ᠨᠢᠭᠡ᠂ ᠠᠬᠤᠶ ᠪᠠᠶᠢᠳᠠᠯ ᠢ ᠲᠣᠭᠲᠠᠭᠠᠬᠤ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢ ᠬᠠᠮᠠᠭᠠᠯᠠᠬᠤ ᠬᠠᠤᠯᠢ︾ ᠶᠢ | ᠬᠡᠷᠡᠭᠵᠢᠭᠦᠯᠦᠭᠰᠡᠨ ᠠᠴᠠ ᠨᠠᠰᠢ᠂ ᠬᠤᠭᠤᠯᠠᠶ ᠶᠢ ᠬᠠᠮᠠᠭᠠᠯᠠᠬᠤ ᠲᠦᠬᠦᠭᠡᠷᠦᠮᠵᠢ ᠶᠢᠨ ᠠᠮᠤᠷ ᠲᠦᠪᠰᠢᠨ᠂ ᠤᠯᠤᠰ ᠤᠨ ᠡᠨᠧᠷᠭᠢ ᠶᠢᠨ ᠠᠮᠤᠷ ᠲᠦᠪᠰᠢᠨ ᠪᠠ ᠣᠯᠠᠨ | ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠢᠳᠡᠪᠬᠢᠲᠡᠶ ᠦᠢᠯᠡᠳᠤᠯ ᠦᠵᠡᠭᠦᠯᠪᠡ᠃ ᠭᠡᠪᠡᠴᠦ ᠮᠠᠨ ᠤ ᠣᠷᠤᠨ ᠤ ᠠᠵᠤ ᠠᠬᠤᠶ ᠨᠡᠶᠢᠭᠡᠮ ᠤᠨ ᠲᠠᠰᠤᠷᠠᠯᠲᠠ | ᠤᠢᠭᠡᠢ ᠬᠥᠭᠵᠢᠬᠦ ᠶᠢ ᠳᠠᠭᠠᠯᠳᠤᠨ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠬᠤᠭᠤᠯᠠᠶ ᠶᠢᠨ ᠬᠠᠮᠠᠭᠠᠯᠠᠯᠲᠠ ᠲᠠᠰᠤᠷᠠᠯᠲᠠ ᠤᠢᠭᠡᠢ ᠲᠦᠷᠭᠡᠳᠴᠦ᠂ | ᠬᠤᠭᠤᠯᠠᠶ ᠶᠢᠨ ᠬᠠᠮᠠᠭᠠᠯᠠᠯᠲᠠ ᠶᠢᠨ ᠭᠠᠳᠠᠭᠠᠳᠤ ᠣᠷᠴᠢᠨ ᠲᠣᠭᠤᠷᠢᠨ ᠳᠤ ᠮᠠᠰᠢ ᠶᠡᠭᠡ ᠬᠤᠪᠢᠷᠠᠯᠲᠠ ᠭᠠᠷᠴᠤ᠂ ᠬᠤᠭᠤᠯᠠᠶ ᠶᠢᠨ ᠠᠮᠤᠷ ᠲᠦᠪᠰᠢᠨ ᠤ ᠲᠦᠭᠰᠢᠭᠦᠷᠢ | ᠪᠣᠯᠤᠨ ᠠᠰᠠᠭᠤᠳᠠᠯ ᠤᠨ ᠳᠠᠯᠳᠠ ᠭᠡᠮ ᠲᠣᠪᠤᠶᠢᠮ᠎ᠠ ᠪᠣᠯᠵᠤ᠂ ᠰᠠᠯᠠᠭ᠎ᠠ ᠮᠥᠴᠢᠷ ᠤᠳ ᠤᠨ ᠬᠤᠭᠤᠷᠤᠨᠳᠣ ᠬᠤᠭᠤᠯᠠᠶ ᠶᠢᠨ ᠬᠠᠮᠠᠭᠠᠯᠠᠯᠲᠠ ᠶᠢᠨ ᠠᠵᠢᠯ ᠤᠨ ᠨᠡᠶᠢᠯᠡᠮᠡᠯ | ᠬᠦᠴᠦᠨ ᠬᠠᠷᠠᠬᠠᠨ ᠪᠦᠷᠢᠯᠳᠦᠭᠡᠳᠦᠶ᠂ ᠭᠡᠬᠦ ᠳᠤ ᠪᠠᠨ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠶᠢᠨ ᠵᠠᠷᠢᠮ ᠲᠣᠭᠲᠠᠭᠠᠯ ᠨᠢ ᠨᠡᠯᠢᠶᠡᠳ ᠵᠠᠷᠴᠢᠮ ᠲᠠᠢ | ᠪᠠᠶᠢᠵᠤ᠂ ᠲᠠᠰᠤᠷᠠᠯᠲᠠ ᠤᠢᠭᠡᠢ ᠬᠤᠪᠢᠷᠠᠵᠤ ᠪᠠᠶᠢᠭ᠎ᠠ ᠪᠠᠶᠢᠳᠠᠯ ᠪᠣᠯᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠡᠷᠡᠭᠴᠡᠭᠡ ᠳᠤ ᠪᠦᠷᠢᠮᠦᠰᠦᠨ | ᠵᠣᠬᠢᠴᠠᠵᠤ ᠳᠡᠶᠢᠯᠬᠦ ᠦᠭᠡᠶ ᠪᠠᠶᠢᠨ᠎ᠠ᠃ ᠥᠪᠡᠷᠲᠡᠭᠡᠨ ᠵᠠᠰᠠᠬᠤ ᠣᠷᠤᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠶᠢᠨ ᠬᠠᠮᠠᠭᠠᠯᠠᠯᠲᠠ ᠶᠢᠨ | ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠤᠨ ᠪᠣᠳᠠᠲᠠᠶ ᠲᠠᠢ ᠪᠠᠨ ᠤᠶᠠᠯᠳᠤᠭᠤᠯᠤᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠤᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ | ︵ᠳᠣᠷᠣᠭᠰᠢ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠨ ᠨᠡᠶᠢᠲᠡᠯᠡᠪᠡ᠃ | ᠬᠤᠶᠠᠷ᠂ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠠᠴᠢ ᠬᠤᠯᠪᠣᠭᠳᠠᠯ | ︵ᠨᠢᠭᠡ︶ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠬᠦ ᠪᠣᠯ ᠠᠶᠤᠯ ᠥᠬᠡᠶ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠬᠤᠭᠤᠯᠠᠶ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠬᠤ ᠶᠢᠨ ᠴᠢᠬᠤᠯᠠ ᠠᠷᠭ᠎ᠠ ᠬᠡᠮᠵᠢᠶ᠎ᠡ | ᠪᠣᠯᠤᠨ᠎ᠠ᠃ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ | ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠨᠢ ᠶᠡᠷᠦᠩᠬᠡᠶ ᠱᠦᠵᠢ | ᠰᠢ ᠶᠢᠨ ᠫᠢᠩ ᠤᠨ ᠡᠨᠧᠷᠭᠢ ᠶᠢᠨ ᠠᠮᠤᠷ ᠲᠦᠪᠰᠢᠨ ᠤ ᠬᠥᠭᠵᠢᠯᠲᠡ ᠶᠢᠨ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠲᠦᠪᠰᠢᠨ ᠤ ᠳᠡᠭᠡᠭᠰᠢᠯᠡᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠤᠨ | ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠴᠢᠩᠭᠠᠳᠬᠠᠬᠤ᠂ ᠬᠤᠭᠤᠯᠠᠶ ᠶᠢᠨ ᠬᠠᠮᠠᠭᠠᠯᠠᠯᠲᠠ ᠶᠢᠨ ᠬᠠᠮᠢᠶ᠎ᠠ ᠪᠥᠬᠦᠶ | ᠲᠦᠷᠢᠮ ᠢ ᠪᠠᠶᠢᠭᠤᠯᠤᠨ ᠪᠦᠷᠢᠨᠰᠢᠭᠦᠯᠬᠦ᠂ ᠢᠯᠠᠩᠭᠤᠶ᠎ᠠ ᠬᠤᠭᠤᠯᠠᠶ ᠶᠢᠨ ᠠᠮᠤᠷ ᠲᠦᠪᠰᠢᠨ ᠢ ᠬᠠᠮᠠᠭᠠᠯᠠᠬᠤ᠂ ᠡᠳᠦᠷ ᠲᠤᠲᠤᠮ ᠤᠨ ᠴᠠᠭᠳᠠᠨ ᠬᠠᠮᠠᠭᠠᠯᠠᠬᠤ᠂ ᠬᠡᠮ | ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠪᠠ ᠪᠦᠷᠢᠨ ᠪᠦᠲᠦᠨ ᠴᠢᠨᠠᠷᠲᠠᠶ ᠬᠠᠮᠢᠶᠠᠷᠤᠯᠲᠠ ᠵᠡᠷᠭᠡ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ | ᠲᠠᠯ᠎ᠠ ᠪᠠᠷ ᠨᠠᠩ ᠥᠨᠳᠥᠷ ᠰᠢᠨ᠎ᠡ ᠱᠠᠭᠠᠷᠳᠠᠯᠭ᠎ᠠ ᠳᠤᠷᠠᠳᠪᠠ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠳᠠᠮᠵᠢᠭᠤᠯᠬᠤ | ᠬᠤᠭᠤᠯᠠᠢ ᠶᠢᠨ ᠬᠠᠮᠠᠭᠠᠯᠠᠯᠲᠠ ᠶᠢᠨ ᠠᠵᠢᠯ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠳᠠᠮᠵᠢᠭᠤᠯᠬᠤ ᠬᠤᠭᠤᠯᠠᠢ ᠶᠢᠨ ᠬᠠᠮᠠᠭᠠᠯᠠᠯᠲᠠ ᠶᠢᠨ | ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠱᠠᠭᠠᠷᠳᠠᠪᠠ᠃ ᠰᠠᠯᠠᠭ᠎ᠠ ᠮᠥᠴᠢᠷ ᠤᠨ ᠳᠠᠮᠵᠢᠭᠤᠯᠬᠤ ᠬᠤᠭᠤᠯᠠᠢ ᠶᠢᠨ | ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠰᠠᠯᠠᠭ᠎ᠠ ᠮᠥᠴᠢᠷ ᠤᠨ ᠲᠤᠰᠢᠶᠠᠯ | ᠬᠠᠷᠢᠭᠤᠴᠠᠯᠭ᠎ᠠ ᠡᠷᠬᠡ ᠶᠢᠨ ᠬᠡᠪᠴᠢᠶ᠎ᠡ ᠲᠣᠳᠣᠷᠬᠠᠢ ᠦᠭᠡᠢ ᠪᠠᠶᠢᠬᠤ᠂ ᠳᠠᠮᠵᠢᠭᠤᠯᠬᠤ ᠬᠤᠭᠤᠯᠠᠢ ᠶᠢᠨ ᠬᠠᠮᠠᠭᠠᠯᠠᠯᠲᠠ ᠶᠢᠨ ᠠᠵᠢᠯ ᠤᠨ ᠵᠣᠬᠢᠴᠠᠭᠤᠯᠭ᠎ᠠ ᠰᠢᠯᠤᠭᠤᠨ | ᠦᠭᠡᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ | ︵ᠬᠤᠶᠠᠷ︶ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠨᠢ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠬᠠᠮᠠᠭᠠᠯᠠᠯᠲᠠ ᠵᠠᠰᠠᠯᠲᠠ ᠶᠢᠨ ᠰᠢᠰᠲ᠋ᠧᠮ ᠢ ᠠᠬᠢᠭᠤᠯᠬᠤ | ᠡᠭᠦᠷᠭᠡ ᠶᠢᠨ ᠱᠠᠭᠠᠷᠳᠠᠯᠭ᠎ᠠ ᠪᠣᠯᠤᠨ᠎ᠠ᠃ ︽ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ ᠲᠤᠬᠠᠢ ᠥᠪᠡᠷᠲᠡᠭᠡᠨ ᠵᠠᠰᠠᠬᠤ | ᠣᠷᠤᠨ ᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠳᠤ ︽ᠬᠢᠨᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠢᠨᠠᠨ ᠬᠠᠮᠢᠶᠠᠷᠬᠤ | ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠬᠦ︾ ᠪᠠ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ | ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠡᠭᠦᠷᠭᠡ ᠶᠢᠨ | ᠱᠠᠭᠠᠷᠳᠠᠯᠭ᠎ᠠ ᠶᠢ ᠳᠤᠷᠠᠳᠴᠠᠶ᠃ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠨᠢ ᠥᠪᠡᠷᠲᠡᠭᠡᠨ ᠵᠠᠰᠠᠬᠤ ᠣᠷᠤᠨ ᠤ ᠠᠶᠤᠯ ᠥᠬᠡᠶ ᠦᠢᠯᠡᠳᠪᠦᠷᠢᠯᠡᠯ ᠤᠨ ᠪᠣᠳᠠᠲᠤ | ᠬᠡᠷᠡᠭᠴᠡᠭᠡ ᠳᠤ ᠨᠡᠶᠢᠴᠡᠵᠦ᠂ ᠡᠨᠧᠷᠭᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠶᠡᠭᠡ ᠲᠠᠯ᠎ᠠ ᠪᠠᠷ ᠪᠠᠷᠢᠮᠵᠢᠶᠠᠯᠠᠵᠤ᠂ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠨ ᠬᠤᠭᠤᠯᠠᠶ ᠶᠢᠨ ᠬᠠᠮᠠᠭᠠᠯᠠᠯᠲᠠ ᠶᠢᠨ ᠡᠯ᠎ᠡ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ | ᠬᠠᠤᠯᠢ ᠬᠡᠷᠡᠭᠵᠢᠭᠦᠯᠬᠦ ᠬᠠᠮᠲᠤᠷᠠᠭᠰᠠᠨ ᠪᠠᠶᠢᠴᠠᠭᠠᠯᠲᠠ ᠥᠷᠨᠢᠭᠦᠯᠬᠦ᠂ ᠬᠦᠨᠳᠦ ᠶᠡᠭᠡ ᠬᠡᠮ ᠰᠣᠭᠤᠭ ᠤᠨ ᠠᠰᠠᠭᠤᠳᠠᠯ ᠢ ᠵᠠᠰᠠᠬᠤ ᠵᠡᠷᠭᠡ ᠠᠵᠢᠯ ᠢ ᠠᠬᠢᠭᠤᠯᠬᠤ ᠳᠤ | ᠪᠣᠳᠠᠲᠠᠶ ᠲᠣᠭᠲᠠᠭᠠᠯ ᠭᠠᠷᠭᠠᠪᠠ᠃ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠨᠢ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ ᠬᠤᠭᠤᠯᠠᠶ ᠶᠢ ᠬᠠᠮᠠᠭᠠᠯᠠᠬᠤ ᠲᠤᠰᠬᠠᠶᠢᠵᠢᠭᠰᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯᠲᠠ ᠶᠢ ᠠᠬᠢᠭᠤᠯᠬᠤ ᠳᠤ ᠨᠡᠯᠢᠶᠡᠳ | ᠴᠢᠩᠭ᠎ᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ | ︵ᠭᠤᠷᠪᠠ︶ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠨᠢ ᠡᠨᠧᠷᠭᠢ ᠶᠢᠨ ᠠᠮᠤᠷ ᠲᠦᠪᠰᠢᠨ ᠢ ᠬᠦᠴᠦᠲᠡᠶ ᠪᠠᠲᠤᠯᠠᠵᠤ᠂ ᠬᠤᠭᠤᠯᠠᠶ ᠶᠢ | ᠬᠠᠮᠠᠭᠠᠯᠠᠬᠤ ᠠᠵᠢᠯ ᠢ ᠴᠢᠩᠭᠠᠳᠬᠠᠬᠤ ᠶᠢᠨ ᠪᠣᠳᠠᠲᠤ ᠬᠡᠷᠡᠭᠴᠡᠭᠡ ᠪᠣᠯᠤᠨ᠎ᠠ᠃ ᠪᠦᠬᠦ ᠣᠷᠤᠨ ᠳᠤ ᠨᠢᠭᠡᠨᠲᠡ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ | ᠳᠠᠮᠵᠢᠭᠤᠯᠬᠤ ᠤᠷᠲᠤ ᠬᠤᠭᠤᠯᠠᠶ ᠶᠢ 6700 ᠺᠢᠯᠤᠮᠸᠲᠷ ᠠᠴᠠ ᠳᠡᠭᠡᠭᠰᠢ ᠪᠠᠶᠢᠭᠤᠯᠵᠤ᠂ ᠣᠷᠤᠨ ᠤ ᠳᠣᠲᠣᠷᠠᠬᠢ ᠠᠷᠠᠳ ᠤᠨ ᠠᠮᠢᠳᠤᠷᠠᠯ ᠳᠤ ᠬᠡᠢ ᠬᠠᠩᠭᠠᠬᠤ ᠶᠢ | ᠪᠠᠲᠤᠯᠠᠬᠤ ᠪᠠ ᠨᠡᠶᠢᠰᠯᠡᠯ ᠪᠡᠭᠡᠵᠢᠩ ᠵᠡᠷᠭᠡ ᠭᠠᠵᠠᠷ ᠣᠷᠤᠨ ᠳᠤ ᠪᠠᠶᠢᠭᠠᠯᠢ ᠶᠢᠨ ᠰᠢᠲᠠᠮᠠᠬᠠᠶ ᠬᠡᠢ ᠳᠠᠮᠵᠢᠭᠤᠯᠬᠤ ᠡᠭᠦᠷᠭᠡ ᠶᠢ ᠡᠭᠦᠷᠭᠡᠯᠡᠵᠦ ᠪᠤᠶ᠃ ᠤᠳᠤ ᠶᠢᠨ | ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠶᠢ ᠨᠢᠭᠡᠨᠲᠡ ᠬᠡᠷᠡᠭᠵᠢᠭᠦᠯᠦᠭᠡᠳ ᠬᠡᠳᠦᠨ ᠵᠢᠯ ᠪᠤᠯᠵᠤ ᠪᠠᠶᠢᠨ᠎ᠠ᠂ ᠵᠠᠷᠢᠮ ᠠᠭᠤᠯᠭ᠎ᠠ ᠶᠢᠨ ᠵᠦᠢᠯ ᠵᠤᠷᠪᠤᠰ ᠨᠢ ᠤᠯᠤᠰ ᠤᠨ | ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠪᠠ ᠳᠠᠮᠵᠢᠭᠤᠯᠬᠤ ᠬᠤᠭᠤᠯᠠᠢ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠪᠣᠳᠠᠲᠠᠢ | ᠬᠡᠷᠡᠭᠴᠡᠭᠡ ᠲᠠᠢ ᠵᠣᠬᠢᠴᠠᠬᠤ ᠦᠭᠡᠢ ᠪᠠᠶᠢᠵᠤ᠂ ᠪᠣᠳᠠᠲᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠡᠷᠡᠭᠴᠡᠭᠡ ᠶᠢ ᠨᠢᠭᠡᠨᠲᠡ ᠪᠦᠷᠢᠮᠦᠰᠦᠨ ᠬᠠᠩᠭᠠᠵᠤ ᠳᠡᠶᠢᠯᠬᠦ ᠦᠭᠡᠢ | ᠪᠣᠯᠵᠠᠢ᠃ ᠳᠡᠭᠡᠷ᠎ᠡ ᠳᠤᠷᠠᠳᠤᠭᠰᠠᠨ ᠠᠰᠠᠭᠤᠳᠠᠯ ᠨᠢ ᠳᠠᠮᠵᠢᠭᠤᠯᠬᠤ ᠬᠤᠭᠤᠯᠠᠢ ᠶᠢᠨ ᠬᠠᠮᠠᠭᠠᠯᠠᠯᠲᠠ ᠶᠢᠨ ᠠᠵᠢᠯ ᠤᠨ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢ | ᠨᠥᠯᠥᠭᠡᠯᠡᠵᠦ ᠪᠠᠶᠢᠨ᠎ᠠ᠃ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠨᠢ ᠡᠯ᠎ᠡ ᠵᠦᠢᠯ ᠵᠤᠷᠪᠤᠰ ᠤᠨ ᠬᠠᠨᠳᠤᠯᠭᠠᠲᠤ ᠴᠢᠨᠠᠷ ᠪᠠ ᠬᠡᠷᠡᠭᠯᠡᠭᠡᠨ ᠤ ᠴᠢᠨᠠᠷ ᠢ | ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠬᠤᠭᠤᠯᠠᠶ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠡᠷᠭᠡ | ᠠᠭᠤᠯᠭ᠎ᠠ ᠶᠢ ᠡᠮᠬᠢᠯᠡᠨ ᠢᠯᠭᠠᠷᠠᠭᠤᠯᠵᠤ᠂ ᠪᠣᠳᠠᠲᠤ ᠠᠵᠢᠯ ᠤᠨ ᠳᠤᠮᠳᠠ ᠪᠠᠴᠢᠮ ᠰᠢᠢᠳᠪᠦᠷᠢᠯᠡᠬᠦ ᠴᠢᠬᠤᠯᠠᠲᠠᠶ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ | ᠬᠤᠭᠤᠯᠠᠶ ᠶᠢ ᠬᠠᠮᠠᠭᠠᠯᠠᠬᠤ ᠠᠵᠢᠯ ᠤᠨ ᠪᠣᠳᠠᠲᠤ ᠬᠡᠷᠡᠭᠴᠡᠭᠡ ᠳᠤ ᠨᠡᠶᠢᠴᠡᠭᠦᠯᠬᠦ ᠶᠢ ᠦᠨᠡᠨ ᠬᠦ ᠪᠠᠲᠤᠯᠠᠨ᠎ᠠ᠃ | ᠭᠤᠷᠪᠠ᠂ ᠭᠤᠣᠯ ᠠᠭᠤᠯᠭ᠎ᠠ | ︵ᠨᠢᠭᠡ︶ ᠬᠤᠭᠤᠯᠠᠶ ᠶᠢᠨ ᠲᠥᠯᠥᠪᠵᠢᠭᠦᠯᠭᠡ ᠬᠢᠭᠡᠳ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠨᠢᠭᠡ ᠳᠤ᠂ ᠬᠡᠷᠡᠭ ᠤᠨ | ᠡᠮᠦᠨᠡᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠤ ᠳᠠᠮᠵᠢᠭᠤᠯᠬᠤ ᠬᠤᠭᠤᠯᠠᠢ ᠶᠢᠨ ᠪᠦᠳᠦᠭᠡᠨ ᠪᠠᠶᠢᠭᠤᠯᠤᠯᠲᠠ ᠨᠢ | ᠬᠠᠷᠠᠭᠠᠯᠵᠠᠭᠰᠠᠨ ᠬᠢᠷᠢ ᠬᠡᠮ ᠢ ᠪᠦᠷᠢᠯᠳᠦᠭᠦᠯᠦᠭᠰᠡᠨ ᠨᠢᠭᠡᠴᠢ ᠶᠢ ᠰᠣᠩᠭᠤᠵᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢ ᠡᠭᠦᠷᠭᠡᠯᠡᠭᠦᠯᠬᠦ ᠬᠡᠷᠡᠭᠲᠡᠢ᠂ ᠠᠵᠢᠯ | ᠡᠬᠢᠯᠡᠭᠦᠯᠬᠦ ᠠᠴᠠ ᠡᠮᠦᠨ᠎ᠡ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠳᠠᠮᠵᠢᠭᠤᠯᠬᠤ ᠬᠤᠭᠤᠯᠠᠢ ᠶᠢᠨ ᠪᠦᠳᠦᠭᠡᠨ ᠪᠠᠶᠢᠭᠤᠯᠤᠯᠲᠠ ᠶᠢᠨ | ᠵᠦᠢᠯᠡᠰ ᠤᠨ ᠠᠶᠤᠯᠭᠦᠢ ᠶᠢᠨ ᠬᠢᠨᠠᠨ ᠪᠠᠶᠢᠴᠠᠭᠠᠯᠲᠠ ᠬᠢᠯᠭᠡᠬᠦ ᠪᠠᠷ ᠭᠤᠶᠤᠴᠢᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ ᠬᠤᠶᠠᠷ ᠲᠤ᠂ ︽ᠭᠤᠷᠪᠠ ᠶᠢ | ᠬᠠᠮᠲᠤ ᠳᠤᠨᠢ ᠬᠢᠬᠦ︾ ᠶᠢ ᠨᠠᠶᠢᠳᠠᠪᠤᠷᠢᠵᠢᠭᠤᠯᠤᠨ᠎ᠠ᠃ ᠳᠠᠮᠵᠢᠭᠤᠯᠬᠤ ᠬᠤᠭᠤᠯᠠᠶ ᠶᠢᠨ ᠪᠥᠲᠥᠭᠡᠨ ᠪᠠᠶᠢᠭᠤᠯᠤᠯᠲᠠ ᠶᠢᠨ ᠵᠦᠢᠯᠡᠰ ᠲᠤ ᠠᠶᠤᠯᠭᠦᠶ ᠶᠢᠨ ᠬᠠᠮᠠᠭᠠᠯᠠᠯᠲᠠ ᠶᠢᠨ | ᠵᠢᠷᠤᠭ ᠲᠥᠯᠥᠪᠯᠡᠭᠡ ᠶᠢ ᠵᠡᠷᠭᠡᠪᠡᠷ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ︔ ᠠᠶᠤᠯ ᠦᠭᠡᠶ ᠶᠢᠨ ᠬᠠᠮᠠᠭᠠᠯᠠᠯᠲᠠ ᠶᠢᠨ ᠲᠦᠬᠦᠭᠡᠷᠦᠮᠵᠢ ᠶᠢᠨ ᠵᠢᠷᠤᠭᠯᠠᠵᠤ | ᠲᠥᠯᠥᠪᠯᠡᠭᠰᠡᠨ ᠪᠢᠴᠢᠭ ᠮᠠᠲ᠋ᠧᠷᠢᠶᠠᠯ ᠢ ᠭᠤᠣᠯ ᠴᠣᠭᠴᠠ ᠶᠢᠨ ᠪᠠᠷᠢᠯᠭ᠎ᠠ ᠯᠤᠭ᠎ᠠ ᠵᠡᠷᠭᠡ ᠳᠤᠨᠢ ᠠᠵᠢᠯ ᠡᠬᠢᠯᠡᠭᠦᠯᠵᠦ᠂ ᠵᠡᠷᠭᠡ ᠳᠤᠨᠢ ᠲᠤᠷᠰᠢᠨ ᠦᠢᠯᠡᠳᠪᠦᠷᠢᠯᠡᠬᠦ ︵ | ᠬᠡᠷᠡᠭᠯᠡᠯᠲᠡ︶ ᠳᠤ ᠣᠷᠣᠭᠤᠯᠬᠤ ᠬᠡᠷᠡᠭᠲᠡᠶ᠃ ᠭᠤᠷᠪᠠ ᠳᠤ᠂ ᠲᠤᠷᠰᠢᠨ ᠠᠵᠢᠯᠯᠠᠭᠤᠯᠬᠤ ︵ᠬᠡᠷᠡᠭᠯᠡᠯᠲᠡ︶ ᠬᠢᠨᠠᠯᠲᠠ ᠬᠠᠮᠢᠶᠠᠷᠤᠯᠲᠠ ᠶᠢ ᠳᠣᠪᠤᠶᠢᠯᠭᠠᠨ᠎ᠠ᠃ ᠲᠤᠷᠰᠢᠨ | ᠦᠢᠯᠡᠳᠪᠦᠷᠢᠯᠡᠬᠦ ︵ᠬᠡᠷᠡᠭᠯᠡᠯᠲᠡ︶ ᠠᠴᠠ ᠡᠮᠦᠨ᠎ᠡ᠂ ᠳᠠᠮᠵᠢᠭᠤᠯᠬᠤ ᠬᠤᠭᠤᠯᠠᠢ ᠶᠢᠨ ᠠᠵᠤ ᠠᠬᠤᠶᠢᠯᠠᠯ ᠢ ᠲᠤᠰᠬᠠᠢ ᠮᠡᠷᠭᠡᠵᠢᠯᠲᠡᠨ ᠵᠣᠬᠢᠶᠠᠨ ᠪᠠᠶᠢᠭᠤᠯᠵᠤ ᠲᠤᠷᠰᠢᠨ | ᠦᠢᠯᠡᠳᠪᠦᠷᠢᠯᠡᠬᠦ ︵ᠬᠡᠷᠡᠭᠯᠡᠯᠲᠡ︶ ᠲᠥᠰᠦᠯ ᠢ ᠬᠢᠨᠠᠨ ᠪᠠᠶᠢᠴᠠᠭᠠᠯᠭᠠᠬᠤ ᠪᠠ ᠲᠤᠷᠰᠢᠨ ᠦᠢᠯᠡᠳᠪᠦᠷᠢᠯᠡᠬᠦ ︵ᠬᠡᠷᠡᠭᠯᠡᠯᠲᠡ︶ ᠶᠠᠪᠤᠴᠠ ᠳᠤ ᠮᠡᠷᠭᠡᠵᠢᠯ ᠤᠨ ᠵᠢᠯᠤᠭᠤᠳᠤᠯᠭ᠎ᠠ | ᠬᠢᠯᠭᠡᠬᠦ ᠶᠢ ᠱᠠᠭᠠᠷᠳᠠᠨ᠎ᠠ᠃ | ︵ᠬᠤᠶᠠᠷ︶ ᠳᠠᠮᠵᠢᠭᠤᠯᠬᠤ ᠬᠤᠭᠤᠯᠠᠶ ᠶᠢᠨ ᠠᠵᠢᠯᠯᠠᠭ᠎ᠠ ᠶᠢ ᠬᠠᠮᠠᠭᠠᠯᠠᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠨᠢᠭᠡ ᠳᠤ᠂ | ᠬᠠᠷᠢᠭᠤᠴᠠᠯᠭ᠎ᠠ ᠶᠢ ᠭᠦᠨᠵᠡᠭᠡᠶ ᠨᠠᠷᠢᠯᠢᠭᠵᠢᠭᠤᠯᠤᠨ᠎ᠠ᠃ ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠤ ᠠᠵᠤ ᠠᠬᠤᠶᠢᠯᠠᠯ ᠤᠨ ᠳᠠᠮᠵᠢᠭᠤᠯᠬᠤ ᠬᠤᠭᠤᠯᠠᠶ ᠶᠢᠨ | ᠠᠵᠢᠯᠯᠠᠬᠤ ᠶᠢ ᠵᠣᠭᠰᠣᠭᠠᠬᠤ᠂ ᠪᠢᠲᠡᠭᠦᠮᠵᠢᠯᠡᠨ ᠬᠠᠳᠠᠭᠠᠯᠠᠬᠤ᠂ ᠬᠡᠷᠡᠭᠯᠡᠭᠡᠨ ᠠᠴᠠ ᠭᠠᠷᠭᠠᠬᠤ᠂ ᠬᠦᠨᠳᠦ ᠶᠡᠭᠡ ᠲᠦᠭᠰᠢᠭᠦᠷᠢ ᠶᠢᠨ ᠣᠷᠤᠨ ᠤ ᠬᠡᠰᠡᠭ ᠲᠤ ᠲᠣᠭᠤᠷᠢᠨ | ᠬᠠᠮᠠᠭᠠᠯᠠᠬᠤ ᠲᠦᠷᠢᠮ ᠢ ᠨᠠᠷᠢᠯᠢᠬᠵᠢᠭᠤᠯᠤᠨ᠎ᠠ᠃ ᠬᠤᠶᠠᠷ ᠲᠤ᠂ ᠬᠠᠮᠠᠭᠠᠯᠠᠬᠤ ᠲᠣᠭᠲᠠᠴᠠ ᠶᠢ ᠪᠠᠶᠢᠭᠤᠯᠤᠨ᠎ᠠ᠃ ᠳᠠᠮᠵᠢᠭᠤᠯᠬᠤ ᠬᠤᠭᠤᠯᠠᠢ ᠶᠢᠨ ᠬᠠᠮᠠᠭᠠᠯᠠᠯᠲᠠ ᠶᠢᠨ | ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ᠂ ᠲᠠᠯᠳᠠ ᠭᠡᠮ ᠢ ᠵᠠᠰᠠᠬᠤ ᠪᠡᠯᠡ ᠮᠥᠩᠭᠦ ᠶᠢᠨ ᠣᠷᠣᠭᠤᠯᠤᠯᠲᠠ᠂ ᠳᠠᠮᠵᠢᠭᠤᠯᠬᠤ ᠬᠤᠭᠤᠯᠠᠢ ᠶᠢᠨ ᠬᠠᠮᠠᠭᠠᠯᠠᠯᠲᠠ ᠶᠢᠨ | ᠠᠵᠢᠯ ᠤᠨ ᠬᠠᠮᠲᠤᠷᠠᠭᠰᠠᠨ ᠬᠤᠷᠠᠯᠳᠤᠭᠠᠨ ᠢ ᠬᠤᠷᠠᠯᠳᠤᠭᠤᠯᠬᠤ᠂ ᠳᠠᠮᠵᠢᠭᠤᠯᠬᠤ ᠬᠤᠭᠤᠯᠠᠢ ᠶᠢᠨ ᠬᠠᠮᠠᠭᠠᠯᠠᠯᠲᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠬᠦ ᠵᠡᠷᠭᠡ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠢ ᠪᠣᠯᠭᠠᠪᠠ᠃ ᠭᠤᠷᠪᠠ ᠳᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶ | ᠪᠤᠯᠭᠠᠪᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠳᠠᠮᠵᠢᠭᠤᠯᠬᠤ ᠬᠤᠭᠤᠯᠠᠶ ᠶᠢ ᠬᠠᠮᠠᠭᠠᠯᠠᠬᠤ ᠠᠵᠢᠯ ᠢ ᠭᠤᠣᠯᠴᠢᠯᠠᠨ | ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠨᠢ ᠬᠤᠭᠤᠯᠠᠶ ᠶᠢ ᠵᠢᠩᠬᠢᠨᠢ ᠪᠠᠷ ᠲᠤᠰᠢᠶᠠᠨ ᠥᠭᠴᠦ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠬᠠᠷᠢᠶ᠎ᠠ | ᠣᠷᠤᠨ ᠤ ᠪᠠᠨ ᠬᠤᠭᠤᠯᠠᠶ ᠶᠢ ᠬᠠᠮᠠᠭᠠᠯᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ᠃ | ︵ᠭᠤᠷᠪᠠ︶ ᠬᠤᠭᠤᠯᠠᠶ ᠶᠢᠨ ᠲᠥᠯᠥᠪᠵᠢᠭᠦᠯᠭᠡ ᠪᠣᠯᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡ ᠳᠤ᠂ | ︽ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤᠯᠤᠰ ᠤᠨ ᠭᠠᠵᠠᠷ ᠰᠢᠷᠣᠶ ᠶᠢᠨ | ᠣᠷᠤᠨ ᠵᠠᠶ ᠶᠢᠨ ᠲᠥᠯᠥᠪᠵᠢᠭᠦᠯᠭᠡ ᠵᠡᠷᠭᠡ ᠶᠢ ᠨᠠᠶᠢᠷᠠᠭᠤᠯᠤᠨ ᠵᠣᠬᠢᠶᠠᠬᠤ ᠪᠠ ᠲᠣᠬᠢᠷᠠᠭᠤᠯᠤᠯᠲᠠ ᠬᠢᠵᠦ᠂ ᠳᠠᠮᠵᠢᠭᠤᠯᠬᠤ ᠬᠤᠭᠤᠯᠠᠶ ᠶᠢ ᠥᠭᠡᠷᠡᠴᠢᠯᠡᠨ ᠪᠠᠶᠢᠭᠤᠯᠬᠤ᠂ | ᠨᠡᠭᠦᠯᠭᠡᠬᠦ ᠪᠤᠶᠤ ᠰᠡᠷᠭᠡᠶᠢᠯᠡᠨ ᠬᠠᠮᠠᠭᠠᠯᠠᠬᠤ ᠲᠦᠬᠦᠭᠡᠷᠦᠮᠵᠢ ᠶᠢ ᠨᠡᠮᠡᠭᠳᠡᠭᠦᠯᠬᠦ ᠳᠤ ᠬᠤᠯᠪᠣᠭᠳᠠᠭᠰᠠᠨ ᠪᠠᠶᠢᠪᠠᠯ᠂ ᠠᠵᠤ ᠠᠬᠤᠶᠢᠯᠠᠯ ᠤᠨ ᠰᠠᠨᠠᠯ ᠢ ᠭᠦᠢᠴᠡᠳ ᠬᠤᠷᠢᠶᠠᠵᠤ᠂ | ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠳᠠᠮᠵᠢᠭᠤᠯᠬᠤ ᠬᠤᠭᠤᠯᠠᠢ ᠶᠢᠨ ᠪᠦᠳᠦᠭᠡᠨ ᠪᠠᠶᠢᠭᠤᠯᠤᠯᠲᠠ᠂ | ᠠᠵᠢᠯᠯᠠᠭᠠᠨ ᠪᠠ ᠬᠠᠮᠠᠭᠠᠯᠠᠯᠲᠠ ᠳᠤᠮᠳᠠ ᠭᠠᠵᠠᠷ ᠰᠢᠷᠣᠢ ᠶᠢᠨ ᠬᠡᠷᠡᠭᠯᠡᠯᠲᠡ ᠶᠢ ᠨᠥᠯᠥᠭᠡᠯᠡᠬᠦ ᠶᠢ ᠲᠣᠳᠣᠷᠬᠠᠢ ᠲᠣᠭᠲᠠᠭᠠᠭᠰᠠᠨ ᠪᠠᠶᠢᠪᠠᠯ᠂ ᠳᠠᠮᠵᠢᠭᠤᠯᠬᠤ ᠬᠤᠭᠤᠯᠠᠢ ᠶᠢᠨ | ᠠᠵᠤ ᠠᠬᠤᠶᠢᠯᠠᠯ ᠨᠢ ᠬᠤᠯᠪᠣᠭᠳᠠᠯ ᠪᠦᠭᠦᠢ ᠡᠷᠬᠡ ᠠᠰᠢᠭ ᠤᠨ ᠬᠥᠮᠦᠨ ᠳᠤ ᠨᠥᠬᠦᠪᠥᠷᠢ ᠥᠭᠬᠦ ᠬᠡᠷᠡᠭᠲᠡᠢ᠃ ᠭᠤᠷᠪᠠ ᠳᠤ᠂ ᠳᠠᠮᠵᠢᠭᠤᠯᠬᠤ ᠬᠤᠭᠤᠯᠠᠢ ᠶᠢ ᠪᠠᠶᠢᠭᠤᠯᠵᠤ | ᠳᠠᠭᠤᠰᠬᠠᠭᠰᠠᠨ ᠤ ᠲᠠᠷᠠᠭ᠎ᠠ᠂ ᠤᠯᠤᠰ ᠤᠨ ᠬᠤᠯᠪᠣᠭᠳᠠᠯ ᠪᠦᠭᠦᠢ ᠲᠣᠭᠲᠠᠭᠠᠯ ᠶᠣᠰᠣᠭᠠᠷ ᠳᠠᠮᠵᠢᠭᠤᠯᠬᠤ ᠬᠤᠭᠤᠯᠠᠢ ᠶᠢ ᠲᠤᠷᠰᠢᠨ ᠦᠢᠯᠡᠳᠪᠦᠷᠢᠯᠡᠬᠦ ︵ᠬᠡᠷᠡᠭᠯᠡᠯᠲᠡ︶ | ᠪᠠ ᠠᠵᠢᠯ ᠳᠠᠭᠤᠰᠤᠭᠰᠠᠨ ᠢ ᠰᠢᠯᠭᠠᠨ ᠠᠪᠬᠤ ᠬᠡᠷᠡᠭᠲᠡᠢ ᠪᠥᠭᠡᠳ ᠲᠤᠰᠬᠠᠢ ᠲᠦᠷᠦᠯ ᠢᠶᠠᠷ ᠰᠢᠯᠭᠠᠨ ᠠᠪᠬᠤ ᠲᠤᠬᠠᠢ ᠪᠣᠳᠠᠲᠠᠢ ᠱᠠᠭᠠᠷᠳᠠᠯᠭ᠎ᠠ ᠭᠠᠷᠭᠠᠬᠤ ᠬᠡᠷᠡᠭᠲᠡᠢ᠃ | ︵ᠳᠥᠷᠪᠡ︶ ᠬᠤᠭᠤᠯᠠᠶ ᠶᠢ ᠬᠠᠮᠠᠭᠠᠯᠠᠵᠤ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠶ᠃ ᠨᠢᠭᠡ ᠳᠤ᠂ ︽ᠬᠢᠨᠠᠯᠲᠠ ᠬᠠᠮᠢᠶᠠᠷᠤᠯᠲᠠ ᠶᠢᠨ | ᠠᠷᠭ᠎ᠠ︾ ᠳᠤ ᠠᠵᠢᠯᠯᠠᠬᠤ ᠶᠢ ᠨᠢ ᠵᠣᠭᠰᠣᠭᠠᠵᠤ᠂ ᠪᠢᠲᠡᠭᠦᠮᠵᠢᠯᠡᠨ ᠬᠠᠳᠠᠭᠠᠯᠠᠭᠰᠠᠨ ᠬᠤᠭᠤᠯᠠᠶ ᠶᠢ ᠳᠠᠭᠢᠵᠤ ᠠᠵᠢᠯᠯᠠᠭᠤᠯᠬᠤ ᠲᠠᠰ ᠳᠠᠷᠠᠭᠠᠯᠠᠯ ᠤᠨ ᠱᠠᠭᠠᠷᠳᠠᠯᠭ᠎ᠠ ᠶᠢ | ᠨᠡᠮᠡᠵᠦ᠂ ᠬᠤᠭᠤᠯᠠᠢ ᠶᠢ ᠳᠠᠬᠢᠨ ᠠᠵᠢᠯᠯᠠᠭᠤᠯᠬᠤ ᠳᠤ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠶᠢ ᠪᠡᠶᠡᠯᠡᠭᠦᠯᠵᠦ ᠳᠡᠶᠢᠯᠬᠦ ᠶᠢ ᠲᠣᠳᠣᠷᠬᠠᠶᠢᠯᠠᠬᠤ ᠶᠢᠨ ᠬᠠᠮᠲᠤ | ᠤᠤᠯ ᠤᠨ ᠳᠠᠩᠰᠠᠯᠠᠭᠤᠯᠤᠭᠰᠠᠨ ᠬᠤᠭᠤᠯᠠᠶ ᠶᠢ ᠬᠠᠮᠠᠭᠠᠯᠠᠬᠤ ᠠᠵᠢᠯ ᠢ ᠭᠤᠤᠯᠴᠢᠯᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠲᠤ ᠮᠡᠳᠡᠭᠳᠡᠨ᠎ᠡ᠃ ᠬᠤᠶᠠᠷ ᠲᠤ᠂ ᠭᠠᠵᠠᠷ | ᠲᠤᠤᠷᠠᠬᠢ ᠮᠠᠯᠲᠠᠬᠤ ᠠᠵᠢᠯ ᠪᠤᠶᠤ ᠬᠠᠨᠳᠤᠯᠭ᠎ᠠ ᠲᠠᠢ ᠪᠠᠷ ᠥᠷᠥᠮᠳᠡᠬᠦ᠂ ᠳᠡᠭᠡᠬᠦᠷ ᠬᠤᠭᠤᠯᠠᠢ ᠶᠠᠪᠤᠭᠤᠯᠬᠤ ᠵᠡᠷᠭᠡ ᠠᠷᠭ᠎ᠠ ᠮᠠᠶ᠋ᠢᠭ ᠢᠶᠠᠷ ᠪᠠᠷᠢᠯᠭ᠎ᠠ ᠶᠢᠨ ᠠᠵᠢᠯ ᠬᠢᠬᠦ ᠳᠤ | ᠭᠦᠷᠪᠡᠯ᠂ ᠤᠷᠢᠳᠠᠪᠠᠷ ᠬᠠᠷᠢᠶ᠎ᠠ ᠭᠠᠵᠠᠷ ᠤᠨ ᠢᠶᠠᠨ ᠳᠠᠮᠵᠢᠭᠤᠯᠬᠤ ᠬᠤᠭᠤᠯᠠᠢ ᠶᠢᠨ ᠬᠠᠮᠠᠭᠠᠯᠠᠯᠲᠠ ᠶᠢᠨ ᠠᠵᠢᠯ ᠢ ᠡᠷᠭᠢᠯᠡᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠲᠤ | ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠲᠠᠷᠠᠭ᠎ᠠ ᠠᠵᠢᠯᠯᠠᠬᠤ ᠬᠡᠷᠡᠭᠲᠡᠢ ᠭᠡᠳᠡᠭ ᠢ ᠳᠤᠳᠤᠷᠬᠠᠶᠢᠯᠠᠬᠤ ᠬᠡᠷᠡᠭᠲᠡᠢ᠃ ᠭᠤᠷᠪᠠ ᠳᠤ᠂ ᠳᠠᠮᠵᠢᠭᠤᠯᠬᠤ ᠬᠤᠭᠤᠯᠠᠶ ᠶᠢᠨ | ᠥᠨᠳᠥᠷ ᠳᠦᠭᠰᠢᠬᠦᠷᠢ ᠲᠠᠢ ᠣᠷᠤᠨ ᠤ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠨᠡᠮᠡᠭᠳᠡᠭᠦᠯᠵᠦ᠂ ᠳᠠᠮᠵᠢᠭᠤᠯᠬᠤ ᠬᠤᠭᠤᠯᠠᠶ ᠶᠢᠨ ᠠᠵᠤ ᠠᠬᠤᠶᠢᠯᠠᠯ ᠤᠨ ᠳᠠᠮᠵᠢᠭᠤᠯᠬᠤ | ᠬᠤᠭᠤᠯᠠᠶ ᠶᠢᠨ ᠦᠨᠳᠦᠷ ᠳᠦᠭᠰᠢᠭᠦᠷᠢ ᠲᠠᠢ ᠣᠷᠤᠨ ᠢ ᠢᠯᠭᠠᠨ ᠲᠠᠨᠢᠬᠤ ᠪᠠ ᠬᠠᠮᠢᠶᠠᠷᠤᠨ ᠡᠵᠡᠮᠳᠡᠬᠦ ᠶᠢ ᠲᠣᠳᠣᠷᠬᠠᠶᠢᠯᠠᠨ᠂ ᠬᠠᠷᠠᠭᠠᠨ ᠳᠡᠯᠭᠡᠴᠡ ᠪᠠᠷ ᠬᠢᠨᠠᠨ | ᠡᠵᠡᠮᠳᠡᠵᠦ᠂ ︽ᠨᠢᠭᠡ ᠣᠷᠤᠨ ᠳᠤ ᠨᠢᠭᠡ ᠲᠥᠰᠦᠯ︾ ᠢ ᠨᠠᠶᠢᠳᠠᠪᠤᠷᠢᠵᠢᠭᠤᠯᠬᠤ ᠶᠢᠨ ᠬᠠᠮᠲᠤ ᠳᠠᠮᠵᠢᠭᠤᠯᠬᠤ ᠬᠤᠭᠤᠯᠠᠶ ᠵᠢᠴᠢ ᠡᠷᠭᠢᠨ ᠲᠣᠭᠤᠷᠢᠨ ᠤ ᠣᠷᠴᠢᠨ | ᠲᠣᠭᠤᠷᠢᠨ ᠤ ᠬᠤᠪᠢᠷᠠᠯᠲᠠ ᠶᠢ ᠦᠨᠳᠦᠰᠦᠯᠡᠨ᠂ ᠦᠨᠳᠦᠷ ᠲᠦᠭᠰᠢᠬᠦᠷᠢ ᠲᠠᠢ ᠣᠷᠤᠨ ᠢ ᠴᠠᠭ ᠲᠤᠬᠠᠶ ᠳᠤᠨᠢ ᠢᠯᠭᠠᠨ ᠲᠠᠨᠢᠵᠤ ᠳᠡᠮᠳᠡᠭᠯᠡᠯ ᠦᠯᠡᠳᠡᠭᠡᠬᠦ ᠭᠡᠷᠡᠭᠲᠡᠢ᠃ | | | ᠪᠣᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠬᠡᠯᠡᠨ ᠤ ᠰᠦᠯᠵᠢᠶ᠎ᠡ ᠣᠷᠴᠢᠭᠤᠯᠪᠠ᠃ | | | | | |