ᠡᠸᠤ ᠶᠠᠩ ᠰᠢᠶᠤᠤ ᠬᠤᠢ ᠪᠦᠬᠦ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠪᠡ
ᠨᠡᠶᠢᠲᠡᠯᠡᠭᠰᠡᠨ ᠴᠠᠭ᠄
2021/3/22
      3 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠥᠬᠡᠬᠤᠲᠠ ᠳᠤ ᠬᠤᠷᠠᠯᠳᠤᠵᠤ᠂ ᠨᠢᠳᠤᠨᠤᠨ ᠤ ᠪᠥᠬᠦ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠳ᠋ᠦᠩᠨᠡᠵᠦ᠂ ᠡᠨᠡ ᠵᠢᠯ ᠤᠨ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃       ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠡᠷᠬᠢᠯᠡᠭᠴᠢ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃       ᠡᠸᠤ ᠶᠠᠩ ᠰᠢᠶᠤᠤ ᠬᠤᠶ ᠵᠢᠭᠠᠬᠤ ᠳᠤ ᠪᠠᠨ᠂ ︽14·5︾ ᠶᠢᠨ ᠬᠤᠭᠤᠴᠠᠭ᠎ᠠ ᠪᠣᠯ ᠮᠠᠨ ᠤ ᠤᠯᠤᠰ ᠤᠨ ᠰᠢᠨ᠎ᠡ ᠬᠥᠭᠵᠢᠯᠲᠡ ᠶᠢᠨ ᠱᠠᠲᠤᠨ ᠳᠤ ᠪᠥᠬᠦ ᠲᠠᠯ᠎ᠠ ᠪᠠᠷ ᠣᠷᠤᠬᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠦᠢᠯᠡᠳᠦᠯᠭᠡᠵᠢᠭᠦᠯᠬᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠬᠤ ᠵᠠᠩᠭᠢᠯᠠᠭ᠎ᠠ ᠶᠢᠨ ᠬᠤᠭᠤᠴᠠᠭ᠎ᠠ ᠮᠥᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠴᠤ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠠᠭᠤᠯᠤᠭᠳᠠᠬᠤᠨ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠰᠢᠨ᠎ᠡ ᠰᠡᠳᠬᠢᠴᠡ ᠶᠢ ᠥᠷᠭᠡᠳᠬᠡᠨ᠂ ᠰᠢᠨ᠎ᠡ ᠣᠨᠤᠯᠵᠢᠬᠤᠨ ᠢ ᠦᠢᠯᠡᠳᠦᠯᠭᠡᠵᠢᠭᠦᠯᠵᠦ᠂ ᠰᠢᠨ᠎ᠡ ᠪᠠᠶᠢᠷᠢᠰᠢᠯ ᠳᠤ ᠠᠭᠤᠰᠤᠯᠴᠠᠬᠤ ᠬᠡᠷᠡᠭᠲᠡᠶ ᠭᠡᠪᠡ᠃       ᠡᠸᠤ ᠶᠠᠩ ᠰᠢᠶᠤᠤ ᠬᠤᠶ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠬᠦ ᠨᠢ ᠡᠪᠡᠳᠴᠢᠨ ᠡᠮᠭᠡᠭ ᠤᠨ ᠬᠤᠣᠷ ᠬᠥᠨᠥᠭᠡᠯ ᠢ ᠪᠠᠭᠠᠰᠬᠠᠬᠤ᠂ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ᠂ ᠴᠢᠨᠠᠷᠯᠢᠭ ᠬᠥᠭᠵᠢᠯᠲᠡ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠡᠷᠡᠭᠦᠯ ᠡᠩᠭᠡ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠢᠳᠡᠪᠬᠢᠲᠡᠢ ᠦᠢᠯᠡᠴᠢᠯᠡᠬᠦ᠂ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠬᠦ ᠵᠡᠷᠭᠡ ᠲᠦᠷᠪᠡᠨ ᠲᠠᠯ᠎ᠠ ᠪᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠪᠠᠶᠢᠭᠤᠯᠤᠯ ᠲᠣᠭᠲᠠᠴᠠ ᠳᠤ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ︽ᠳᠥᠷᠪᠡ ᠶᠢ ᠬᠤᠪᠢᠷᠠᠭᠤᠯᠬᠤ︾ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠶ ᠭᠡᠪᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ