ᠪᠠᠶᠠᠨᠨᠠᠭᠤᠷ ᠬᠤᠲᠠ ᠶᠢᠨ ᠭᠠᠳᠠᠭᠠᠳᠤ ᠠᠷᠠᠯᠵᠢᠶᠠᠨ ᠤ ᠣᠷᠤᠭᠤᠯᠤᠯᠲᠠ ᠭᠠᠷᠭᠠᠯᠲᠠ ᠶᠢᠨ ᠬᠡᠮᠵᠢᠶ᠎ᠡ ᠶᠡᠭᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2021/3/24
     ᠡᠨᠡ ᠵᠢᠯ ᠤᠨ 1 — 2 ᠳ᠋ᠤᠭᠠᠷ ᠰᠠᠷ᠎ᠠ ᠳᠤ᠂ ᠪᠠᠶᠠᠨᠨᠠᠭᠤᠷ ᠬᠤᠲᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠲᠤᠭ᠎ᠠ 41.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 54.4% ᠨᠡᠮᠡᠭᠳᠡᠨ᠂ ᠠᠳᠠᠯᠢ ᠬᠤᠭᠤᠴᠠᠭᠠᠨ ᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠶᠡᠷᠦᠩᠬᠡᠶ ᠲᠣᠭᠠᠨ ᠤ 29% ᠶᠢ ᠡᠵᠡᠯᠡᠵᠦ᠂ ᠥᠨᠳᠥᠷ ᠨᠡᠮᠡᠭᠳᠡᠯ ᠤᠨ ᠪᠠᠶᠢᠳᠠᠯ ᠢᠯᠡᠷᠡᠵᠦ ᠪᠠᠶᠢᠨ᠎ᠠ᠃ ᠡᠭᠦᠨ ᠳᠤ ᠭᠠᠳᠠᠭᠠᠳᠤ ᠣᠷᠣᠭᠤᠯᠤᠯᠲᠠ 33.2 ᠳ᠋ᠦᠩᠰᠢᠭᠤᠷ ᠲᠥᠭᠦᠷᠢᠭ ᠲᠤ ᠬᠦᠷᠴᠦ᠂ 58.5% ᠪᠠᠷ ᠨᠡᠮᠡᠭᠳᠡᠪᠡ︔ ᠭᠠᠳᠠᠭᠠᠳᠤ ᠭᠠᠷᠭᠠᠯᠲᠠ 8.1 ᠳ᠋ᠦᠩᠰᠢᠭᠤᠷ ᠲᠥᠭᠦᠷᠢᠭ ᠲᠤ ᠬᠦᠷᠴᠦ᠂ 39.6% ᠪᠠᠷ ᠨᠡᠮᠡᠭᠳᠡᠪᠡ᠂ ᠭᠤᠣᠯᠳᠠᠯᠭ᠎ᠠ ᠲᠠᠢ ᠠᠷᠠᠯᠵᠢᠶᠠᠨ ᠤ ᠲᠠᠸᠠᠷ ᠨᠢ ᠨᠡᠭᠦᠷᠡᠰᠦ᠂ ᠲᠡᠮᠦᠷᠯᠢᠭ ᠤᠨ ᠠᠭᠤᠷᠬᠠᠶ ᠵᠢᠴᠢ ᠡᠷᠦᠳᠡᠰᠦ᠂ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠪᠣᠯᠤᠨ᠎ᠠ᠃      ᠪᠠᠶᠠᠨᠨᠠᠭᠤᠷ ᠬᠤᠳᠠ ᠶᠢᠨ ᠬᠢᠨ ᠭᠠᠵᠠᠷ ᠣᠷᠣᠨ ᠪᠠ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠳᠠᠪᠠᠭᠤᠯᠢᠭ ᠲᠤ ᠪᠠᠨ ᠲᠦᠰᠢᠭᠯᠡᠨ᠂ ᠤᠮᠠᠷᠠᠰᠢ ᠨᠡᠬᠡᠬᠡᠯᠳᠡ ᠬᠢᠬᠦ ᠶᠢ ᠡᠷᠴᠢᠮᠯᠡᠨ ᠠᠬᠢᠭᠤᠯᠵᠤ᠂ ᠮᠣᠩᠭᠤᠯ ᠤᠯᠤᠰ ᠠᠴᠠ ᠴᠢᠨᠠᠷᠯᠢᠭ ᠠᠭᠤᠷᠬᠠᠢ ᠶᠢᠨ ᠭᠠᠷᠤᠯᠲᠠ ᠶᠢ ᠣᠷᠣᠭᠤᠯᠤᠨ ᠠᠪᠴᠢᠷᠠᠵᠤ᠂ ᠭᠠᠭᠴᠠᠮᠣᠳᠣ ᠪᠣᠭᠤᠮᠲᠠ ᠨᠢ ᠮᠠᠨ ᠤ ᠤᠯᠤᠰ ᠤᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠬᠡᠮᠵᠢᠶ᠎ᠡ ᠪᠠᠷ ᠬᠠᠮᠤᠭ ᠤᠨ ᠶᠡᠭᠡ ᠬᠠᠭᠤᠷᠠᠢ ᠵᠠᠮ ᠤᠨ ᠬᠢᠯᠢ ᠶᠢᠨ ᠪᠣᠭᠤᠮᠲᠠ ᠪᠣᠯᠬᠤ ᠳᠤ ᠬᠦᠴᠦᠨ ᠴᠢᠳᠠᠮᠵᠢ ᠡᠷᠴᠢᠮᠯᠡᠵᠦ᠂ ᠪᠣᠭᠤᠮᠲᠠ ᠶᠢᠨ ᠭᠠᠳᠠᠭᠠᠳᠤ ᠠᠷᠠᠯᠵᠢᠶ᠎ᠠ ᠶᠢ ᠴᠢᠨᠠᠷᠵᠢᠭᠤᠨ᠂ ᠤᠯᠠᠨ ᠡᠰᠢᠵᠢᠭᠰᠡᠨ ᠬᠥᠭᠵᠢᠯᠲᠡ ᠶᠢᠨ ᠵᠠᠮ ᠳᠤ ᠣᠷᠤᠭᠤᠯᠪᠠ︔ ︽ᠨᠢᠭᠡ ᠪᠦᠰᠡ ᠨᠢᠭᠡ ᠵᠠᠮ︾ ᠢ ᠠᠰᠢᠭᠯᠠᠨ᠂ ᠪᠣᠬᠢᠷᠲᠤᠯ ᠦᠭᠡᠢ ᠣᠷᠭᠠᠨᠢᠭ ᠳᠡᠭᠡᠳᠦ ᠲᠡᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ︽ᠭᠠᠳᠠᠭᠰᠢ ᠭᠠᠷᠭᠠᠬᠤ︾ ᠳᠤ ᠬᠦᠴᠦᠨ ᠴᠢᠳᠠᠮᠵᠢ ᠡᠷᠴᠢᠮᠯᠡᠵᠦ᠂ 90 ᠭᠠᠷᠤᠢ ᠤᠯᠤᠰ ᠪᠠ ᠭᠠᠵᠠᠷ ᠣᠷᠣᠨ ᠳᠤ ᠪᠣᠷᠣᠯᠠᠭᠤᠯᠵᠤ ᠪᠠᠶᠢᠨ᠎ᠠ᠃      ᠡᠨᠡ ᠵᠢᠯ ᠠᠴᠠ ᠨᠠᠭᠠᠰᠢ᠂ ᠤᠷᠠᠳ ᠪᠣᠭᠤᠮᠲᠠ ᠨᠢ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠰᠠᠭᠤᠷᠢ ᠪᠠᠨ ᠪᠠᠬᠢᠵᠢᠭᠦᠯᠵᠦ᠂ ᠠᠵᠤ ᠠᠬᠤᠶᠢᠯᠠᠯ ᠤᠨ ᠡᠵᠡᠩᠨᠡᠨ ᠬᠤᠳᠠᠯᠳᠤᠭᠠᠯᠠᠬᠤ ᠠᠰᠢᠭ ᠣᠯᠵᠠᠪᠤᠷᠢ ᠶᠢ ᠴᠢᠯᠦᠭᠡᠲᠡᠢ ᠲᠠᠯᠪᠢᠵᠤ᠂ ᠪᠣᠭᠤᠮᠲᠠ ᠪᠠᠷ ᠥᠩᠭᠡᠷᠡᠬᠦ ᠬᠤᠭᠤᠴᠠᠭ᠎ᠠ ᠶᠢ ᠪᠣᠭᠤᠨᠢᠰᠬᠠᠭᠰᠠᠨ ᠦᠷ᠎ᠡ ᠪᠦᠲᠦᠭᠡᠯ ᠢᠶᠠᠨ ᠪᠠᠲᠤᠳᠬᠠᠨ᠂ ᠭᠠᠭᠴᠠᠮᠣᠳᠣ ᠪᠣᠭᠤᠮᠲᠠ ᠶᠢᠨ ᠪᠣᠭᠤᠮᠲᠠ ᠥᠩᠭᠡᠷᠡᠬᠦ ᠶᠢ ᠲᠠᠰᠤᠯᠳᠠᠭᠤᠯᠬᠤ ᠥᠬᠡᠶ ᠪᠠᠶᠢᠬᠤ ᠶᠢ ᠪᠠᠲᠤᠯᠠᠭᠰᠠᠭᠠᠷ ᠢᠷᠡᠪᠡ᠃ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠪᠠᠷ ᠬᠦᠲᠦᠯᠦᠨ ᠳᠠᠭᠠᠭᠤᠯᠵᠤ᠂ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠤᠨ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠪᠠ ᠪᠣᠷᠣᠲᠣᠬᠤᠶ ᠶᠢᠨ ᠨᠡᠷᠡᠨ ᠬᠤᠸᠠᠷ᠂ ᠲᠠᠯ᠎ᠠ ᠨᠤᠲᠤᠭ ᠤᠨ ᠢᠳᠡᠰᠢᠨ ᠤ ᠬᠤᠨᠢ ᠬᠤᠶᠠᠷ ᠠᠵᠤ ᠦᠢᠯᠡᠰ ᠤᠨ ᠪᠦᠯᠥᠭᠵᠢᠯ ᠢ ᠪᠤᠵᠠᠭᠠᠶᠢᠷᠠᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠭᠠᠳᠤ ᠭᠠᠳᠠᠭᠠᠳᠤ ᠪᠣᠷᠣᠯᠠᠭᠤᠯᠭ᠎ᠠ ᠶᠢᠨ ︽ᠬᠤᠤᠰ ᠣᠷᠴᠢᠯ︾ ᠢ ᠬᠦᠴᠦᠯᠡᠨ ᠠᠬᠢᠭᠤᠯᠵᠤ᠂ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢ ᠮᠠᠨ ᠤ ᠣᠷᠣᠨ ᠤ ᠡᠯ᠎ᠡ ᠠᠶᠢᠮᠠᠭ ᠬᠤᠲᠠ ᠶᠢᠨ ᠳᠣᠲᠣᠷ᠎ᠠ ᠲᠡᠷᠢᠭᠦᠨ ᠳᠤ ᠪᠠᠶᠢᠯᠭᠠᠬᠤ ᠶᠢ ᠪᠡᠶᠡᠯᠡᠭᠦᠯᠪᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ