠤ ᠣᠷᠣᠯᠴᠠᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢ | ᠬᠤᠷᠠᠯ ᠤᠨ ᠲᠠᠯᠠᠪᠠᠶ ᠳᠣᠭᠢᠷᠠᠭᠤᠯᠪᠠ᠃ |