ᠦᠪᠡᠷᠲᠡᠭᠡᠨ ᠵᠠᠰᠠᠬᠤ ᠣᠷᠣᠨ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠴᠦ ᠶᠡᠷᠦᠩᠬᠡᠶᠢᠯᠡᠨ ᠵᠠᠰᠠᠬᠤ ᠠᠵᠢᠯ ᠤᠨ ᠤᠲᠤᠷᠢᠳᠬᠤ ᠲᠤᠭᠤᠢᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/22
      3 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠴᠦ ᠶᠡᠷᠦᠩᠬᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠥᠬᠡᠬᠤᠲᠠ ᠳᠤ ᠬᠤᠷᠠᠯᠳᠤᠵᠤ᠂ ᠪᠦᠬᠦ ᠤᠯᠤᠰ ᠤᠨ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠴᠦ ᠶᠡᠷᠦᠩᠬᠡᠶᠢᠯᠡᠨ ᠵᠠᠰᠠᠬᠤ ᠵᠦᠪᠯᠡᠯ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠪᠣᠯᠤᠨ ᠪᠦᠬᠦ ᠤᠯᠤᠰ ᠤᠨ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠬᠦ ᠠᠯᠪᠠᠨ ᠭᠡᠷ ᠤᠨ ᠡᠷᠬᠢᠯᠡᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2018 ᠣᠨ ᠠᠴᠠ ᠨᠠᠭᠠᠰᠢᠬᠢ ᠥᠪᠡᠷᠲᠡᠭᠡᠨ ᠵᠠᠰᠠᠬᠤ ᠣᠷᠣᠨ ᠤ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠴᠦ ᠶᠡᠷᠦᠩᠬᠡᠶᠢᠯᠡᠨ ᠵᠠᠰᠠᠬᠤ ᠠᠵᠢᠯ ᠤᠨ ᠪᠠᠶᠢᠳᠠᠯ ᠢ ᠳ᠋ᠦᠩᠨᠡᠨ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠸᠠᠩ ᡁᠢ ᠴᠢᠶᠠᠩ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠬᠦ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ︔ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠴᠦ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠭᠡᠷᠡᠭᠲᠡᠢ︔ ᠨᠢᠭᠤᠴᠠ ᠪᠠᠷ ᠠᠷᠠᠯᠵᠢᠶᠠᠯᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠪᠠᠶᠢᠭᠤᠯᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠦᠭᠬᠦ ᠬᠡᠷᠡᠭᠲᠡᠢ ᠭᠡᠵᠦ ᠵᠢᠭᠠᠵᠦ ᠭᠠᠷᠭᠠᠪᠠ᠃      ᠬᠤᠸᠠᠩ ᡁᠢ ᠴᠢᠶᠠᠩ᠂ ᠲᠠᠷᠠᠭᠠᠴᠢ ᠶᠢᠨ ᠠᠯᠬᠤᠮ ᠳᠤ᠂ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠴᠦ ᠶᠡᠷᠦᠩᠬᠡᠶᠢᠯᠡᠨ ᠵᠠᠰᠠᠬᠤ ᠠᠵᠢᠯ ᠳᠤ︽ᠴᠣᠬᠢᠯᠲᠠ ᠥᠭᠬᠦ ᠰᠡᠷᠭᠡᠶᠢᠯᠡᠬᠦ ᠬᠠᠮᠢᠶᠠᠷᠬᠤ ᠡᠵᠡᠮᠳᠡᠬᠦ︾ ᠶᠢ ᠨᠢᠭᠡ ᠴᠤᠬᠴᠠᠵᠢᠭᠤᠯᠤᠬᠰᠠᠨ ᠵᠠᠰᠠᠯᠲᠠ ᠶᠢᠨ ᠰᠢᠰᠲ᠋ᠧᠮ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠶ ᠴᠣᠬᠢᠯᠲᠠ ᠥᠭᠬᠦ ᠶᠢ ᠭᠦᠨᠵᠡᠭᠡᠶ ᠥᠷᠨᠢᠭᠦᠯᠵᠦ᠂ ᠬᠠᠷᠢ ᠶᠢᠨ ᠬᠤᠭ ᠨᠣᠪᠰᠢ᠂ ᠵᠠᠭᠠᠨ ᠤ ᠰᠣᠶᠤᠭ᠎ᠠ ᠵᠡᠷᠭᠡ ᠤᠰᠠᠳᠬᠤ ᠰᠢᠬᠠᠭᠰᠠᠨ ᠠᠮᠢᠳᠠᠨ ᠤ ᠡᠳ᠋ᠯᠡᠯ ᠵᠢᠴᠢ ᠬᠢᠵᠢᠭᠲᠦ ᠣᠷᠣᠨ ᠤ ᠬᠦᠯᠳᠡᠭᠦᠦ ᠪᠣᠳᠠᠰ᠂ ᠬᠤᠳᠠᠯ ᠬᠠᠭᠤᠷᠮᠠᠭ ᠬᠢᠵᠢᠭ ᠢ ᠰᠡᠷᠭᠡᠶᠢᠯᠡᠨ ᠡᠵᠡᠮᠳᠡᠬᠦ ᠡᠳ᠋ ᠪᠣᠳᠠᠰ᠂ ᠫᠤᠤ ᠵᠡᠪᠰᠡᠭ ᠬᠤᠤᠷᠲᠦ ᠡᠳ᠋ ᠲᠤ ᠬᠤᠯᠪᠣᠭᠳᠠᠭᠰᠠᠨ ᠨᠢᠭᠤᠴᠠ ᠪᠠᠷ ᠠᠷᠠᠯᠵᠢᠶᠠᠯᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ︔ ᠵᠠᠬ᠎ᠠ ᠳᠡᠯᠭᠡᠭᠦᠷ ᠤᠨ ᠭᠦᠢᠯᠭᠡᠭᠡᠨ ᠤ ᠭᠤᠭᠴᠤᠭ᠎ᠠ ᠶᠢᠨ ᠨᠢᠭᠤᠴᠠ ᠪᠠᠷ ᠠᠷᠠᠯᠵᠢᠶᠠᠯᠠᠬᠤ ᠶᠢ ᠴᠢᠩᠭ᠎ᠠ ᠴᠡᠭᠴᠡᠯᠡᠨ ᠵᠠᠰᠠᠵᠤ᠂ ᠰᠢᠨ᠎ᠡ ᠬᠡᠯᠪᠡᠷᠢ ᠶᠢᠨ ᠨᠢᠭᠤᠴᠠ ᠪᠠᠷ ᠠᠷᠠᠯᠵᠢᠶᠠᠯᠠᠬᠤ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠬᠦ ᠬᠡᠷᠡᠭᠲᠡᠢ᠃ ᠵᠣᠬᠢᠶᠠᠨ ᠪᠠᠶᠢᠭᠤᠯᠵᠤ ᠠᠬᠢᠭᠤᠯᠬᠤ ᠶᠢ ᠴᠢᠩᠭᠠᠳᠬᠠᠵᠤ᠂ ᠨᠢᠭᠤᠴᠠ ᠪᠠᠷ ᠠᠷᠠᠯᠵᠢᠶᠠᠯᠠᠬᠤ ᠶᠢ ᠡᠰᠡᠷᠭᠦᠴᠡᠬᠦ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ