|
ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠶᠢᠨ ᠬᠢᠨ ᠮᠡᠲᠦ ᠳᠣᠲᠤᠨᠤ |
|
|
ᠨᠡᠶᠢᠲᠡᠯᠡᠭᠰᠡᠨ ᠴᠠᠭ᠄
2021/3/23
|
|
ᠣᠶᠢᠷ᠎ᠠ ᠳᠤ᠂ ᠪᠥᠬᠦ ᠣᠷᠣᠨ ᠤ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠨᠢᠭᠡ ᠴᠣᠭᠴᠠᠵᠢᠭᠤᠯᠤᠭᠰᠠᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠤᠨ ᠦᠵᠡᠭᠦᠯᠭᠡ ᠶᠢᠨ ᠠᠵᠢᠯᠯᠠᠭ᠎ᠠ ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠵᠠᠮ ᠤᠨ ᠪᠠᠭ᠎ᠠ ᠰᠤᠷᠭᠠᠭᠤᠯᠢ ᠳᠤ ᠶᠠᠪᠤᠭᠳᠠᠪᠠ᠃ ᠡᠭᠦᠨ ᠤ ᠬᠠᠮᠲᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤᠰ ᠲᠤᠰ ᠬᠥᠬᠡᠬᠤᠲᠠ ᠶᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ ᠪᠣᠯᠤᠨ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠲᠤᠬᠠᠢ ᠶᠢᠨ ᠲᠠᠯᠠᠪᠤᠷ ᠲᠤ᠂ ᠶᠡᠭᠡ ᠳᠤᠮᠳᠠᠳᠤ ᠪᠠᠭ᠎ᠠ ᠰᠤᠷᠭᠠᠭᠤᠯᠢ ᠳᠤ ︽ᠴᠤᠭ ᠢᠶᠠᠷ ︿ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ﹀ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠣᠷᠤᠬᠤ︾ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠲᠣᠭᠤᠷᠢᠨ ᠦᠵᠡᠪᠡ᠃ ᠵᠢᠷᠤᠭ ᠪᠣᠯ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠪᠠᠭ᠎ᠠ ᠰᠤᠷᠭᠠᠭᠤᠯᠢ ᠶᠢᠨ ᠵᠢᠱᠢᠶ᠎ᠡ ᠦᠵᠡᠭᠦᠯᠬᠦ ᠬᠢᠴᠢᠶᠡᠯ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠶᠢᠨ ᠬᠢᠨ ᠮᠡᠲᠦ ᠳᠣᠲᠤᠨᠤ︾ ᠶᠢ ᠦᠵᠡᠵᠦ ᠪᠠᠶᠢᠭ᠎ᠠ ᠨᠢ᠃ |
|
|
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|