|
ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ |
|
|
ᠨᠡᠶᠢᠲᠡᠯᠡᠭᠰᠡᠨ ᠴᠠᠭ᠄
2021/3/29
|
|
2021 ᠣᠨ ᠤ 3 ᠰᠠᠷ᠎ᠠ ᠶᠢᠨ 28 ᠤ ᠡᠳᠦᠷ ᠤᠨ 7 ᠴᠠᠭ ᠠᠴᠠ 3 ᠰᠠᠷ᠎ᠠ ᠶᠢᠨ 29 ᠤ ᠡᠳᠦᠷ ᠤᠨ 7 ᠴᠠᠭ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ 1 ᠡᠪᠡᠳᠴᠢᠲᠡᠨ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠡᠷᠡᠭᠦᠯᠵᠢᠵᠦ ᠡᠮᠨᠡᠯᠭᠡ ᠠᠴᠠ ᠭᠠᠷᠪᠠ᠃ 2021 ᠣᠨ ᠤ 3 ᠰᠠᠷ᠎ᠠ ᠶᠢᠨ 29 ᠤ ᠡᠳᠦᠷ ᠤᠨ 7 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 5 ᠪᠠᠶᠢᠵᠤ᠂ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|