ᠰᠢ ᠶᠢᠨ ᠫᠢᠩ ᠺᠦᠪᠠ ᠶᠢᠨ ᠤᠳᠤᠷᠢᠳᠬᠤ ᠬᠥᠮᠤᠰ ᠯᠦᠭᠡ ᠬᠠᠷᠢᠯᠴᠠᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2021/3/29

      ᠤᠢᠢᠷ᠎ᠠ ᠳᠤ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠦᠪᠠ ᠶᠢᠨ ᠡᠪ ᠬᠠᠮᠲᠤ ᠨᠠᠮ ᠤᠨ ᠲᠥᠪ ᠬᠤᠷᠢᠶᠠᠨ ᠤ ᠨᠢᠭᠡᠳᠦᠭᠡᠷ ᠱᠦᠵᠢ ᠷᠠᠦ᠋ᠯ · ᠺᠠᠰᠲᠷᠣ᠋ ᠪᠣᠯᠤᠨ ᠪᠦᠬᠦᠳᠡ ᠨᠠᠶᠢᠷᠠᠮᠳᠠᠬᠤ ᠺᠦᠪᠠ ᠤᠯᠤᠰ ᠤᠨ ᠲᠡᠷᠢᠭᠦᠯᠡᠭᠴᠢ ᠳ᠋ᠢᠶᠠᠰ — ᠺᠠᠨᠧᠯ ᠳᠤ ᠬᠠᠷᠢᠭᠤ ᠵᠠᠬᠢᠳᠠᠯ ᠢᠯᠡᠭᠡᠵᠦ᠂ ᠺᠦᠪᠠ ᠶᠢᠨ ᠤᠳᠤᠷᠢᠳᠬᠤ ᠬᠥᠮᠦᠰ ᠤᠨ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠣᠯᠤᠭᠰᠠᠨ ᠳᠤ ᠪᠠᠶᠠᠷ ᠬᠦᠷᠭᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃
      ᠰᠢ ᠶᠢᠨ ᠫᠢᠩ᠂ ᠳᠤᠮᠳᠠᠳᠤ ᠺᠦᠪᠠ ᠪᠣᠯ ᠰᠠᠶᠢᠨ ᠨᠠᠶᠢᠵᠠ᠂ ᠰᠠᠶᠢᠨ ᠨᠥᠬᠦᠷ᠂ ᠰᠠᠶᠢᠨ ᠠᠬ᠎ᠠ ᠳᠡᠭᠦᠦ ᠮᠥᠨ᠃ ᠣᠶᠢᠷ᠎ᠠ ᠶᠢᠨ ᠵᠢᠯ ᠠᠴᠠ᠂ ᠳᠤᠮᠳᠠᠳᠤ ᠺᠦᠪᠠ ᠶᠢᠨ ᠤᠯᠠᠮᠵᠢᠯᠠᠯᠲᠤ ᠨᠥᠬᠦᠷᠯᠡᠯ ᠶᠠᠪᠤᠬᠤ ᠲᠤᠳᠤᠮ ᠭᠦᠨᠵᠡᠭᠡᠶᠢᠷᠡᠵᠦ᠂ ᠨᠥᠬᠦᠷᠰᠡᠭ ᠬᠠᠮᠳᠤᠷᠠᠯᠴᠠᠭ᠎ᠠ ᠪᠦᠬᠦ ᠲᠠᠯ᠎ᠠ ᠪᠠᠷ ᠬᠥᠭᠵᠢᠵᠡᠶ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠶᠠᠪᠤᠴᠠ ᠳᠤ᠂ ᠳᠤᠮᠳᠠᠳᠤ ᠺᠦᠪᠠ ᠬᠠᠲᠠᠭᠤ ᠪᠡᠷᠬᠡᠰᠢᠶᠠᠯ ᠢ ᠬᠠᠮᠲᠤ ᠪᠠᠷ ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠤᠶᠠᠷ ᠤᠯᠤᠰ ᠤᠨ ᠨᠥᠬᠦᠷᠯᠡᠯ ᠢ ᠰᠢᠨ᠎ᠠ ᠲᠦᠪᠰᠢᠨ ᠳᠤ ᠬᠦᠷᠭᠡᠪᠡ᠃ ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠺᠦᠪᠠ ᠶᠢᠨ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠬᠤ ᠶᠢ ᠳᠡᠮᠵᠢᠵᠥ᠂ ᠳᠤᠮᠳᠠᠳᠤ ᠺᠦᠪᠠ ᠶᠢᠨ ᠬᠠᠷᠢᠯᠴᠠᠭ᠎ᠠ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠬᠡᠵᠥ ᠢᠯᠡᠳᠬᠡᠪᠡ᠃
      ᠲᠦᠷᠦᠭᠦᠬᠡᠨ᠂ ᠷᠠᠦ᠋ᠯ · ᠺᠠᠰᠲᠷᠣ᠋ ᠪᠣᠯᠤᠨ ᠳ᠋ᠢᠶᠠᠰ — ᠺᠠᠨᠧᠯ ᠰᠢ ᠶᠢᠨ ᠫᠢᠩ ᠳᠤ ᠵᠠᠬᠢᠳᠠᠯ ᠢᠯᠡᠭᠡᠵᠦ᠂ ᠺᠦᠪᠠ ᠶᠢᠨ ᠡᠪ ᠬᠠᠮᠲᠤ ᠨᠠᠮ᠂ ᠺᠦᠪᠠ ᠶᠢᠨ ᠵᠠᠰᠠᠭ ᠤᠨ ᠣᠷᠳᠣᠨ ᠪᠣᠯᠤᠨ ᠠᠷᠠᠳ ᠲᠦᠮᠡᠨ ᠤ ᠡᠮᠦᠨ᠎ᠡ ᠠᠴᠠ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠣᠯᠤᠭᠰᠠᠨ ᠳᠤ ᠬᠠᠯᠠᠭᠤᠨ ᠪᠠᠶᠠᠷ ᠬᠦᠷᠭᠡᠵᠦ᠂ ᠳᠤᠮᠳᠠᠳᠤ ᠤᠯᠤᠰ ᠤᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠲᠦᠢᠯ ᠤᠨ ᠶᠠᠳᠠᠭᠤ ᠬᠦᠴᠢᠷᠳᠡᠯ ᠢ ᠠᠷᠢᠯᠭᠠᠬᠤ ᠲᠡᠮᠡᠴᠡᠯ ᠳᠤ ᠠᠭᠤᠤ ᠶᠡᠭᠡ ᠠᠮᠵᠢᠯᠲᠠ ᠤᠯᠵᠥ᠂ ᠠᠷᠪᠠᠨ ᠵᠢᠯ ᠤᠷᠢᠳᠴᠢᠯᠠᠨ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ︾ ᠳᠤ ᠲᠣᠭᠲᠠᠭᠠᠭᠰᠠᠨ ᠶᠠᠳᠠᠭᠤ ᠬᠦᠴᠢᠷᠳᠡᠯ ᠢ ᠠᠷᠢᠯᠭᠠᠬᠤ ᠬᠠᠷᠠᠯᠲᠠ ᠶᠢ ᠪᠡᠶᠡᠯᠡᠭᠦᠯᠦᠭᠰᠡᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠺᠦᠪᠠ ᠶᠢᠨ ᠬᠢᠨ ᠳᠤᠷᠠᠲᠠᠶ᠎ᠠ ᠬᠤᠶᠠᠷ ᠤᠯᠤᠰ ᠤᠨ ᠨᠥᠬᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ ᠭᠡᠵᠦ ᠢᠯᠡᠳᠬᠡᠭᠰᠡᠨ ᠪᠠᠶᠢᠨ᠎ᠠ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ