ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/22

      3 ᠰᠠᠷ᠎ᠠ ᠶᠢᠨ 18 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 2020 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠮᠡᠳᠡᠭᠦᠯᠦᠯᠲᠡ᠂ ︽ᠠᠶᠢᠯ ᠲᠣᠰᠬᠤᠨ ᠢ ᠬᠠᠰᠤᠵᠤ ᠨᠡᠶᠢᠯᠡᠭᠦᠯᠬᠦ ᠠᠵᠢᠯ ᠢ ᠴᠢᠩᠭ᠎ᠠ ᠵᠢᠷᠤᠮᠵᠢᠭᠤᠯᠬᠤ ᠲᠤᠬᠠᠢ ᠮᠡᠳᠡᠭᠳᠡᠯ︾ ᠤᠨ ᠠᠷᠭ᠎ᠠ ᠬᠡᠮᠵᠢᠶ᠎ᠡ ᠨᠦᠭᠦᠳ ᠵᠢᠴᠢ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠡᠷᠭᠡ ᠵᠦᠢᠯᠡᠰ ᠢ ᠰᠤᠳᠤᠯᠪᠠ᠃
      ᠬᠤᠷᠠᠯ ᠠᠴᠠ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠡᠲᠡᠭᠡᠷ ᠵᠢᠯ ᠤᠳ ᠲᠤ᠂ ᠮᠠᠨ ᠤ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ︽ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2015 — 2020 ᠣᠨ︶︾ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠶᠡᠷᠦᠩᠬᠡᠶ ᠳᠡᠭᠡᠨ ᠪᠡᠶᠡᠯᠡᠭᠦᠯᠦᠭᠰᠡᠨ ᠪᠣᠯᠪᠠᠴᠤ ᠪᠠᠰᠠ ᠡᠳᠦᠢ ᠲᠡᠳᠦᠢ ᠠᠰᠠᠭᠤᠳᠠᠯ ᠣᠷᠣᠰᠢᠵᠤ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠲᠠᠢ ᠨᠢᠭᠡᠳᠦᠯᠲᠡᠶ ᠲᠥᠯᠥᠪᠵᠢᠭᠦᠯᠦᠨ᠂ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠶ᠃ ᠲᠥᠪ ᠤᠨ ᠱᠠᠭᠠᠷᠳᠠᠯᠭ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠰᠢᠢᠳᠪᠦᠷᠢᠯᠡᠬᠦ ᠬᠡᠷᠡᠭᠲᠡᠶ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠳᠤᠮᠳᠠᠬᠢ ᠬᠠᠤᠯᠢᠵᠢᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠱᠠᠯᠠᠪᠳᠠᠭᠤᠯᠤᠨ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠯᠠᠪᠳᠠᠭᠤᠯᠬᠤ ᠬᠡᠷᠡᠭᠲᠡᠢ ᠬᠡᠵᠥ ᠵᠢᠭᠠᠵᠥ ᠭᠠᠷᠭᠠᠪᠠ᠃
      ᠬᠤᠷᠠᠯ ᠠᠴᠠ᠂ ᠠᠶᠢᠯ ᠲᠣᠰᠬᠤᠨ ᠢ ᠬᠠᠰᠤᠵᠤ ᠨᠡᠶᠢᠯᠡᠭᠦᠯᠬᠦ ᠨᠢ ᠥᠷᠭᠡᠨ ᠤᠯᠠᠨ ᠮᠠᠯᠴᠢᠨ ᠲᠠᠷᠢᠶᠠᠴᠢᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠲᠠᠢ ᠰᠢᠭᠤᠳ ᠬᠤᠯᠪᠣᠭᠳᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠦᠨ᠂ ᠲᠥᠪ ᠤᠨ ᠵᠣᠷᠢᠭ ᠰᠠᠨᠠᠭ᠎ᠠ ᠶᠢ ᠣᠨᠣᠪᠴᠢᠲᠠᠶ ᠡᠵᠡᠮᠳᠡᠵᠦ᠂ ᠬᠤᠲᠠ ᠬᠥᠳᠡᠭᠡ ᠶᠢᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ ᠶᠢ ᠵᠢᠷᠤᠮᠯᠠᠨ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠠᠶᠢᠯ ᠲᠣᠰᠬᠤᠨ ᠢ ᠨᠡᠭᠦᠯᠭᠡᠬᠦ ᠪᠠ ᠬᠠᠰᠤᠵᠤ ᠨᠡᠶᠢᠯᠡᠭᠦᠯᠬᠦ ᠪᠠᠷᠢᠮᠵᠢᠶ᠎ᠠ ᠪᠣᠯᠤᠨ ᠬᠡᠪᠴᠢᠶ᠎ᠡ ᠶᠢ ᠴᠢᠩᠭ᠎ᠠ ᠵᠠᠭᠠᠭᠯᠠᠨ ᠲᠣᠭᠲᠠᠭᠠᠵᠤ᠂ ᠬᠠᠰᠤᠵᠤ ᠨᠡᠶᠢᠯᠡᠭᠦᠯᠬᠦ ᠶᠢᠨ ᠬᠢᠨᠠᠨ ᠵᠥᠪᠰᠢᠶᠡᠷᠡᠬᠦ ᠡᠷᠬᠡ ᠮᠡᠳᠡᠯ ᠪᠣᠯᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠬᠤ ᠬᠡᠷᠡᠭᠲᠡᠶ᠃ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠮᠠᠯᠴᠢᠨ ᠲᠠᠷᠢᠶᠠᠴᠢᠳ ᠤᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠭᠦᠢᠴᠡᠳ ᠬᠦᠨᠳᠦᠳᠬᠡᠨ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠭᠦᠢᠴᠡᠳᠬᠡᠵᠦ᠂ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠰᠠᠶᠢᠲᠤᠷ ᠬᠠᠮᠠᠭᠠᠯᠠᠬᠤ ᠬᠡᠷᠡᠭᠲᠡᠶ᠃ ᠬᠥᠳᠡᠭᠡ ᠲᠣᠰᠬᠤᠨ ᠤ ᠣᠨᠴᠠᠯᠢᠭᠳᠤ ᠳᠦᠷᠰᠦ ᠪᠠᠶᠢᠳᠠᠯ ᠢ ᠦᠯᠡᠳᠡᠭᠡᠵᠦ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠵᠥ ᠪᠤᠯᠬᠤ ᠦᠭᠡᠶ᠂ ᠮᠠᠯᠴᠢᠨ ᠳᠠᠷᠢᠶᠠᠴᠢᠳ ᠤᠨ ᠬᠦᠰᠡᠯ ᠰᠠᠨᠠᠭ᠎ᠠ ᠠᠴᠠ ᠵᠥᠷᠢᠴᠡᠨ ᠠᠶᠢᠯ ᠲᠣᠰᠬᠤᠨ ᠢ ᠬᠠᠰᠤᠵᠤ ᠨᠡᠶᠢᠯᠡᠭᠦᠯᠬᠦ ᠶᠢ ᠠᠯᠪᠠᠳᠠᠯᠭ᠎ᠠ ᠪᠠᠷ ᠠᠬᠢᠭᠤᠯᠵᠤ ᠪᠣᠯᠬᠤ ᠦᠭᠡᠢ ᠬᠡᠵᠥ ᠴᠢᠬᠤᠯᠠᠴᠢᠯᠠᠪᠠ᠃
      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ