︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ  ᠦᠪᠦᠷ ᠵᠠᠰᠠᠭ ᠲᠠᠷᠬᠠᠭᠠᠭᠰᠠᠨ ﹇2020﹈ 23 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2021/3/29
                                          ᠦᠪᠦᠷ ᠵᠠᠰᠠᠭ ᠲᠠᠷᠬᠠᠭᠠᠭᠰᠠᠨ ﹇2020﹈ 23 ᠳ᠋ᠤᠭᠠᠷ ᠲᠣᠭᠠᠲᠤ        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ          ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠣᠭᠤᠰᠢᠯᠠᠭᠤᠯᠤᠨ ᠬᠡᠷᠡᠭᠵᠢᠭᠦᠯᠲᠦᠭᠡᠶ᠃                                                              2020 ᠣᠨ ᠤ 12 ᠳ᠋ᠤᠭᠠᠷ ᠰᠠᠷ᠎ᠠ ᠶᠢᠨ 18 ᠤ ᠡᠳᠦᠷ                                                                  ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶                           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ                            ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ ᠶᠡᠷᠦᠩᠬᠡᠢ ᠳᠦᠷᠢᠮ      ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦᠨ ᠤ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠴᠢᠨᠠᠷᠲᠠᠶ ᠥᠷᠢ ᠦᠭᠴᠡᠬᠡᠨ ᠤ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ︽ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠦᠭᠴᠡᠬᠡᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠡᠨ ᠤ ᠰᠠᠨᠠᠯ︾ ︵ᠲᠥᠷᠥ ᠲᠠᠷᠬᠠᠭᠠᠭᠰᠠᠨ ﹇2014﹈ 43 ᠳ᠋ᠤᠭᠠᠷ ᠲᠣᠭᠠᠲᠤ︶ ᠪᠠ ᠡᠳ᠋ ᠤᠨ ᠵᠠᠰᠠᠭ ᠤᠨ ᠶᠠᠮᠤᠨ ᠵᠢᠴᠢ ᠥᠪᠡᠷᠲᠡᠭᠡᠨ ᠵᠠᠰᠠᠬᠤ ᠣᠷᠣᠨ ᠤ ᠵᠢᠭᠡᠯᠡᠯᠭᠡ ᠶᠢᠨ ᠲᠡᠮᠳᠡᠭᠲᠦ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠭᠡᠳᠡᠭ ᠨᠢ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠢᠲᠡᠭᠡᠮᠵᠢ ᠶᠢᠨ ᠵᠠᠷᠴᠢᠮ ᠢ ᠦᠨᠳᠦᠰᠦᠯᠡᠨ ᠡᠬᠡ ᠮᠥᠩᠭᠦ ᠪᠠ ᠬᠦᠦ ᠮᠥᠩᠭᠦ ᠶᠢ ᠨᠢ ᠪᠤᠴᠠᠭᠠᠵᠤ ᠲᠥᠯᠥᠬᠦ ᠬᠠᠷᠢᠭᠤᠴᠠᠯᠭ᠎ᠠ ᠶᠢ ᠡᠭᠦᠷᠭᠡᠯᠡᠬᠦ ᠪᠠᠷ ᠪᠡᠯᠡ ᠮᠥᠩᠭᠦ ᠴᠤᠭᠯᠠᠭᠤᠯᠤᠭᠰᠠᠨ ᠥᠷᠢ ᠥᠭᠴᠡᠭᠡᠨ ᠤ ᠪᠠᠷᠢᠮᠲᠠ ᠶᠢ ᠵᠢᠭᠠᠵᠤ ᠪᠤᠶ᠂ ᠲᠡᠷᠡ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠭᠤᠣᠯ ᠴᠣᠭᠴᠠ ᠪᠣᠯᠭᠠᠵᠤ ᠲᠠᠷᠬᠠᠭᠠᠭᠰᠠᠨ ᠵᠢᠭᠡᠯᠡᠯᠭᠡ ᠶᠢᠨ ᠲᠡᠮᠳᠡᠭᠲᠦ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠪᠠᠯᠠ ᠮᠥᠩᠭᠦᠨ ᠤ ᠬᠡᠷᠡᠭᠴᠡᠭᠡ ᠪᠠᠷ ᠰᠢᠨ᠎ᠡ ᠨᠡᠮᠡᠭᠳᠡᠬᠦ ᠵᠢᠭᠡᠯᠡᠯᠭᠡ ᠶᠢᠨ ᠲᠡᠮᠳᠡᠭᠲᠦ᠂ ᠰᠣᠯᠢᠬᠤ ᠵᠢᠭᠡᠯᠡᠯᠭᠡ ᠶᠢᠨ ᠲᠡᠮᠳᠡᠭᠲᠦ ᠪᠠ ᠳᠠᠬᠢᠨᠲᠠ ᠪᠠᠯᠠ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠭᠡᠵᠦ ᠬᠤᠪᠢᠶᠠᠵᠤ᠂ ᠲᠥᠰᠦᠪ ᠤᠨ ᠬᠠᠮᠢᠶᠠᠷᠤᠯᠲᠠ ᠶᠢᠨ ᠵᠠᠭᠪᠤᠷ ᠢᠶᠠᠷ ᠡᠩ ᠤᠨ ᠵᠢᠭᠡᠯᠡᠯᠭᠡ ᠶᠢᠨ ᠲᠡᠮᠳᠡᠭᠲᠦ ᠪᠠ ᠲᠤᠰᠬᠠᠶ ᠵᠢᠭᠡᠯᠡᠯᠭᠡ ᠶᠢᠨ ᠲᠡᠮᠳᠡᠭᠲᠦ ᠭᠡᠵᠦ ᠬᠤᠪᠢᠶᠠᠨ᠎ᠠ᠃      ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠥᠷᠢ ᠥᠭᠴᠡᠭᠡ ᠳᠤ ᠬᠡᠮᠵᠢᠶ᠎ᠡ ᠶᠢ ᠨᠢ ᠬᠢᠵᠠᠭᠠᠷᠯᠠᠬᠤ ᠬᠠᠮᠢᠶᠠᠷᠤᠯᠲᠠ ᠬᠢᠬᠦ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠵᠢᠭᠡᠯᠡᠭᠦᠯᠦᠨ᠎ᠡ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠦᠨᠡᠨ ᠬᠦ ᠵᠢᠭᠡᠯᠡᠬᠦ ᠴᠢᠬᠤᠯᠠᠲᠠᠶ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠷᠣᠯᠠᠨ ᠵᠢᠭᠡᠯᠡᠭᠦᠯᠬᠦ ᠶᠢᠨ ᠬᠠᠮᠲᠤ ᠳᠠᠮᠵᠢᠭᠤᠯᠤᠨ ᠵᠢᠭᠡᠯᠡᠭᠦᠯᠬᠦ ᠪᠣᠯᠣᠨ᠎ᠠ᠃      ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠵᠥᠪᠬᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠬᠥᠷᠥᠩᠭᠡ ᠶᠢᠨ ᠵᠠᠷᠤᠯᠭ᠎ᠠ ᠪᠠ ᠲᠣᠭᠲᠠᠭᠠᠯ ᠶᠣᠰᠣᠭᠠᠷ ᠦᠯᠡᠳᠡᠭᠡᠯ ᠥᠷᠢ ᠥᠭᠴᠡᠭᠡ ᠶᠢ ᠪᠤᠴᠠᠭᠠᠬᠤ ᠳᠤ ᠵᠣᠬᠢᠬᠤ ᠬᠡᠮᠵᠢᠶ᠎ᠡ ᠪᠠᠷ ᠬᠡᠷᠡᠭᠯᠡᠵᠦ ᠪᠣᠯᠤᠨ᠎ᠠ᠂ ᠪᠠᠶᠢᠩᠭᠤ ᠶᠢᠨ ᠴᠢᠨᠠᠷᠲᠠᠶ ᠵᠠᠷᠤᠯᠭ᠎ᠠ ᠪᠠ ᠲᠥᠪ ᠠᠴᠠ ᠲᠣᠳᠣᠷᠬᠠᠢ ᠵᠠᠷᠯᠢᠭᠳᠠᠨ ᠬᠤᠷᠢᠭᠯᠠᠵᠤ ᠪᠠᠶᠢᠭ᠎ᠠ ᠠᠰᠠᠷ ᠲᠠᠩᠬᠢᠮ ᠪᠠᠭᠤᠳᠠᠯ ᠭᠠᠵᠠᠷ ᠪᠠᠶᠢᠭᠤᠯᠬᠤ ᠵᠡᠷᠭᠡ ᠲᠥᠷᠥᠯ ᠵᠦᠢᠯ ᠤᠨ ᠵᠠᠷᠤᠯᠭ᠎ᠠ ᠳᠤ ᠬᠡᠷᠡᠭᠯᠡᠵᠦ ᠪᠣᠯᠬᠤ ᠦᠭᠡᠶ᠃      ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠪᠥᠬᠦ ᠰᠢᠰᠲ᠋ᠧᠮ ᠤᠨ ᠲᠥᠰᠦᠪ ᠤᠨ ᠬᠠᠮᠢᠶᠠᠷᠤᠯᠲᠠ ᠳᠤ ᠣᠷᠣᠭᠤᠯᠵᠤ᠂ ᠡᠩ ᠤᠨ ᠵᠢᠭᠡᠯᠡᠯᠭᠡ ᠶᠢᠨ ᠲᠡᠮᠳᠡᠭᠲᠦ ᠪᠠ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠲᠥᠷᠥᠯ ᠬᠤᠪᠢᠶᠠᠵᠤ ᠡᠩ ᠤᠨ ᠣᠯᠠᠨ ᠨᠡᠶᠢᠲᠡ ᠶᠢᠨ ᠲᠥᠰᠦᠪ ᠪᠠ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦᠨ ᠤ ᠲᠥᠰᠦᠪ ᠤᠨ ᠬᠠᠮᠢᠶᠠᠷᠤᠯᠲᠠ ᠳᠤ ᠣᠷᠣᠭᠤᠯᠤᠨ᠎ᠠ᠃ ᠰᠠᠯᠠᠭ᠎ᠠ ᠮᠥᠴᠢᠷ ︵ᠨᠢᠭᠡᠴᠢ︶ ᠤᠨ ᠬᠡᠷᠡᠭᠯᠡᠬᠦ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠰᠠᠯᠠᠭ᠎ᠠ ᠮᠥᠴᠢᠷ ︵ᠨᠢᠭᠡᠴᠢ︶ ᠤᠨ ᠲᠥᠰᠦᠪ ᠤᠨ ᠬᠠᠮᠢᠶᠠᠷᠤᠯᠲᠠ ᠳᠤ ᠵᠣᠬᠢᠴᠠᠭᠤᠯᠤᠨ ᠣᠷᠣᠭᠤᠯᠤᠨ᠎ᠠ᠃      ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠠᠵᠢᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠤᠳᠤᠷᠢᠳᠴᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠠᠳᠠᠯᠢ ᠱᠠᠲᠤᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠮᠥᠨ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦᠨ ᠤ ︽ᠵᠢᠭᠡᠯᠡᠬᠦ᠂ ᠬᠡᠷᠡᠭᠯᠡᠬᠦ᠂ ᠪᠤᠴᠠᠭᠠᠬᠤ︾ ᠪᠥᠬᠦ ᠶᠠᠪᠤᠴᠠ ᠶᠢ ᠬᠢᠨᠠᠨ ᠬᠠᠮᠢᠶᠠᠷᠤᠨ᠎ᠠ︔ ᠪᠡᠯᠡ ᠮᠥᠩᠭᠦ ᠬᠡᠷᠡᠭᠯᠡᠬᠦ ᠰᠠᠯᠠᠭ᠎ᠠ ᠮᠥᠴᠢᠷ ᠪᠠ ᠨᠢᠭᠡᠴᠢ ︵ᠲᠥᠷᠥᠯ ᠵᠦᠢᠯ ᠤᠨ ᠨᠢᠭᠡᠴᠢ︶ ᠪᠣᠯ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠬᠤ ᠪᠥᠭᠡᠳ ᠪᠡᠯᠡ ᠮᠥᠩᠭᠦ ᠶᠢ ᠵᠢᠷᠤᠮᠵᠢᠯ ᠲᠠᠢ ᠬᠡᠷᠡᠭᠯᠡᠬᠦ᠂ ᠪᠡᠯᠡ ᠮᠥᠩᠭᠦᠨ ᠤ ᠠᠮᠤᠷ ᠲᠦᠪᠰᠢᠨ ᠳᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃      ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ︽ᠬᠡᠨ ᠵᠢᠭᠡᠯᠡᠯᠭᠡ ᠲᠠᠯᠪᠢᠪᠠᠯ ᠲᠡᠷᠡ ᠪᠤᠴᠠᠭᠠᠵᠤ ᠲᠥᠯᠥᠬᠦ︾ ᠵᠠᠷᠴᠢᠮ ᠶᠣᠰᠣᠭᠠᠷ᠂ ᠵᠢᠭᠡᠯᠡᠯᠭᠡ ᠶᠢᠨ ᠲᠡᠮᠳᠡᠭᠲᠦ ᠶᠢ ᠵᠢᠷᠤᠮᠵᠢᠭᠤᠯᠤᠨ ᠬᠡᠷᠡᠭᠯᠡᠵᠤ᠂ ᠣᠷᠣᠨ ᠪᠦᠰᠡ ᠶᠢᠨ ᠴᠢᠨᠠᠷᠲᠠᠢ ᠪᠠ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠡᠭᠦᠰᠬᠦ ᠬᠢᠵᠠᠭᠠᠷ ᠱᠤᠭᠤᠮ ᠢ ᠪᠠᠲᠤ ᠰᠠᠬᠢᠬᠤ ᠬᠡᠷᠡᠭᠲᠡᠢ᠃      ᠬᠤᠶᠠᠳᠤᠭᠠᠷ ᠪᠦᠯᠦᠭ ᠣᠷᠣᠭᠤᠯᠤᠯᠲᠠ ᠶᠢᠨ ᠬᠠᠨᠳᠤᠰᠢ ᠪᠠ ᠬᠡᠷᠡᠭᠴᠡᠭᠡ      ᠨᠠᠢᠮᠠᠳᠤᠭᠠᠷ ᠵᠦᠢᠯ ᠰᠢᠨ᠎ᠡ ᠨᠡᠮᠡᠭᠳᠡᠬᠦ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠲᠣᠭᠲᠠᠭᠠᠭᠰᠠᠨ ᠬᠡᠷᠡᠭᠴᠡᠭᠡ ᠶᠣᠰᠣᠭᠠᠷ ᠴᠢᠩᠭ᠎ᠠ ᠵᠢᠷᠤᠮᠯᠠᠨ ᠬᠡᠷᠡᠭᠯᠡᠬᠦ ᠬᠡᠷᠡᠭᠲᠡᠢ᠃      ︵ᠨᠢᠭᠡ︶ ᠰᠢᠨ᠎ᠡ ᠨᠡᠮᠡᠭᠳᠡᠬᠦ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠠᠰᠢᠭ ᠣᠯᠵᠠᠪᠤᠷᠢ ᠥᠬᠡᠶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠴᠢᠩᠭ᠎ᠠ ᠵᠢᠷᠤᠮᠯᠠᠨ ᠬᠡᠷᠡᠭᠯᠡᠵᠦ᠂ ᠤᠯᠤᠰ ᠤᠨ ᠲᠣᠭᠲᠠᠭᠠᠭᠰᠠᠨ ᠠᠷᠠᠳ ᠤᠨ ᠠᠮᠢᠳᠤᠷᠠᠯ ᠤᠨ ᠴᠢᠬᠤᠯᠠ ᠶᠡᠭᠡ ᠲᠥᠷᠥᠯ ᠵᠦᠢᠯ ᠳᠤ ᠭᠤᠣᠯᠳᠠᠯᠭ᠎ᠠ ᠲᠠᠢ ᠭᠡᠷᠡᠭᠯᠡᠨ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠥᠷᠥᠯ ᠵᠦᠢᠯ᠂ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠶᠢ ᠳᠡᠮᠵᠢᠬᠦ ᠬᠡᠷᠡᠭᠲᠡᠶ᠃      ︵ᠬᠤᠶᠠᠷ︶ ᠰᠢᠨ᠎ᠡ ᠨᠡᠮᠡᠭᠳᠡᠬᠦ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠵᠣᠬᠢᠬᠤ ᠠᠰᠢᠭ ᠣᠯᠵᠠᠪᠤᠷᠢ ᠲᠠᠢ ᠦᠪᠡᠷ ᠢᠶᠠᠨ ᠲᠡᠩᠴᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠴᠢᠩᠭ᠎ᠠ ᠵᠢᠷᠤᠮᠯᠠᠨ ᠬᠡᠷᠡᠭᠯᠡᠵᠦ᠂ ᠳᠤᠲᠠᠭᠤᠳᠠᠯ ᠢ ᠭᠤᠤᠯᠳᠠᠭᠤᠯᠤᠨ ᠠᠩᠬᠠᠷᠴᠣ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠪᠠ ᠳᠡᠮᠵᠢᠯᠭᠡ ᠦᠵᠡᠭᠦᠯᠬᠦ ᠬᠦᠷᠢᠶ᠎ᠡ ᠴᠠᠷᠠᠭ᠎ᠠ ᠳᠤ ᠭᠤᠣᠯᠳᠠᠯᠭ᠎ᠠ ᠲᠠᠢ ᠬᠡᠷᠡᠭᠯᠡᠬᠦ ᠬᠡᠷᠡᠭᠲᠡᠶ᠃ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠪᠡᠯᠡ ᠲᠣᠬᠢᠷᠠᠭᠤᠯᠬᠤ ᠬᠡᠪᠴᠢᠶ᠎ᠡ ᠶᠢ ᠲᠥᠷᠥᠯ ᠵᠦᠢᠯ ᠤᠨ ᠠᠰᠢᠭ ᠣᠯᠵᠠᠪᠤᠷᠢ ᠯᠤᠭ᠎ᠠ ᠲᠡᠩᠴᠡᠭᠦᠷᠢᠲᠡᠶ ᠪᠠᠶᠢᠯᠭᠠᠬᠤ ᠬᠡᠷᠡᠭᠲᠡᠶ᠃ ᠨᠥᠬᠦᠴᠡᠯ ᠳᠤ ᠨᠡᠶᠢᠴᠡᠭᠰᠡᠨ ᠴᠢᠬᠤᠯᠠ ᠶᠡᠭᠡ ᠲᠥᠷᠥᠯ ᠵᠦᠢᠯ ᠨᠢ ᠲᠥᠷᠥᠯ ᠵᠦᠢᠯ ᠤᠨ ᠠᠰᠢᠭ ᠣᠯᠵᠠᠪᠤᠷᠢ ᠪᠠᠷ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠪᠠ ᠬᠦᠤ ᠮᠥᠩᠭᠦᠨ ᠤ ᠪᠤᠴᠠᠭᠠᠵᠤ ᠲᠥᠯᠥᠬᠦ ᠶᠢ ᠦᠨᠡᠯᠡᠵᠦ ᠵᠢᠱᠢᠭᠰᠡᠨ ᠤ ᠳᠠᠷᠠᠭᠠᠬᠢ ᠲᠤᠰᠬᠠᠶ ᠣᠷᠣᠯᠭ᠎ᠠ ᠨᠢ ᠪᠠᠯᠠ ᠳᠣᠭᠢᠷᠠᠭᠤᠯᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠪᠠᠯ᠂ ᠬᠡᠰᠡᠭ ᠲᠤᠰᠬᠠᠶ ᠵᠢᠭᠡᠯᠡᠯᠭᠡ ᠶᠢᠨ ᠲᠡᠮᠳᠡᠭᠲᠦ ᠪᠠᠨ ᠵᠣᠬᠢᠬᠤ ᠬᠠᠷᠢᠴᠠᠯ ᠤᠨ ᠲᠥᠷᠥᠯ ᠵᠦᠢᠯ ᠤᠨ ᠬᠥᠷᠥᠩᠭᠡ ᠶᠢᠨ ᠮᠥᠩᠭᠦ ᠪᠣᠯᠭᠠᠬᠤ ᠶᠢ ᠨᠢ ᠵᠥᠪᠰᠢᠶᠡᠷᠡᠨ᠎ᠡ᠂ ᠬᠠᠮᠢᠶ᠎ᠠ ᠪᠥᠬᠦᠶ ᠬᠠᠷᠢᠴᠠᠯ ᠪᠠ ᠲᠤᠭ᠎ᠠ ᠬᠡᠮᠵᠢᠶ᠎ᠡ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠳ᠋ ᠤᠨ ᠵᠠᠰᠠᠭ ᠤᠨ ᠶᠠᠮᠤᠨ ᠤ ᠲᠣᠭᠲᠠᠭᠠᠯ ᠢ ᠦᠨᠳᠦᠰᠦᠯᠡᠨ ᠨᠢᠭᠡᠳᠦᠯᠲᠡᠶ ᠲᠥᠯᠥᠪᠯᠡᠨ ᠲᠣᠭᠲᠠᠭᠠᠨ᠎ᠠ᠃      ᠰᠢᠨ᠎ᠡ ᠨᠡᠮᠡᠭᠳᠡᠬᠦ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠥᠷᠢ ᠥᠭᠴᠡᠭᠡ ᠰᠣᠯᠢᠬᠤ᠂ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠪᠠ ᠬᠦᠤ ᠮᠥᠩᠭᠦ ᠶᠢ ᠪᠤᠴᠠᠭᠠᠵᠤ ᠲᠥᠯᠥᠬᠦ ᠵᠢᠴᠢ ᠪᠦᠷᠢᠮᠦᠰᠦᠨ ᠬᠤᠳᠠᠯᠳᠤᠭᠠᠯᠠᠨ ᠠᠵᠢᠯᠯᠠᠵᠤ ᠪᠣᠯᠬᠤ ᠠᠵᠤ ᠦᠢᠯᠡᠰ ᠤᠨ ᠲᠥᠷᠥᠯ ᠵᠦᠢᠯ ᠳᠤ ᠬᠡᠷᠡᠭᠯᠡᠵᠦ ᠪᠣᠯᠬᠤ ᠥᠬᠡᠶ᠃      ᠶᠢᠰᠦᠳᠦᠭᠡᠷ ᠵᠦᠢᠯ ᠰᠣᠯᠢᠬᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠪᠠ ᠳᠠᠬᠢᠨᠲᠠ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠴᠢᠩᠭ᠎ᠠ ᠵᠢᠷᠤᠮᠯᠠᠨ ᠬᠡᠷᠡᠭᠯᠡᠬᠦ ᠬᠡᠷᠡᠭᠲᠡᠶ᠃ ᠰᠣᠯᠢᠬᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠪᠠ ᠳᠠᠬᠢᠨᠲᠠ ᠪᠡᠯᠡ ᠳᠣᠭᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠲᠣᠰ ᠲᠣᠰ ᠦᠯᠡᠳᠡᠭᠡᠯ ᠥᠷᠢ ᠦᠭᠴᠡᠭᠡᠨ ᠤ ᠡᠬᠡ ᠮᠥᠩᠭᠦ ᠪᠠ ᠬᠤᠭᠤᠴᠠᠭ᠎ᠠ ᠨᠢ ᠲᠤᠯᠤᠭᠰᠠᠨ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠶᠢ ᠪᠤᠴᠠᠭᠠᠵᠤ ᠳᠥᠯᠥᠬᠦ ᠳᠤ ᠴᠢᠩᠭ᠎ᠠ ᠵᠢᠷᠤᠮᠯᠠᠨ ᠬᠡᠷᠡᠭᠯᠡᠬᠦ ᠬᠡᠷᠡᠭᠲᠡᠢ᠂ ᠡᠩ ᠤᠨ ᠵᠢᠭᠡᠯᠡᠯᠭᠡ ᠶᠢᠨ ᠲᠡᠮᠳᠡᠭᠲᠦ ᠪᠠᠷ ᠡᠩ ᠤᠨ ᠥᠷᠢ ᠥᠭᠴᠡᠭᠡ ᠶᠢ ᠲᠥᠯᠥᠵᠦ ᠪᠤᠴᠠᠭᠠᠨ᠂ ᠲᠤᠰᠬᠠᠶ ᠵᠢᠭᠡᠯᠡᠯᠭᠡ ᠶᠢᠨ ᠲᠡᠮᠳᠡᠭᠲᠦ ᠪᠠᠷ ᠲᠤᠰᠬᠠᠶ ᠥᠷᠢ ᠥᠭᠴᠡᠭᠡ ᠶᠢ ᠲᠥᠯᠥᠵᠦ ᠪᠤᠴᠠᠭᠠᠨ᠎ᠠ᠂ ᠬᠤᠭᠤᠷᠣᠨᠳᠤ ᠨᠢ ᠰᠣᠯᠪᠢᠴᠠᠭᠤᠯᠵᠦ ᠳᠣᠭᠢᠷᠠᠭᠤᠯᠤᠨ ᠬᠡᠷᠡᠭᠯᠡᠵᠦ ᠪᠣᠯᠬᠤ ᠥᠬᠡᠶ᠃ ᠰᠣᠯᠢᠬᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠲᠤᠬᠠᠶ ᠶᠢᠨ ᠵᠢᠯ ᠳᠠᠬᠢ ᠬᠤᠭᠤᠴᠠᠭ᠎ᠠ ᠨᠢ ᠲᠤᠯᠤᠭᠰᠠᠨ ︵ᠬᠤᠭᠤᠴᠠᠭ᠎ᠠ ᠠᠴᠠ ᠬᠡᠲᠦᠷᠡᠭᠰᠡᠨ ᠢ ᠪᠠᠭᠲᠠᠭᠠᠨ᠎ᠠ︶᠂ ᠬᠦᠤ ᠮᠥᠩᠭᠦ ᠨᠢ ᠨᠡᠯᠢᠶᠡᠳ ᠥᠨᠳᠥᠷ᠂ ᠲᠦᠭᠰᠢᠭᠦᠷᠢ ᠪᠠᠷ ᠨᠡᠯᠢᠶᠡᠳ ᠶᠡᠭᠡ ᠪᠠᠶᠢᠭ᠎ᠠ ᠵᠠᠰᠠᠭ ᠤᠨ ᠣᠷᠳᠣᠨ ᠤ ᠦᠯᠡᠳᠡᠭᠡᠯ ᠥᠷᠢ ᠥᠭᠴᠡᠭᠡ ᠶᠢ ᠰᠣᠯᠢᠬᠤ ᠳᠤ ᠤᠷᠢᠳ ᠢᠶᠠᠷ ᠬᠡᠷᠡᠭᠯᠡᠬᠦ ᠬᠡᠷᠡᠭᠲᠡᠢ᠃      ᠳᠠᠬᠢᠨᠲᠠ ᠪᠠᠯᠠ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢᠨ ᠲᠠᠷᠬᠠᠭᠠᠬᠤ ᠬᠡᠪᠴᠢᠶ᠎ᠡ ᠶᠢ ᠵᠠᠷᠴᠢᠮ ᠳᠡᠭᠡᠷ᠎ᠡ ᠪᠠᠨ ᠬᠤᠭᠤᠴᠠᠭ᠎ᠠ ᠨᠢ ᠲᠤᠯᠤᠭᠰᠠᠨ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠶᠢᠨ ᠬᠡᠪᠴᠢᠶ᠎ᠡ ᠠᠴᠠ ᠪᠠᠭ᠎ᠠ ᠪᠠᠶᠢᠯᠭᠠᠵᠤ᠂ ᠵᠢᠯ ᠬᠤᠪᠢᠶᠠᠨ ᠠᠯᠬᠤᠮ ᠠᠯᠬᠤᠮ ᠢᠶᠠᠷ ᠪᠠᠭᠠᠰᠬᠠᠨ᠂ ᠴᠢᠩᠭ᠎ᠠ ᠬᠢᠵᠠᠭᠠᠷᠯᠠᠬᠤ ᠭᠡᠷᠡᠭᠲᠡᠢ᠃      ᠭᠤᠷᠪᠠᠳᠤᠭᠠᠷ ᠪᠦᠯᠦᠭ ᠭᠤᠶᠤᠴᠢᠯᠠᠬᠤ ᠪᠠ ᠬᠤᠪᠢᠶᠠᠷᠢᠯᠠᠬᠤ      ᠠᠷᠪᠠᠳᠤᠭᠠᠷ ᠵᠦᠢᠯ ᠰᠢᠨ᠎ᠡ ᠨᠡᠮᠡᠭᠳᠡᠬᠦ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠳᠠᠯᠠᠵᠤ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠨᠡᠮᠡᠭᠳᠡᠬᠦ ᠵᠢᠭᠡᠯᠡᠯᠭᠡ ᠶᠢᠨ ᠲᠡᠮᠳᠡᠭᠲᠦ ᠳᠤ ᠲᠥᠷᠥᠯ ᠵᠦᠢᠯ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠲᠥᠷᠥᠯ ᠵᠦᠢᠯ ᠢᠶᠠᠷ ᠨᠢ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠭᠤᠶᠤᠴᠢᠯᠠᠵᠤ᠂ ᠲᠠᠷᠬᠠᠭᠠᠵᠤ᠂ ᠬᠡᠷᠡᠭᠯᠡᠬᠦ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠰᠢᠨ᠎ᠡ ᠨᠡᠮᠡᠭᠳᠡᠬᠦ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠭᠠᠷᠳᠠᠮ ᠨᠢ ᠪᠦᠷᠢᠨ ᠭᠦᠢᠴᠡᠳ ᠪᠠᠶᠢᠬᠤ᠂ ᠲᠥᠷᠥᠯ ᠵᠦᠢᠯ ᠪᠠᠶᠢᠭᠤᠯᠬᠤ ᠬᠢᠨᠠᠨ ᠵᠥᠪᠰᠢᠶᠡᠷᠡᠬᠦ ᠨᠤᠷᠠᠭᠠᠵᠤ ᠨᠡᠭᠦᠯᠭᠡᠬᠦ ᠣᠷᠴᠢᠨ ᠲᠣᠭᠤᠷᠢᠨ ᠤ ᠨᠥᠯᠥᠭᠡᠯᠡᠯ ᠳᠤ ᠦᠨᠡᠯᠡᠯᠲᠡ ᠬᠢᠬᠦ ᠵᠡᠷᠭᠡ ᠡᠯ᠎ᠡ ᠵᠦᠢᠯ ᠤᠨ ᠭᠠᠷᠳᠠᠮ ᠪᠠ ᠡᠬᠢᠨ ᠤ ᠬᠤᠭᠤᠴᠠᠭᠠᠨ ᠤ ᠪᠡᠯᠡᠳᠬᠡᠯ ᠠᠵᠢᠯ ᠢ ᠪᠡᠶᠡᠯᠡᠭᠦᠯᠦᠭᠰᠡᠨ᠂ ᠪᠠᠷᠢᠯᠭ᠎ᠠ ᠪᠠᠷᠢᠬᠤ ᠨᠥᠬᠦᠴᠡᠯ ᠢ ᠪᠦᠷᠢᠯᠳᠦᠭᠦᠯᠦᠭᠰᠡᠨ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠶᠢ ᠨᠢ ᠳᠡᠮᠵᠢᠵᠦ᠂ ᠲᠤᠬᠠᠶ ᠶᠢᠨ ᠵᠢᠯ ᠳᠤ ᠪᠠᠨ ᠠᠵᠢᠯ ᠡᠬᠢᠯᠡᠭᠦᠯᠦᠨ ᠬᠡᠷᠡᠭᠵᠢᠭᠦᠯᠬᠦ ᠶᠢᠨ ᠬᠠᠮᠲᠤ ᠪᠣᠳᠠᠲᠠᠶ ᠵᠠᠷᠤᠯᠭ᠎ᠠ ᠶᠢᠨ ᠨᠥᠬᠦᠴᠡᠯ ᠪᠦᠷᠢᠯᠳᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠥᠮᠥᠷᠭᠡ ᠳᠤ ᠣᠷᠣᠭᠤᠯᠬᠤ ᠲᠥᠷᠥᠯ ᠵᠦᠢᠯ ᠢ ᠴᠢᠬᠤᠯᠠ ᠪᠠ ᠴᠢᠬᠤᠯᠠ ᠪᠤᠰᠤ ᠬᠢᠭᠡᠳ ᠠᠯᠭᠤᠷ ᠪᠠ ᠪᠠᠴᠢᠮ ᠶᠠᠭᠠᠷᠠᠯᠲᠠᠢ ᠪᠠᠶᠢᠳᠠᠯ ᠢᠶᠠᠷ ᠨᠢ ᠵᠢᠭᠰᠠᠭᠠᠵᠤ᠂ ᠰᠠᠭᠤᠷᠢ ᠮᠡᠳᠡᠭᠡ ᠵᠠᠩᠭᠢ ᠶᠢ ᠦᠨᠡᠨ ᠪᠣᠳᠠᠲᠠᠶ ᠵᠥᠪ ᠣᠨᠣᠪᠴᠢᠲᠠᠶ ᠪᠦᠷᠢᠨ ᠭᠦᠢᠴᠡᠳ ᠪᠠᠶᠢᠯᠭᠠᠬᠤ ᠬᠡᠷᠡᠭᠲᠡᠶ᠂ ᠡᠭᠦᠨ ᠳᠤ ᠭᠤᠣᠯᠳᠠᠭᠤ᠄ ᠲᠥᠷᠥᠯ ᠵᠦᠢᠯ ᠤᠨ ᠨᠡᠷᠡᠶᠢᠳᠦᠯ᠂ ᠲᠥᠷᠥᠯ ᠵᠦᠢᠯ ᠤᠨ ᠲᠥᠷᠥᠯ ᠢᠯᠭᠠᠯ᠂ ᠲᠥᠷᠥᠯ ᠵᠦᠢᠯ ᠤᠨ ᠨᠢᠭᠡᠴᠢ᠂ ᠪᠡᠯᠡ ᠣᠷᠣᠭᠤᠯᠬᠤ ᠭᠤᠣᠯ ᠴᠣᠭᠴᠠ᠂ ᠪᠦᠲᠦᠭᠡᠨ ᠪᠠᠶᠢᠭᠤᠯᠬᠤ ᠠᠭᠤᠯᠭ᠎ᠠ ᠵᠢᠴᠢ ᠬᠡᠪᠴᠢᠶ᠎ᠡ᠂ ᠶᠡᠷᠦᠩᠬᠡᠶ ᠪᠡᠯᠡ ᠣᠷᠣᠭᠤᠯᠤᠯᠲᠠ᠂ ᠲᠥᠷᠥᠯ ᠵᠦᠢᠯ ᠤᠨ ᠴᠣᠬᠤᠯᠠᠪᠤᠷᠢᠯᠠᠭᠰᠠᠨ ᠭᠠᠷᠳᠠᠮ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠲᠤᠭ᠎ᠠ᠂ ᠪᠦᠲᠦᠭᠡᠨ ᠪᠠᠶᠢᠭᠤᠯᠬᠤ ᠦᠶᠡᠯᠡᠯ᠂ ᠠᠮᠵᠢᠯᠲᠠ ᠪᠦᠲᠦᠮᠵᠢ ᠶᠢᠨ ᠬᠠᠷᠠᠯᠲᠠ᠂ ᠪᠡᠯᠡ ᠮᠦᠩᠬᠦᠨ ᠤ ᠬᠡᠷᠡᠭᠴᠡᠭᠡ ᠱᠠᠭᠠᠷᠳᠠᠯᠭ᠎ᠠ᠂ ᠥᠷᠢ ᠥᠭᠴᠡᠭᠡ ᠪᠤᠴᠠᠭᠠᠵᠤ ᠲᠥᠯᠥᠬᠦ ᠢᠷᠡᠯᠲᠡ ᠵᠡᠷᠭᠡ ᠶᠢ ᠪᠠᠭᠲᠠᠭᠠᠨ᠎ᠠ᠃      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠳ᠋ ᠤᠨ ᠵᠠᠰᠠᠭ ᠤᠨ ᠶᠠᠮᠤᠨ ᠤ ᠪᠠᠭᠤᠯᠭᠠᠭᠰᠠᠨ ᠪᠦᠬᠦ ᠣᠷᠣᠨ ᠤ ᠰᠢᠨ᠎ᠡ ᠨᠡᠮᠡᠭᠳᠡᠬᠦ ᠥᠷᠢ ᠥᠭᠴᠡᠭᠡᠨ ᠤ ᠲᠤᠭ᠎ᠠ ᠬᠡᠪᠴᠢᠶᠡᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠪᠠ ᠭᠠᠵᠠᠷ ᠣᠷᠣᠨ ᠬᠤᠪᠢᠶᠠᠭᠰᠠᠨ ᠥᠷᠢ ᠥᠭᠴᠡᠭᠡᠨ ᠤ ᠲᠦᠭᠰᠢᠭᠦᠷᠢ᠂ ᠡᠳ᠋ ᠤᠨ ᠬᠦᠴᠦᠨ ᠤ ᠬᠢᠷᠢ ᠬᠡᠮᠵᠢᠶ᠎ᠡ᠂ ᠡᠬᠡ ᠮᠥᠩᠭᠦ ᠪᠠ ᠬᠦᠦ ᠮᠥᠩᠭᠦ ᠶᠢ ᠪᠤᠴᠠᠭᠠᠵᠤ ᠲᠥᠯᠥᠬᠦ᠂ ᠵᠠᠷᠤᠯᠭ᠎ᠠ ᠶᠢᠨ ᠠᠬᠢᠴᠠ᠂ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠵᠡᠷᠭᠡ ᠬᠠᠮᠢᠶ᠎ᠠ ᠪᠦᠬᠦᠢ ᠡᠯᠧᠮᠧᠨ᠋ᠲ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠪᠠ ᠭᠠᠵᠠᠷ ᠣᠷᠣᠨ ᠬᠤᠪᠢᠶᠠᠭᠰᠠᠨ ᠰᠢᠨ᠎ᠡ ᠨᠡᠮᠡᠭᠳᠡᠬᠦ ᠥᠷᠢ ᠥᠭᠴᠡᠭᠡᠨ ᠤ ᠬᠢᠵᠠᠭᠠᠷᠯᠠᠬᠤ ᠲᠤᠭ᠎ᠠ ᠶᠢ ᠲᠥᠰᠦᠭᠡᠯᠡᠨ ᠪᠣᠳᠣᠵᠤ᠂ ᠳᠡᠰ ᠳᠠᠷᠠᠭᠠᠯᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠪᠠᠭᠤᠯᠭᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ᠰᠢᠨ᠎ᠡ ᠨᠡᠮᠡᠭᠳᠡᠬᠦ ᠥᠷᠢ ᠥᠭᠴᠡᠭᠡᠨ ᠤ ᠬᠢᠵᠠᠭᠠᠷᠯᠠᠬᠤ ᠲᠣᠭᠠᠨ ᠤ ᠬᠡᠪᠴᠢᠶᠡᠨ ᠳᠤ᠂ ᠲᠤᠰ ᠭᠠᠵᠠᠷ ᠣᠷᠣᠨ ᠤ ᠤᠷᠲᠤᠪᠲᠤᠷ ᠪᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ᠂ ᠲᠥᠷᠥᠯ ᠵᠦᠢᠯ ᠤᠨ ᠪᠦᠲᠦᠭᠡᠨ ᠪᠠᠶᠢᠭᠤᠯᠬᠤ ᠪᠡᠯᠡ ᠮᠥᠩᠭᠦᠨ ᠤ ᠬᠡᠷᠡᠭᠴᠡᠭᠡ ᠱᠠᠭᠠᠷᠳᠠᠯᠭ᠎ᠠ᠂ ᠲᠤᠰ ᠵᠢᠯ ᠤᠨ ᠵᠠᠷᠤᠴᠠᠭᠤᠯᠵᠤ ᠪᠣᠯᠬᠤ ᠶᠢ ᠲᠥᠰᠥᠭᠡᠯᠡᠭᠰᠡᠨ ᠪᠠᠶᠢᠳᠠᠯ ᠵᠡᠷᠭᠡ ᠡᠯᠧᠮᠧᠨ᠋ᠲ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠲᠥᠷᠥᠯ ᠵᠦᠢᠯ ᠤᠨ ᠬᠥᠮᠥᠷᠭᠡ ᠶᠢᠨ ᠳᠡᠰ ᠳᠠᠷᠠᠭᠠᠯᠠᠯ ᠢ ᠦᠨᠳᠦᠰᠦᠯᠡᠨ ᠰᠢᠯᠢᠳᠡᠭ ᠲᠥᠷᠥᠯ ᠵᠦᠢᠯ ᠢ ᠰᠣᠩᠭᠤᠨ᠂ ᠲᠤᠰ ᠰᠠᠯᠠᠭ᠎ᠠ ᠮᠥᠴᠢᠷ ︵ᠨᠢᠭᠡᠴᠢ︶᠂ ᠲᠤᠰ ᠭᠠᠵᠠᠷ ᠣᠷᠣᠨ ᠤ ᠰᠢᠨ᠎ᠡ ᠨᠡᠮᠡᠭᠳᠡᠬᠦ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠡᠷᠡᠭᠯᠡᠬᠦ ᠲᠥᠰᠦᠯ ᠢ ᠲᠣᠭᠲᠠᠭᠠᠵᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠱᠠᠲᠤ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠶ᠃      ᠠᠷᠪᠠᠨ ᠨᠢᠭᠡᠳᠦᠭᠡᠷ ᠵᠦᠢᠯ ᠰᠣᠯᠢᠬᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦᠨ ᠤ ᠬᠠᠮᠢᠶᠠᠷᠤᠯᠲᠠ ᠶᠢ ᠴᠢᠩᠳᠠᠯᠠᠵᠤ᠂ ᠵᠠᠰᠠᠭ ᠤᠨ ᠣᠷᠳᠣᠨ ᠤ ᠦᠯᠡᠳᠡᠭᠡᠯ ᠥᠷᠢ ᠥᠭᠴᠡᠭᠡ ᠶᠢ ᠰᠣᠯᠢᠬᠤ ᠶᠢ ᠨᠢ ᠬᠠᠤᠯᠢ ᠶᠣᠰᠣᠭᠠᠷ ᠪᠦᠭᠡᠳ ᠲᠣᠭᠲᠠᠭᠠᠯ ᠳᠤ ᠨᠡᠶᠢᠴᠡᠭᠦᠯᠵᠦ ᠠᠵᠢᠯᠯᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠵᠦ ᠬᠦᠷᠭᠡᠭᠰᠡᠨ ᠰᠣᠯᠢᠬᠤ ᠵᠢᠭᠡᠯᠡᠯᠭᠡ ᠶᠢᠨ ᠲᠡᠮᠳᠡᠭᠲᠦ ᠶᠢᠨ ᠬᠡᠷᠡᠭᠴᠡᠭᠡ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠣᠯᠢᠬᠤ ᠵᠢᠭᠡᠯᠡᠯᠭᠡ ᠶᠢᠨ ᠲᠡᠮᠳᠡᠭᠲᠦ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ᠂ ᠬᠢᠨᠠᠨ ᠬᠠᠷᠭᠤᠭᠤᠯᠤᠭᠠᠳ ᠡᠳ᠋ ᠤᠨ ᠵᠠᠰᠠᠭ ᠤᠨ ᠶᠠᠮᠤᠨ ᠳᠤ ᠮᠡᠳᠡᠭᠦᠯᠵᠦ ᠲᠤᠭ᠎ᠠ ᠶᠢ ᠨᠢ ᠬᠠᠷᠭᠤᠭᠤᠯᠤᠨ ᠲᠣᠭᠲᠠᠭᠠᠭᠰᠠᠨ ᠤ ᠳᠠᠷᠠᠭ᠎ᠠ᠂ ᠬᠠᠮᠢᠶ᠎ᠠ ᠪᠥᠬᠦᠶ ᠲᠤᠭ᠎ᠠ ᠶᠢ ᠨᠢ ᠪᠠᠭᠤᠯᠭᠠᠬᠤ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠤᠰ ᠭᠠᠵᠠᠷ ᠣᠷᠣᠨ ᠤ ᠦᠯᠡᠳᠡᠭᠡᠯ ᠥᠷᠢ ᠥᠭᠴᠡᠭᠡ ᠵᠡᠷᠭᠡ ᠪᠠᠶᠢᠳᠠᠯ ᠢ ᠦᠨᠳᠦᠰᠦᠯᠡᠨ᠂ ︽ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡᠨ ᠤ ᠬᠠᠮᠢᠶᠠᠷᠤᠯᠲᠠ ᠶᠢᠨ ᠰᠢᠰᠲ᠋ᠧᠮ︾ ᠠᠴᠠ ᠵᠠᠰᠠᠭ ᠤᠨ ᠣᠷᠳᠣᠨ ᠤ ᠦᠯᠡᠳᠡᠭᠡᠯ ᠥᠷᠢ ᠥᠭᠴᠡᠭᠡᠨ ᠤ ᠲᠥᠷᠥᠯ ᠵᠦᠢᠯ ᠢ ᠰᠣᠩᠭᠤᠨ ᠠᠪᠬᠤ ᠶᠢᠨ ᠬᠠᠮᠲᠤ᠂ ᠰᠣᠯᠢᠬᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠡᠷᠡᠭᠯᠡᠬᠦ ᠲᠥᠰᠦᠯ ᠢ ᠲᠣᠭᠲᠠᠭᠠᠵᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠱᠠᠲᠤ ᠳᠠᠷᠠᠭᠠᠯᠠᠵᠤ ᠮᠡᠳᠡᠭᠦᠯᠦᠨ ᠬᠦᠷᠭᠡᠬᠦ ᠬᠡᠷᠡᠭᠲᠡᠶ᠃ ᠰᠣᠯᠢᠬᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦᠨ ᠤ ᠬᠡᠷᠡᠭᠯᠡᠬᠦ ᠲᠥᠰᠦᠯ ᠳᠤ ᠦᠯᠡᠳᠡᠭᠡᠯ ᠥᠷᠢ ᠥᠭᠴᠡᠭᠡᠨ ᠤ ᠺᠣᠳ᠋᠂ ᠥᠷᠢ ᠥᠭᠴᠡᠭᠡᠨ ᠤ ᠨᠢᠭᠡᠴᠢ᠂ ᠥᠷᠢ ᠥᠭᠴᠡᠭᠡᠨ ᠤ ᠨᠡᠷᠡᠶᠢᠳᠦᠯ᠂ ᠥᠷᠢ ᠥᠭᠴᠡᠭᠡᠨ ᠤ ᠦᠯᠡᠳᠡᠪᠦᠷᠢ ᠲᠤᠭ᠎ᠠ ᠵᠡᠷᠭᠡ ᠬᠠᠮᠢᠶ᠎ᠠ ᠪᠥᠬᠦᠶ ᠮᠡᠳᠡᠭᠡ ᠵᠠᠩᠭᠢ ᠶᠢ ᠪᠠᠭᠲᠠᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠰᠣᠯᠢᠬᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦᠨ ᠤ ᠬᠡᠷᠡᠭᠯᠡᠯᠲᠡ ᠶᠢᠨ ᠡᠬᠢᠨ ᠤ ᠬᠤᠭᠤᠴᠠᠭᠠᠨ ᠳᠠᠬᠢ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠥᠭᠴᠡᠭᠡᠲᠡᠨ ᠬᠢᠭᠡᠳ ᠠᠪᠴᠠᠭᠠᠲᠠᠨ ᠤ ᠰᠠᠨᠠᠯ ᠨᠢᠭᠡᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠠᠷᠪᠠᠨ ᠬᠤᠶᠠᠳᠤᠭᠠᠷ ᠵᠦᠢᠯ ᠳᠠᠬᠢᠨᠲᠠ ᠪᠠᠯᠠ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦᠨ ᠤ ᠬᠠᠮᠢᠶᠠᠷᠤᠯᠲᠠ ᠶᠢ ᠴᠢᠩᠳᠠᠯᠠᠵᠤ᠂ ᠳᠠᠬᠢᠨᠲᠠ ᠪᠠᠯᠠ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠬᠤᠭᠤᠴᠠᠭ᠎ᠠ ᠨᠢ ᠲᠤᠯᠤᠭᠰᠠᠨ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠶᠢ ᠲᠥᠯᠥᠵᠦ ᠪᠤᠴᠠᠭᠠᠬᠤ ᠳᠤ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠵᠦ ᠬᠦᠷᠭᠡᠭᠰᠡᠨ ᠳᠠᠬᠢᠨᠲᠠ ᠪᠠᠯᠠ ᠳᠣᠭᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢᠨ ᠬᠡᠷᠡᠭᠴᠡᠭᠡ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠳᠠᠬᠢᠨᠲᠠ ᠪᠠᠯᠠ ᠳᠣᠭᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ᠂ ᠬᠢᠨᠠᠨ ᠬᠠᠷᠭᠤᠭᠤᠯᠤᠭᠠᠳ ᠡᠳ᠋ ᠤᠨ ᠵᠠᠰᠠᠭ ᠤᠨ ᠶᠠᠮᠤᠨ ᠳᠤ ᠮᠡᠳᠡᠭᠦᠯᠵᠦ ᠲᠤᠭ᠎ᠠ ᠶᠢ ᠨᠢ ᠬᠠᠷᠭᠤᠭᠤᠯᠵᠤ ᠲᠣᠭᠲᠠᠭᠠᠭᠰᠠᠨ ᠤ ᠳᠠᠷᠠᠭ᠎ᠠ᠂ ᠬᠠᠮᠢᠶ᠎ᠠ ᠪᠥᠬᠦᠶ ᠲᠤᠭ᠎ᠠ ᠶᠢ ᠨᠢ ᠪᠠᠭᠤᠯᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠣᠰ ᠭᠠᠵᠠᠷ ᠣᠷᠣᠨ ᠤ ᠬᠤᠭᠤᠴᠠᠭ᠎ᠠ ᠨᠢ ᠲᠤᠯᠤᠭᠰᠠᠨ ᠵᠢᠭᠡᠯᠡᠯᠭᠡ ᠶᠢᠨ ᠲᠡᠮᠳᠡᠭᠲᠦ ᠪᠠ ᠲᠥᠰᠦᠪ ᠤᠨ ᠲᠣᠬᠢᠷᠠᠭᠤᠯᠤᠭᠰᠠᠨ ᠪᠠᠶᠢᠳᠠᠯ ᠢ ᠦᠨᠳᠦᠰᠦᠯᠡᠨ᠂ ᠥᠷᠢ ᠥᠭᠴᠡᠭᠡᠨ ᠤ ᠦᠯᠡᠳᠡᠪᠦᠷᠢ ᠲᠤᠭ᠎ᠠ ᠨᠢ ᠪᠠᠭᠠᠰᠴᠤ ᠪᠠᠶᠢᠭ᠎ᠠ ᠤᠷᠢᠲᠠᠯ ᠳᠣᠤᠷ᠎ᠠ᠂ ︽ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡᠨ ᠤ ᠬᠠᠮᠢᠶᠠᠷᠤᠯᠲᠠ ᠶᠢᠨ ᠰᠢᠰᠲ᠋ᠧᠮ︾ ᠠᠴᠠ ᠬᠤᠭᠤᠴᠠᠭ᠎ᠠ ᠨᠢ ᠲᠤᠯᠤᠭᠰᠠᠨ ᠪᠤᠴᠠᠭᠠᠪᠠᠰᠤ ᠵᠣᠬᠢᠬᠤ ᠵᠢᠭᠡᠯᠡᠯᠭᠡ ᠶᠢᠨ ᠲᠡᠮᠳᠡᠭᠲᠦ ᠶᠢ ᠰᠣᠩᠭᠤᠵᠤ᠂ ᠳᠠᠬᠢᠨᠲᠠ ᠪᠠᠯᠠ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦᠨ ᠤ ᠬᠡᠷᠡᠭᠯᠡᠬᠦ ᠲᠥᠰᠦᠯ ᠢ ᠲᠣᠭᠲᠠᠭᠠᠨ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠱᠠᠲᠤ ᠳᠠᠷᠠᠭᠠᠯᠠᠵᠤ ᠮᠡᠳᠡᠭᠦᠯᠦᠨ ᠬᠦᠷᠭᠡᠬᠦ ᠬᠡᠷᠡᠭᠲᠡᠶ᠃ ᠳᠠᠬᠢᠨᠲᠠ ᠪᠠᠯᠠ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦᠨ ᠤ ᠬᠡᠷᠡᠭᠯᠡᠬᠦ ᠲᠥᠰᠦᠯ ᠳᠤ ᠬᠤᠭᠤᠴᠠᠭ᠎ᠠ ᠨᠢ ᠲᠤᠯᠤᠭᠰᠠᠨ ᠵᠢᠭᠡᠯᠡᠯᠭᠡ ᠶᠢᠨ ᠲᠡᠮᠳᠡᠭᠲᠦ ᠶᠢᠨ ᠺᠣᠳ᠋᠂ ᠵᠢᠭᠡᠯᠡᠯᠭᠡ ᠶᠢᠨ ᠲᠡᠮᠳᠡᠭᠲᠦ ᠶᠢᠨ ᠨᠡᠷᠡᠶᠢᠳᠦᠯ᠂ ᠵᠢᠭᠡᠯᠡᠯᠭᠡ ᠶᠢᠨ ᠲᠡᠮᠳᠡᠭᠲᠦ ᠶᠢᠨ ᠦᠯᠡᠳᠡᠪᠦᠷᠢ ᠲᠤᠭ᠎ᠠ ᠵᠡᠷᠭᠡ ᠬᠠᠮᠢᠶ᠎ᠠ ᠪᠥᠬᠦᠶ ᠮᠡᠳᠡᠭᠡ ᠵᠠᠩᠭᠢ ᠶᠢ ᠪᠠᠭᠲᠠᠭᠠᠬᠤ ᠬᠡᠷᠡᠭᠲᠡᠶ᠃      ᠠᠷᠪᠠᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠯ᠎ᠡ ᠭᠠᠵᠠᠷ ᠣᠷᠣᠨ ᠤ ᠮᠡᠳᠡᠭᠦᠯᠵᠦ ᠬᠦᠷᠭᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠡᠷᠡᠭᠯᠡᠬᠦ ᠲᠥᠰᠦᠯ ᠢ ᠳᠠᠬᠢᠨ ᠬᠠᠷᠭᠤᠭᠤᠯᠵᠤ᠂ ᠪᠦᠬᠦ ᠣᠷᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠡᠷᠡᠭᠯᠡᠬᠦ ᠲᠥᠰᠦᠯ ᠢ ᠪᠣᠶ ᠪᠣᠯᠭᠠᠬᠤ ᠶᠢᠨ ᠬᠠᠮᠲᠤ᠂ ᠬᠡᠷᠡᠭᠯᠡᠬᠦ ᠪᠠᠷ ᠪᠠᠶᠢᠭ᠎ᠠ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠳᠤ ᠲᠠᠷᠬᠠᠭᠠᠬᠤ ᠲᠦᠭᠰᠢᠭᠦᠷᠢ ᠶᠢᠨ ᠦᠨᠡᠯᠡᠯᠲᠡ ᠬᠢᠵᠦ᠂ ᠬᠢᠨᠠᠨ ᠬᠠᠷᠭᠤᠭᠤᠯᠤᠭᠠᠳ ᠪᠠᠲᠤᠯᠠᠭᠰᠠᠨ ᠤ ᠳᠠᠷᠠᠭ᠎ᠠ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠠᠵᠢᠯ ᠢ ᠲᠣᠬᠢᠷᠠᠭᠤᠯᠬᠤ ᠬᠡᠷᠡᠭᠲᠡᠶ᠃      ᠳᠥᠷᠪᠡᠳᠦᠭᠡᠷ ᠪᠦᠯᠦᠭ ᠲᠠᠷᠬᠠᠭᠠᠬᠤ ᠪᠠ ᠳᠠᠮᠵᠢᠭᠤᠯᠤᠨ ᠵᠢᠭᠡᠯᠡᠭᠦᠯᠬᠦ      ᠠᠷᠪᠠᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠡᠷᠬᠡ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠵᠢᠭᠡᠯᠡᠭᠦᠯᠬᠦ ᠠᠵᠢᠯ ᠢ ᠪᠣᠳᠠᠲᠠᠶ ᠬᠠᠷᠢᠭᠤᠴᠠᠵᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠥᠷᠢ ᠲᠥᠯᠥᠵᠦ ᠴᠢᠳᠠᠬᠤ ᠡᠳ᠋ ᠤᠨ ᠬᠦᠴᠦᠨ᠂ ᠬᠤᠭᠤᠴᠠᠭ᠎ᠠ ᠨᠢ ᠲᠤᠯᠤᠭᠰᠠᠨ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠪᠠ ᠬᠦᠦ ᠮᠥᠩᠭᠦ᠂ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠵᠡᠷᠭᠡ ᠶᠢ ᠦᠨᠳᠦᠰᠦᠯᠡᠨ᠂ ᠲᠥᠷᠥᠯ ᠵᠦᠢᠯ ᠤᠨ ᠦᠶᠡᠯᠡᠯ ᠤᠨ ᠬᠤᠭᠤᠴᠠᠭ᠎ᠠ ᠲᠠᠢ ᠤᠶᠠᠯᠳᠤᠭᠤᠯᠤᠨ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠴᠠᠭ ᠬᠤᠭᠤᠴᠠᠭ᠎ᠠ᠂ ᠬᠤᠭᠤᠴᠠᠭ᠎ᠠ ᠬᠢᠵᠠᠭᠠᠷ ᠤᠨ ᠪᠦᠲᠦᠴᠡ᠂ ᠲᠠᠷᠬᠠᠭᠠᠬᠤ ᠲᠤᠭ᠎ᠠ ᠬᠡᠮᠵᠢᠶ᠎ᠡ ᠵᠡᠷᠭᠡ ᠡᠯᠧᠮᠧᠨ᠋ᠲ ᠢ ᠵᠣᠬᠢᠰᠲᠠᠶ ᠲᠣᠭᠲᠠᠭᠠᠵᠤ᠂ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠳᠠᠭᠠᠭᠠᠴᠢᠯᠠᠯᠲᠠ ᠵᠠᠷᠯᠠᠬᠤ᠂ ᠳᠠᠭᠠᠭᠠᠨ ᠪᠣᠷᠣᠯᠠᠭᠤᠯᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠬᠡᠷᠡᠭᠲᠡᠶ᠃      ︵ᠨᠢᠭᠡ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠢᠯᠡ ᠪᠠᠶᠢᠯᠭᠠᠬᠤ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠶᠣᠰᠣᠭᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ ᠪᠣᠷᠣᠯᠠᠭᠤᠯᠬᠤ ᠪᠦᠯᠬᠦᠮ ᠢ ᠵᠣᠬᠢᠶᠠᠨ ᠪᠠᠶᠢᠭᠤᠯᠬᠤ ᠶᠢᠨ ᠬᠠᠮᠲᠤ᠂ ᠠᠵᠢᠯ ᠤᠨ ᠬᠡᠷᠡᠭᠴᠡᠭᠡ ᠶᠣᠰᠣᠭᠠᠷ ᠳᠠᠭᠠᠭᠠᠨ ᠪᠣᠷᠣᠯᠠᠭᠤᠯᠬᠤ ᠪᠦᠯᠬᠦᠮ ᠤᠨ ᠪᠦᠷᠢᠯᠳᠦᠬᠦᠨ ᠢ ᠨᠡᠮᠡᠵᠦ ᠬᠠᠰᠤᠬᠤ ᠬᠡᠷᠡᠭᠲᠡᠶ᠃      ︵ᠬᠤᠶᠠᠷ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠢᠲᠡᠭᠡᠮᠵᠢ ᠶᠢᠨ ᠳᠡᠰ ᠲᠣᠭᠲᠠᠭᠠᠬᠤ ᠪᠠᠶᠢᠭᠤᠯᠤᠮᠵᠢ ᠶᠢᠨ ᠰᠢᠯᠢᠳᠡᠭ ᠢ ᠨᠢ ᠢᠯᠡ ᠪᠠᠷ ᠰᠣᠩᠭᠤᠵᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠢᠭᠡᠯᠡᠯᠭᠡ ᠶᠢᠨ ᠲᠡᠮᠳᠡᠭᠲᠦ ᠳᠤ ᠢᠲᠡᠭᠡᠮᠵᠢ ᠶᠢᠨ ᠳᠡᠰ ᠲᠣᠭᠲᠠᠭᠠᠬᠤ ᠠᠵᠢᠯ ᠥᠷᠨᠢᠭᠦᠯᠬᠦ ᠶᠢᠨ ᠬᠠᠮᠲᠤ᠂ ᠵᠢᠭᠡᠯᠡᠯᠭᠡ ᠶᠢᠨ ᠲᠡᠮᠳᠡᠭᠲᠦ ᠶᠢᠨ ᠢᠲᠡᠭᠡᠮᠵᠢ ᠶᠢᠨ ᠳᠡᠰ ᠲᠣᠭᠲᠠᠭᠠᠭᠰᠠᠨ ᠮᠡᠳᠡᠭᠦᠯᠦᠯᠲᠡ ᠶᠢ ᠵᠢᠭᠠᠨ ᠲᠣᠭᠲᠠᠭᠠᠭᠰᠠᠨ ᠰᠦᠯᠵᠢᠶ᠎ᠡ ᠪᠠᠷ ᠳᠠᠮᠵᠢᠭᠤᠯᠤᠨ ᠴᠠᠭ ᠲᠤᠬᠠᠶ ᠳᠤ ᠨᠢ ᠨᠡᠶᠢᠲᠡᠯᠡᠬᠦ ᠬᠡᠷᠡᠭᠲᠡᠶ᠃      ︵ᠭᠤᠷᠪᠠ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠢᠭᠡᠯᠡᠯᠭᠡ ᠶᠢᠨ ᠲᠡᠮᠳᠡᠭᠲᠦ ᠶᠢᠨ ᠦᠨᠳᠦᠰᠦᠨ ᠮᠡᠳᠡᠭᠡ ᠵᠠᠩᠭᠢ᠂ ᠲᠠᠷᠬᠠᠭᠠᠬᠤ ᠲᠥᠯᠥᠪᠯᠡᠭᠡ᠂ ᠳᠠᠭᠠᠭᠠᠴᠢᠯᠠᠯᠲᠠ ᠵᠠᠷᠯᠠᠬᠤ ᠳᠦᠷᠢᠮ᠂ ᠲᠠᠷᠬᠠᠭᠠᠭᠰᠠᠨ ᠦᠷ᠎ᠡ ᠳ᠋ᠦᠩ᠂ ᠰᠣᠯᠢᠵᠤ ᠥᠭᠬᠦ ᠶᠢ ᠨᠢ ᠲᠣᠬᠢᠷᠠᠭᠤᠯᠬᠤ᠂ ᠭᠤᠷᠪᠠᠳᠠᠬᠢ ᠡᠲᠡᠭᠡᠳ ᠠᠴᠠ ᠦᠨᠡᠯᠡᠨ ᠵᠢᠱᠢᠬᠦ᠂ ᠡᠳ᠋ ᠤᠨ ᠵᠠᠰᠠᠭ ᠤᠨ ᠠᠵᠤ ᠠᠬᠤᠶ ᠶᠢᠨ ᠠᠵᠢᠯᠯᠠᠭᠠᠨ᠂ ᠥᠷᠢ ᠥᠭᠴᠡᠭᠡᠨ ᠤ ᠪᠠᠶᠢᠳᠠᠯ ᠵᠢᠴᠢ ᠪᠡᠯᠡ ᠣᠷᠣᠭᠤᠯᠤᠭᠴᠢ ᠶᠢᠨ ᠬᠤᠳᠠᠯᠳᠤᠨ ᠠᠪᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠴᠢᠬᠤᠯᠠ ᠶᠡᠭᠡ ᠨᠥᠯᠥᠭᠡ ᠦᠵᠡᠭᠦᠯᠬᠦ ᠵᠡᠷᠭᠡ ᠪᠤᠰᠤᠳ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠶᠢᠲᠡᠯᠡᠬᠦ ᠬᠡᠷᠡᠭᠲᠡᠶ᠃      ︵ᠳᠥᠷᠪᠡ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠠᠷᠬᠠᠭᠠᠬᠤ ᠠᠬᠤᠢ ᠲᠠᠯᠠᠪᠠᠶ ᠶᠢᠨ ᠬᠠᠮᠢᠶᠠᠷᠤᠯᠲᠠ ᠶᠢᠨ ᠠᠵᠢᠯ ᠢ ᠲᠣᠭᠲᠠᠭᠠᠯ ᠶᠣᠰᠣᠭᠠᠷ ᠰᠠᠶᠢᠲᠤᠷ ᠬᠢᠵᠦ᠂ ᠲᠠᠷᠬᠠᠭᠠᠬᠤ ᠲᠠᠯᠠᠪᠤᠷ ᠭᠠᠵᠠᠷ ᠲᠠᠬᠢ ᠵᠢᠭᠡᠯᠡᠯᠭᠡ ᠶᠢᠨ ᠲᠡᠮᠳᠡᠭᠲᠦ ᠶᠢ ᠳᠠᠩᠰᠠᠯᠠᠨ ᠲᠡᠮᠳᠡᠭᠯᠡᠬᠦ᠂ ᠨᠠᠶᠢᠳᠠᠨ ᠬᠠᠮᠢᠶᠠᠷᠤᠭᠤᠯᠬᠤ ᠵᠢᠴᠢ ᠵᠠᠬ᠎ᠠ ᠳᠡᠯᠭᠡᠭᠦᠷ ᠲᠤ ᠭᠠᠷᠭᠠᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃      ᠠᠷᠪᠠᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠢ ᠣᠷᠣᠯᠠᠵᠤ ᠲᠠᠷᠬᠠᠭᠠᠬᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠯᠤᠭ᠎ᠠ ᠳᠠᠮᠵᠢᠭᠤᠯᠤᠨ ᠵᠢᠭᠡᠯᠡᠭᠦᠯᠬᠦ ᠵᠥᠪᠯᠡᠯᠴᠡᠭᠡᠷ ᠲᠣᠭᠲᠠᠬᠤ ᠶᠢᠨ ᠬᠠᠮᠲᠤ᠂ ᠳᠠᠮᠵᠢᠭᠤᠯᠤᠨ ᠵᠢᠭᠡᠯᠡᠭᠦᠯᠬᠦ ᠵᠣᠭᠤᠰᠤᠨ ᠤ ᠲᠤᠭ᠎ᠠ᠂ ᠬᠤᠭᠤᠴᠠᠭ᠎ᠠ ᠬᠢᠵᠠᠭᠠᠷ᠂ ᠬᠦᠦ ᠮᠥᠩᠭᠦᠨ ᠤ ᠨᠣᠷᠮ᠎ᠠ᠂ ᠡᠬᠡ ᠮᠥᠩᠭᠦ ᠪᠠ ᠬᠦᠦ ᠮᠥᠩᠭᠦ ᠶᠢ ᠪᠤᠴᠠᠭᠠᠵᠤ ᠲᠥᠯᠥᠬᠦ ᠵᠡᠷᠭᠡ ᠵᠦᠢᠯᠡᠰ ᠢ ᠨᠢ ᠲᠣᠳᠣᠷᠬᠠᠶ ᠲᠣᠭᠲᠠᠭᠠᠬᠤ ᠬᠡᠷᠡᠭᠲᠡᠶ᠃ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠠᠷᠢᠶ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠳᠠᠮᠵᠢᠭᠤᠯᠤᠨ ᠵᠢᠭᠡᠯᠡᠭᠦᠯᠬᠦ ᠠᠵᠢᠯ ᠶᠠᠪᠤᠳᠠᠯ ᠢ ᠨᠢᠭᠡᠳᠦᠯᠲᠡᠶ ᠲᠥᠯᠥᠪᠯᠡᠨ ᠬᠠᠷᠢᠭᠤᠴᠠᠬᠤ ᠬᠡᠷᠡᠭᠲᠡᠢ᠃      ᠲᠠᠪᠤᠳᠤᠭᠠᠷ ᠪᠦᠯᠦᠭ ᠰᠠᠯᠭᠠᠨ ᠥᠭᠬᠦ ᠪᠠ ᠬᠡᠷᠡᠭᠯᠡᠬᠦ      ᠠᠷᠪᠠᠨ ᠵᠢᠷᠭᠤᠳᠤᠭᠠᠷ ᠵᠦᠢᠯ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠴᠠᠭ ᠲᠤᠬᠠᠢ ᠳᠤ ᠨᠢ ᠰᠠᠯᠭᠠᠨ ᠥᠭᠴᠦ᠂ ᠰᠢᠨ᠎ᠡ ᠨᠡᠮᠡᠭᠳᠡᠬᠦ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠬᠡᠷᠡᠭᠵᠢᠭᠦᠯᠬᠦ ᠪᠠ ᠬᠤᠭᠤᠴᠠᠭ᠎ᠠ ᠨᠢ ᠲᠤᠯᠤᠭᠰᠠᠨ ᠵᠢᠭᠡᠯᠡᠯᠭᠡ ᠶᠢᠨ ᠲᠡᠮᠳᠡᠭᠲᠦ ᠪᠠᠨ ᠲᠥᠯᠥᠵᠦ ᠪᠤᠴᠠᠭᠠᠬᠤ ᠶᠢ ᠨᠢ ᠪᠠᠲᠤᠯᠠᠬᠤ ᠬᠡᠷᠡᠭᠲᠡᠢ᠃ ᠳᠠᠬᠢᠨᠲᠠ ᠪᠠᠯᠠ ᠳᠣᠭᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠲᠠᠷᠬᠠᠭᠠᠭᠰᠠᠨ ᠤ ᠳᠠᠷᠠᠭ᠎ᠠ ᠳᠠᠭᠠᠭᠠᠨ ᠪᠣᠷᠣᠯᠠᠭᠤᠯᠬᠤ ᠪᠠᠶᠢᠭᠤᠯᠤᠮᠵᠢ ᠳᠤ ᠨᠢᠭᠡᠳᠦᠯᠲᠡᠶ ᠪᠤᠴᠠᠭᠠᠵᠤ᠂ ᠠᠶᠢᠮᠠᠭ ᠬᠤᠲᠠ ᠳᠤ ᠳᠠᠭᠢᠵᠤ ᠳᠠᠮᠵᠢᠭᠤᠯᠤᠨ ᠵᠢᠭᠡᠯᠡᠭᠦᠯᠬᠦ ᠥᠬᠡᠶ ᠠᠴᠠ ᠭᠠᠳᠠᠨ᠎ᠠ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠰᠠᠯᠭᠠᠨ ᠥᠭᠬᠦ ᠴᠢᠬᠤᠯᠠᠲᠠᠶ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠪᠣᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠣᠭᠤᠰ ᠢ ᠭᠠᠷᠳᠠᠨ ᠠᠪᠤᠭᠰᠠᠨ 5 ᠠᠵᠢᠯᠯᠠᠬᠤ ᠡᠳᠦᠷ ᠤᠨ ᠳᠣᠲᠣᠷ᠎ᠠ ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠰᠠᠯᠭᠠᠨ ᠥᠭᠬᠦ ᠬᠡᠷᠡᠭᠲᠡᠶ᠃ ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠳᠠᠮᠵᠢᠭᠤᠯᠤᠨ ᠵᠢᠭᠡᠯᠡᠭᠦᠯᠬᠦ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠬᠦᠯᠢᠶᠡᠨ ᠠᠪᠴᠤ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠰᠠᠯᠭᠠᠨ ᠥᠭᠬᠦ ᠴᠢᠬᠤᠯᠠᠲᠠᠶ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ 10 ᠠᠵᠢᠯᠯᠠᠬᠤ ᠡᠳᠦᠷ ᠤᠨ ᠳᠣᠲᠣᠷ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠰᠠᠯᠭᠠᠨ ᠥᠭᠬᠦ ᠬᠡᠷᠡᠭᠲᠡᠶ᠃ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠠᠴᠠ ᠡᠮᠦᠨ᠎ᠡ᠂ ᠲᠥᠷᠥᠯ ᠵᠦᠢᠯ ᠤᠨ ᠪᠥᠲᠥᠭᠡᠨ ᠪᠠᠶᠢᠭᠤᠯᠵᠤ ᠪᠠᠶᠢᠭ᠎ᠠ ᠠᠬᠢᠴᠠ ᠪᠠᠷ ᠨᠡᠯᠢᠶᠡᠳ ᠲᠦᠷᠭᠡᠨ᠂ ᠪᠠᠯᠠ ᠮᠥᠩᠭᠦᠨ ᠤ ᠲᠣᠬᠢᠷᠠᠭᠤᠯᠤᠯᠲᠠ ᠬᠢᠬᠦ ᠳᠤ ᠦᠨᠡᠨ ᠬᠦ ᠬᠦᠴᠢᠷᠲᠡᠢ ᠪᠠᠶᠢᠭ᠎ᠠ ᠭᠠᠵᠠᠷ ᠣᠷᠣᠨ ᠳᠤ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠣᠰ ᠱᠠᠲᠤᠨ ᠤ ᠬᠥᠮᠥᠷᠭᠡ ᠶᠢᠨ ᠵᠣᠭᠤᠰᠤᠨ ᠤ ᠪᠠᠶᠢᠳᠠᠯ ᠢᠶᠠᠨ ᠦᠨᠳᠦᠰᠦᠯᠡᠨ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠲᠣᠭᠠᠨ ᠳᠤ ᠪᠠᠯᠠ ᠮᠥᠩᠭᠦ ᠶᠢ ᠨᠢ ᠣᠷᠣᠯᠠᠨ ᠥᠭᠴᠦ᠂ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ ᠳᠠᠭᠤᠰᠤᠭᠰᠠᠨ ᠤ ᠳᠠᠷᠠᠭ᠎ᠠ ᠪᠠᠯᠠ ᠮᠥᠩᠭᠦ ᠪᠠᠨ ᠰᠢᠭᠤᠳ ᠲᠤᠯᠭᠠᠨ ᠰᠠᠭᠤᠯᠭᠠᠵᠤ ᠪᠣᠯᠤᠨ᠎ᠠ᠃      ᠠᠷᠪᠠᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠤᠯᠤᠰ ᠤᠨ ᠬᠥᠮᠥᠷᠭᠡ ᠶᠢᠨ ᠬᠠᠮᠢᠶᠠᠷᠤᠯᠲᠠ ᠳᠤ ᠣᠷᠣᠭᠤᠯᠵᠤ᠂ ︽ᠡᠳ᠋ ᠤᠨ ᠵᠠᠰᠠᠭ ᠤᠨ ᠶᠡᠷᠦᠩᠬᠡᠶ ᠲᠥᠰᠦᠪ ᠤᠨ ᠨᠢᠭᠲᠠᠯᠠᠨ ᠪᠣᠳᠣᠬᠤ ᠳᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ ᠲᠣᠭᠠᠴᠠᠭ᠎ᠠ ᠬᠢᠵᠦ᠂ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠥᠭᠬᠦ ᠶᠢ ᠬᠡᠷᠡᠭᠵᠢᠭᠦᠯᠦᠨ᠎ᠡ᠂ ᠵᠠᠰᠠᠭ ᠤᠨ ᠣᠷᠳᠣᠨ ᠬᠤᠳᠠᠯᠳᠤᠨ ᠠᠪᠬᠤ ᠳᠤ ᠬᠤᠯᠪᠣᠭᠳᠠᠪᠠᠯ᠂ ᠵᠠᠰᠠᠭ ᠤᠨ ᠣᠷᠳᠣᠨ ᠬᠤᠳᠠᠯᠳᠤᠨ ᠠᠪᠬᠤ ᠬᠠᠮᠢᠶ᠎ᠠ ᠪᠦᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠶᠣᠰᠣᠭᠠᠷ ᠬᠡᠷᠡᠭᠵᠢᠭᠦᠯᠬᠦ ᠬᠡᠷᠡᠭᠲᠡᠶ᠃      ᠠᠷᠪᠠᠨ ᠨᠠᠢᠮᠠᠳᠤᠭᠠᠷ ᠵᠦᠢᠯ ᠲᠥᠰᠥᠪ ᠤᠨ ᠣᠨ ᠤ ᠠᠵᠢᠯ ᠳᠠᠭᠤᠰᠴᠤ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠩ ᠤᠨ ᠣᠯᠠᠨ ᠨᠡᠶᠢᠲᠡ ᠶᠢᠨ ᠲᠥᠰᠥᠪ ᠪᠠ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠳᠤ ᠪᠠᠨ᠂ ᠵᠠᠰᠠᠭ ᠤᠨ ᠣᠷᠳᠤᠨ ᠤ ᠵᠢᠭᠡᠯᠡᠯᠭᠡ ᠶᠢᠨ ᠲᠡᠮᠳᠡᠭᠲᠦ ᠶᠢᠨ ᠥᠷᠢ ᠥᠭᠴᠡᠭᠡᠨ ᠤ ᠣᠷᠤᠯᠭ᠎ᠠ᠂ ᠲᠣᠬᠢᠷᠠᠭᠤᠯᠤᠭᠰᠠᠨ ᠵᠠᠷᠤᠯᠭ᠎ᠠ᠂ ᠡᠬᠡ ᠮᠥᠩᠭᠦ ᠪᠠ ᠬᠦᠦ ᠮᠥᠩᠭᠦ ᠶᠢ ᠪᠤᠴᠠᠭᠠᠵᠤ ᠲᠦᠯᠦᠭᠰᠡᠨ ᠪᠠ ᠲᠠᠷᠬᠠᠭᠠᠭᠰᠠᠨ ᠵᠠᠷᠤᠳᠠᠯ ᠵᠡᠷᠭᠡ ᠵᠦᠢᠯᠡᠰ ᠢ ᠪᠦᠬᠦ ᠲᠠᠯ᠎ᠠ ᠪᠠᠷ ᠣᠨᠤᠪᠴᠢᠲᠠᠢ ᠲᠤᠰᠬᠠᠬᠤ ᠬᠡᠷᠡᠭᠲᠡᠢ᠃      ᠠᠷᠪᠠ ᠶᠢᠰᠦᠳᠦᠭᠡᠷ ᠵᠦᠢᠯ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠬᠡᠷᠡᠭᠯᠡᠬᠦ ᠰᠠᠯᠠᠭ᠎ᠠ ᠮᠥᠴᠢᠷ ︵ᠨᠢᠭᠡᠴᠢ︶ ᠨᠢ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠰᠠᠯᠭᠠᠨ ᠥᠭᠴᠦ ᠪᠣᠳᠠᠲᠠᠶᠢᠵᠢᠭᠤᠯᠤᠭᠰᠠᠨ ᠤ ᠳᠠᠷᠠᠭ᠎ᠠ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢᠶᠠᠨ ︽ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠠᠮᠢᠶᠠᠷᠤᠯᠲᠠ ᠶᠢᠨ ᠰᠢᠰᠲ᠋ᠧᠮ︾ ᠳᠤ ᠴᠠᠭ ᠲᠤᠬᠠᠶ ᠳᠤ ᠨᠢ ᠪᠢᠴᠢᠵᠦ ᠣᠷᠣᠭᠤᠯᠣᠨ᠂ ᠰᠢᠰᠲ᠋ᠧᠮ ᠤᠨ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠪᠠᠭᠤᠯᠭᠠᠭᠰᠠᠨ ᠲᠤᠭ᠎ᠠ ᠬᠡᠮᠵᠢᠶ᠎ᠡ᠂ ᠲᠥᠷᠥᠯ ᠬᠡᠯᠪᠡᠷᠢ᠂ ᠴᠠᠭ ᠬᠤᠭᠤᠴᠠᠭ᠎ᠠ᠂ ᠬᠦᠦ ᠮᠥᠩᠭᠦᠨ ᠤ ᠨᠣᠷᠮ᠎ᠠ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠯᠤᠭ᠎ᠠ ᠨᠢᠭᠡᠳᠦᠯᠲᠡᠶ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠳᠤ᠂ ᠰᠣᠯᠢᠬᠤ ᠵᠢᠭᠡᠯᠡᠯᠭᠡ ᠶᠢᠨ ᠲᠡᠮᠳᠡᠭᠲᠦ ᠪᠠ ᠳᠠᠬᠢᠨᠲᠠ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠤ ᠳᠠᠷᠠᠭ᠎ᠠ ᠪᠠᠰᠠ ᠵᠠᠰᠠᠭ ᠤᠨ ᠣᠷᠳᠣᠨ ᠤ ᠦᠯᠡᠳᠡᠭᠡᠯ ᠥᠷᠢ ᠥᠭᠴᠡᠭᠡ ᠪᠠ ᠬᠤᠭᠤᠴᠠᠭ᠎ᠠ ᠨᠢ ᠲᠤᠯᠤᠭᠰᠠᠨ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠶᠢ ᠴᠠᠭ ᠲᠤᠬᠠᠶ ᠳᠤ ᠨᠢ ᠲᠦᠯᠦᠵᠦ᠂ ᠰᠢᠰᠲ᠋ᠧᠮ ᠤᠨ ᠲᠤᠭ᠎ᠠ ᠪᠠᠷᠢᠮᠲᠠ ᠶᠢ ᠰᠢᠨᠡᠳᠬᠡᠨ᠂ ᠨᠢᠭᠲᠠᠯᠠᠨ ᠪᠣᠳᠣᠭᠴᠢ ᠶᠢᠨ ᠳᠠᠩᠰᠨ ᠬᠠᠷ᠎ᠠ ᠶᠢᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃      ᠬᠤᠷᠢᠳᠤᠭᠠᠷ ᠵᠦᠢᠯ ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠬᠡᠷᠡᠭᠯᠡᠭᠡᠳ ᠪᠣᠢ ᠪᠣᠯᠣᠭᠰᠠᠨ ᠲᠣᠭᠲᠠᠮᠠᠯ ᠬᠥᠷᠦᠩᠭᠡ ᠶᠢ ᠪᠦᠷᠢᠳᠬᠡᠵᠦ ︽ᠣᠷᠤᠨ ᠨᠤᠲᠤᠭ ᠤᠨ ᠵᠠᠰᠠᠭ ᠤᠨ ᠣᠷᠳᠤᠨ ᠤ ᠴᠢᠨᠠᠷᠲᠠᠢ ᠥᠷᠢ ᠥᠭᠴᠡᠭᠡᠨ ᠤ ᠬᠠᠮᠢᠶᠠᠷᠤᠯᠲᠠ ᠶᠢᠨ ᠰᠢᠰᠲ᠋ᠧᠮ︾ ᠳᠤ ᠣᠷᠤᠭᠤᠯᠬᠤ ᠶᠢᠨ ᠬᠠᠮᠲᠤ᠂ ᠤᠯᠤᠰ ᠤᠨ ᠥᠮᠴᠢᠯᠡᠯᠲᠦ ᠡᠳ᠋ ᠬᠥᠷᠦᠩᠭᠡ ᠶᠢᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠠᠮᠢᠶᠠᠷᠬᠤ ᠬᠡᠷᠡᠭᠲᠡᠢ᠃      ᠬᠤᠷᠢᠨ ᠨᠢᠭᠡᠳᠦᠭᠡᠷ ᠵᠦᠢᠯ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠵᠠᠷᠴᠢᠮ ᠳᠡᠭᠡᠷ᠎ᠡ ᠪᠠᠨ ᠲᠤᠰ ᠵᠢᠯ ᠳᠤ ᠪᠠᠨ ᠪᠦᠬᠦᠨ ᠢ ᠵᠠᠷᠤᠴᠠᠭᠤᠯᠬᠤ ᠪᠠᠷ ᠲᠣᠬᠢᠷᠠᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠠ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳ᠋ᠦᠩᠨᠡᠵᠦ ᠰᠢᠯᠵᠢᠭᠦᠯᠦᠨ ᠬᠡᠷᠡᠭᠯᠡᠵᠦ ᠪᠣᠯᠬᠤ ᠦᠭᠡᠢ᠃      ᠬᠤᠷᠢᠨ ᠬᠤᠶᠠᠳᠤᠭᠠᠷ ᠵᠦᠢᠯ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠠ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠤᠨ ᠤ ᠡᠳ᠋ ᠤᠨ ᠵᠠᠰᠠᠭ ᠤᠨ ᠲᠢᠩᠬᠢᠮ ᠤᠨ ᠬᠢᠨᠠᠨ ᠬᠠᠷᠭᠤᠭᠤᠯᠵᠤ ᠲᠣᠭᠲᠠᠭᠠᠭᠰᠠᠨ ᠪᠥᠭᠡᠳ ᠲᠠᠷᠬᠠᠭᠠᠭᠰᠠᠨ ᠵᠢᠭᠡᠯᠡᠯᠭᠡ ᠶᠢᠨ ᠲᠡᠮᠳᠡᠭᠲᠦ ᠶᠢᠨ ᠲᠥᠷᠦᠯ ᠵᠦᠢᠯ ᠶᠣᠰᠣᠭᠠᠷ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠴᠢᠩᠭ᠎ᠠ ᠵᠢᠷᠤᠮᠯᠠᠨ ᠬᠡᠷᠡᠭᠯᠡᠬᠦ ᠬᠡᠷᠡᠭᠲᠡᠢ᠂ ᠣᠨᠴᠠᠭᠠᠢ ᠰᠢᠯᠲᠠᠭᠠᠨ ᠦᠭᠡᠢ ᠪᠣᠯ ᠲᠣᠬᠢᠷᠠᠭᠤᠯᠤᠯᠲᠠ ᠬᠢᠵᠦ ᠪᠣᠯᠬᠤ ᠦᠭᠡᠢ᠃      ︵ᠨᠢᠭᠡ︶ ᠰᠢᠨ᠎ᠡ ᠨᠡᠮᠡᠭᠳᠡᠬᠦ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠡᠷᠡᠭᠴᠡᠭᠡ ᠪᠠ ᠪᠣᠳᠠᠲᠠᠶ ᠲᠥᠷᠥᠯ ᠵᠦᠢᠯ ᠤᠨ ᠲᠣᠬᠢᠷᠠᠭᠤᠯᠤᠯᠲᠠ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠪᠤᠰᠤᠳᠴᠢ ᠰᠢᠯᠲᠠᠭᠠᠨ ᠠᠴᠠ ᠪᠣᠯᠵᠤ ᠦᠨᠡᠨ ᠬᠦ ᠦᠷᠭᠦᠯᠵᠢᠯᠡᠨ ᠬᠡᠷᠡᠭᠵᠢᠭᠦᠯᠬᠦ ᠶᠢᠨ ᠠᠷᠭ᠎ᠠ ᠦᠭᠡᠢ ᠪᠣᠯᠣᠭᠰᠠᠨ ᠪᠤᠶᠤ ᠪᠤᠰᠤᠳ ᠪᠡᠯᠡ ᠮᠥᠩᠭᠦᠨ ᠤ ᠢᠷᠡᠯᠲᠡ ᠪᠠᠷ ᠲᠣᠬᠢᠷᠠᠭᠤᠯᠤᠭᠰᠠᠨ ᠲᠥᠷᠥᠯ ᠵᠦᠢᠯ ᠳᠤ ᠪᠣᠯ᠂ ᠡᠯ᠎ᠡ ᠱᠠᠲᠤᠨ ᠤ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠰᠢᠨ᠎ᠡ ᠨᠡᠮᠡᠭᠳᠡᠬᠦ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠤᠤᠯ ᠤᠨ ᠬᠡᠷᠡᠭᠯᠡᠬᠦ ᠲᠥᠰᠥᠯ ᠢ ᠨᠢ ᠲᠣᠬᠢᠷᠠᠭᠤᠯᠬᠤ ᠬᠡᠷᠡᠭᠲᠡᠢ᠂ ᠲᠥᠷᠥᠯ ᠵᠦᠢᠯ ᠤᠨ ᠬᠥᠮᠥᠷᠭᠡ ᠳᠠᠬᠢ ᠪᠣᠯᠪᠠᠰᠤᠷᠠᠩᠭᠤᠢ ᠪᠣᠯᠣᠭᠰᠠᠨ ᠲᠥᠷᠥᠯ ᠵᠦᠢᠯ ᠢ ᠤᠷᠢᠳ ᠢᠶᠠᠷ ᠰᠣᠩᠭᠤᠵᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠲᠤᠰ ᠵᠢᠯ ᠤᠨ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠵᠤ ᠭᠦᠢᠴᠡᠳᠬᠡᠯᠭᠡᠬᠦ ᠬᠡᠷᠡᠭᠲᠡᠢ᠃ ᠰᠢᠨ᠎ᠡ ᠨᠡᠮᠡᠭᠳᠡᠬᠦ ᠡᠩ ᠤᠨ ᠵᠢᠭᠡᠯᠡᠯᠭᠡ ᠶᠢᠨ ᠲᠡᠮᠳᠡᠭᠲᠦ ᠳᠤ ᠲᠣᠬᠢᠷᠠᠭᠤᠯᠤᠯᠲᠠ ᠬᠢᠬᠦ ᠬᠡᠮᠵᠢᠶ᠎ᠡ ᠶᠢ ᠵᠠᠷᠴᠢᠮ ᠳᠡᠭᠡᠷ᠎ᠡ ᠪᠠᠨ ᠵᠣᠬᠢᠴᠠᠯᠳᠤᠬᠤ ᠣᠨ ᠤ ᠲᠤᠰ ᠭᠠᠵᠠᠷ ᠣᠷᠣᠨ ᠤ ᠰᠢᠨ᠎ᠡ ᠨᠡᠮᠡᠭᠳᠡᠬᠦ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠬᠡᠮᠵᠢᠶᠡᠨ ᠤ 10% ᠠᠴᠠ ᠬᠡᠲᠦᠷᠡᠭᠦᠯᠵᠦ ᠪᠣᠯᠬᠤ ᠦᠭᠡᠶ᠃ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠭᠤᠤᠯᠳᠠᠯᠭ᠎ᠠ ᠲᠠᠢ ᠵᠠᠷᠤᠯᠭ᠎ᠠ ᠳᠤ ᠲᠣᠬᠢᠷᠠᠭᠤᠯᠤᠯᠲᠠ ᠬᠢᠬᠦ᠂ ᠬᠡᠮᠵᠢᠶ᠎ᠡ ᠨᠢ ᠬᠠᠷᠢᠴᠠᠯ ᠠᠴᠠ ᠬᠡᠲᠦᠷᠡᠭᠰᠡᠨ ᠳᠤ ᠲᠣᠬᠢᠷᠠᠭᠤᠯᠤᠯᠲᠠ ᠬᠢᠬᠦ᠂ ᠲᠤᠰ ᠠᠷᠭ᠎ᠠ ᠶᠢ ᠨᠡᠶᠢᠲᠡᠯᠡᠬᠦ ᠠᠴᠠ ᠡᠮᠦᠨᠡᠬᠢ ᠰᠢᠨ᠎ᠡ ᠨᠡᠮᠡᠭᠳᠡᠭᠰᠡᠨ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠳᠤ ᠲᠣᠬᠢᠷᠠᠭᠤᠯᠤᠯᠲᠠ ᠬᠢᠬᠦ ᠵᠢᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠴᠢᠬᠤᠯᠠᠲᠠᠢ ᠪᠤᠰᠤᠳ ᠪᠠᠶᠢᠳᠠᠯ ᠳᠤ ᠬᠠᠷᠢᠶᠠᠯᠠᠭᠳᠠᠪᠠᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃ ᠰᠢᠨ᠎ᠡ ᠨᠡᠮᠡᠭᠳᠡᠬᠦ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ ᠲᠤᠰ ᠵᠢᠯ ᠳᠤ ᠪᠥᠬᠦᠨ ᠢ ᠵᠠᠷᠤᠴᠠᠭᠤᠯᠬᠤ ᠪᠠᠷ ᠲᠣᠬᠢᠷᠠᠭᠤᠯᠤᠯᠲᠠ ᠬᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠳᠡᠭᠡᠷ᠎ᠡ ᠳᠤᠷᠠᠳᠤᠭᠰᠠᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠡᠷᠡᠭᠴᠡᠭᠡ ᠪᠠ ᠪᠣᠳᠠᠲᠠᠶ ᠲᠥᠷᠥᠯ ᠵᠦᠢᠯ ᠳᠤ ᠲᠣᠬᠢᠷᠠᠭᠤᠯᠤᠯᠲᠠ ᠬᠢᠬᠦ ᠲᠠᠯ᠎ᠠ ᠳᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠳᠤ ᠮᠡᠳᠡᠭᠦᠯᠦᠨ ᠵᠥᠪᠰᠢᠶᠡᠷᠡᠭᠦᠯᠬᠦ ᠵᠦᠢᠯᠡᠰ ᠢ ᠳᠡᠰ ᠳᠠᠷᠠᠭᠠᠯᠠᠯ ᠢᠶᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃    ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠢᠨ᠎ᠡ ᠨᠡᠮᠡᠭᠳᠡᠬᠦ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠲᠣᠬᠢᠷᠠᠭᠤᠯᠤᠯᠲᠠ ᠶᠢ ᠳᠡᠭᠡᠷ᠎ᠡ ᠳᠤᠷᠠᠳᠤᠭᠰᠠᠨ ᠳᠡᠰ ᠳᠠᠷᠠᠭᠠᠯᠠᠯ ᠢᠶᠠᠷ ᠯᠠᠪᠯᠠᠯᠲᠠ ᠪᠣᠯᠭᠠᠨ ᠭᠦᠢᠴᠡᠳᠬᠡᠬᠦ ᠬᠡᠷᠡᠭᠲᠡᠶ᠃    ︵ᠬᠤᠶᠠᠷ︶ ᠰᠣᠯᠢᠬᠤ ᠵᠢᠭᠡᠯᠡᠯᠭᠡ ᠶᠢᠨ ᠲᠡᠮᠳᠡᠭᠲᠦ ᠶᠢ ᠡᠷᠬᠡᠪᠰᠢ ᠵᠠᠰᠠᠭ ᠤᠨ ᠣᠷᠳᠣᠨ ᠤ ᠪᠤᠰᠤ ᠵᠢᠭᠡᠯᠡᠯᠭᠡ ᠶᠢᠨ ᠲᠡᠮᠳᠡᠭᠲᠦ ᠶᠢᠨ ᠬᠡᠯᠪᠡᠷᠢ ᠪᠦᠬᠦᠢ ᠵᠠᠰᠠᠭ ᠤᠨ ᠣᠷᠳᠣᠨ ᠤ ᠦᠯᠡᠳᠡᠭᠡᠯ ᠥᠷᠢ ᠥᠭᠴᠡᠭᠡ ᠶᠢ ᠰᠣᠯᠢᠬᠤ ᠳᠤ ᠴᠢᠩᠭ᠎ᠠ ᠵᠢᠷᠤᠮᠯᠠᠨ ᠬᠡᠷᠡᠭᠯᠡᠬᠦ ᠬᠡᠷᠡᠭᠲᠡᠢ᠂ ᠥᠷᠢ ᠥᠭᠴᠡᠭᠡᠨ ᠤ ᠦᠯᠡᠳᠡᠪᠦᠷᠢ ᠲᠤᠭ᠎ᠠ ᠨᠢ ᠬᠠᠰᠤᠭᠳᠠᠭᠰᠠᠨ᠂ ᠠᠪᠴᠠᠭᠠᠲᠠᠨ ᠨᠢ ᠪᠠᠶᠢᠬᠤ ᠦᠭᠡᠢ ᠪᠣᠯᠣᠭᠰᠠᠨ᠂ ᠥᠷᠢ ᠥᠭᠴᠡᠭᠡ ᠶᠢ ᠨᠢ ᠳᠠᠬᠢᠨᠲᠠ ᠵᠣᠬᠢᠶᠠᠨ ᠪᠠᠶᠢᠭᠤᠯᠬᠤ ᠶᠢ ᠬᠡᠷᠡᠭᠵᠢᠭᠦᠯᠬᠦ ᠵᠡᠷᠭᠡ ᠠᠴᠠ ᠪᠣᠯᠵᠤ ᠤᠤᠯ ᠤᠨ ᠲᠥᠰᠦᠯ ᠶᠣᠰᠣᠭᠠᠷ ᠬᠡᠷᠡᠭᠵᠢᠭᠦᠯᠬᠦ ᠶᠢᠨ ᠠᠷᠭ᠎ᠠ ᠦᠭᠡᠶ ᠪᠠᠶᠢᠪᠠᠯ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠲᠣᠪᠴᠢᠶ᠎ᠠ ᠨᠢ ᠰᠣᠯᠢᠬᠤ ᠵᠢᠭᠡᠯᠡᠯᠭᠡ ᠶᠢᠨ ᠲᠡᠮᠳᠡᠭᠲᠦ ᠶᠢ ᠬᠡᠷᠡᠭᠯᠡᠬᠦ ᠤᠤᠯ ᠤᠨ ᠲᠥᠰᠦᠯ ᠳᠤ ᠲᠣᠬᠢᠷᠠᠭᠤᠯᠤᠯᠲᠠ ᠬᠢᠵᠦ᠂ ᠰᠣᠯᠢᠬᠤ ᠳᠡᠰ ᠳᠠᠷᠠᠭᠠᠯᠠᠯ ᠤᠨ ᠶᠣᠰᠣᠭᠠᠷ ᠨᠥᠬᠦᠴᠡᠯ ᠳᠤ ᠨᠡᠶᠢᠴᠡᠬᠦ ᠵᠠᠰᠠᠭ ᠤᠨ ᠣᠷᠳᠣᠨ ᠤ ᠦᠯᠡᠳᠡᠭᠡᠯ ᠥᠷᠢ ᠥᠭᠴᠡᠭᠡ ᠶᠢᠨ ᠲᠥᠷᠥᠯ ᠵᠦᠢᠯ ᠢ ᠰᠣᠯᠢᠬᠤ ᠳᠤ ᠬᠡᠷᠡᠭᠯᠡᠬᠦ ᠪᠠᠷ ᠲᠣᠬᠢᠷᠠᠭᠤᠯᠤᠯᠲᠠ ᠬᠢᠵᠦ᠂ ᠲᠤᠰ ᠵᠢᠯ ᠳᠤ ᠪᠥᠬᠦᠨ ᠢ ᠵᠠᠷᠤᠴᠠᠭᠤᠯᠬᠤ ᠪᠠᠷ ᠲᠣᠬᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ︵ᠭᠤᠷᠪᠠ︶ ᠡᠳ᠋ ᠤᠨ ᠵᠠᠰᠠᠭ ᠤᠨ ᠶᠠᠮᠤᠨ ᠤ ᠲᠣᠭᠲᠠᠭᠠᠯ ᠲᠠᠢ ᠠᠴᠠ ᠭᠠᠳᠠᠨ᠎ᠠ᠂ ᠰᠢᠨ᠎ᠡ ᠨᠡᠮᠡᠭᠳᠡᠬᠦ ᠲᠤᠰᠬᠠᠶ ᠵᠢᠭᠡᠯᠡᠯᠭᠡ ᠶᠢᠨ ᠲᠡᠮᠳᠡᠭᠲᠦ᠂ ᠳᠠᠬᠢᠨᠲᠠ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠦᠩᠬᠦᠨ ᠤ ᠬᠡᠷᠡᠭᠴᠡᠭᠡ ᠪᠠ ᠪᠣᠳᠠᠲᠠᠶ ᠲᠥᠷᠥᠯ ᠵᠦᠢᠯ ᠢ ᠲᠣᠭᠲᠠᠭᠠᠭᠰᠠᠨ ᠪᠠᠶᠢᠪᠠᠯ᠂ ᠵᠠᠷᠴᠢᠮ ᠳᠡᠭᠡᠷ᠎ᠡ ᠪᠠᠨ ᠳᠠᠬᠢᠨᠲᠠ ᠲᠣᠬᠢᠷᠠᠭᠤᠯᠤᠨ ᠬᠡᠷᠡᠭᠯᠡᠵᠦ ᠪᠣᠯᠬᠤ ᠦᠭᠡᠶ᠃      ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠤᠨ ᠤ ᠲᠤᠰ ᠱᠠᠲᠤᠨ ᠤ ᠪᠠ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠬᠡᠷᠡᠭᠯᠡᠬᠦ ᠠᠬᠢᠴᠠ ᠪᠠᠨ ᠲᠦᠷᠭᠡᠳᠭᠡᠵᠦ᠂ ᠲᠣᠭᠲᠠᠭᠰᠠᠨ ᠬᠤᠭᠤᠴᠠᠭᠠᠨ ᠳᠤ ᠪᠡᠯᠡ ᠮᠥᠩᠭᠦ ᠪᠠᠨ ᠲᠥᠷᠦᠯ ᠵᠦᠢᠯ ᠳᠤ ᠰᠠᠯᠭᠠᠨ ᠥᠭᠬᠦ ᠬᠡᠷᠡᠭᠲᠡᠢ᠃ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠤᠯᠤᠰ ᠤᠨ ᠬᠥᠮᠥᠷᠭᠡ ᠳᠤ ᠦᠯᠡᠳᠡᠭᠡᠨ ᠠᠪᠬᠤ ᠪᠤᠶᠤ ᠰᠠᠯᠠᠭ᠎ᠠ ᠮᠥᠴᠢᠷ ︵ᠨᠢᠭᠡᠴᠢ︶ ᠲᠤ ᠦᠯᠡᠳᠡᠭᠡᠨ ᠲᠠᠯᠪᠢᠵᠤ ᠪᠣᠯᠬᠤ ᠦᠭᠡᠶ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢᠶᠠᠨ ᠴᠠᠭ ᠲᠤ ᠨᠢ ᠲᠣᠬᠢᠷᠠᠭᠤᠯᠵᠤ ᠨᠡᠪᠲᠡᠷᠡᠭᠦᠯᠦᠨ ᠮᠡᠳᠡᠭᠡᠯᠡᠬᠦ ᠶᠢᠨ ᠬᠠᠮᠲᠤ᠂ ᠡᠳ᠋ ᠤᠨ ᠵᠠᠰᠠᠭ ᠤᠨ ᠶᠠᠮᠤᠨ ᠤ ᠨᠡᠪᠲᠡᠷᠡᠭᠦᠯᠵᠦ ᠮᠡᠳᠡᠭᠡᠯᠡᠭᠰᠡᠨ ᠪᠠᠶᠢᠳᠠᠯ ᠢ ᠦᠨᠳᠦᠰᠦᠯᠡᠨ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠵᠠᠷᠤᠴᠠᠭᠤᠯᠤᠭᠰᠠᠨ ᠠᠬᠢᠴᠠ ᠨᠢ ᠨᠡᠯᠢᠶᠡᠳ ᠤᠳᠠᠭᠠᠨ ᠪᠠᠶᠢᠭ᠎ᠠ ᠭᠠᠵᠠᠷ ᠣᠷᠣᠨ ᠲᠠᠢ ᠴᠠᠭ ᠲᠤ ᠨᠢ ᠲᠣᠬᠢᠷᠠᠭᠤᠯᠵᠤ ᠪᠣᠯᠵᠣᠨ ᠶᠠᠷᠢᠯᠴᠠᠬᠤ ᠬᠡᠷᠡᠭᠲᠡᠶ᠃      ᠵᠢᠷᠭᠤᠳᠤᠭᠠᠷ ᠪᠦᠯᠦᠭ ᠡᠬᠡ ᠮᠥᠩᠭᠦ ᠪᠠ ᠬᠦᠦ ᠮᠥᠩᠭᠦ ᠶᠢ ᠪᠤᠴᠠᠭᠠᠨ ᠲᠥᠯᠥᠬᠦ      ᠬᠤᠷᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠠᠷᠤᠳᠠᠯ᠂ ᠬᠤᠭᠤᠴᠠᠭ᠎ᠠ ᠨᠢ ᠲᠤᠯᠤᠭᠰᠠᠨ ᠡᠬᠡ ᠮᠥᠩᠭᠦ ᠪᠠ ᠬᠦᠦ ᠮᠥᠩᠭᠦ ᠶᠢ ᠪᠣᠯ ᠡᠷᠬᠡ ᠪᠠ ᠬᠠᠷᠢᠭᠤᠴᠠᠯᠭ᠎ᠠ ᠶᠢ ᠨᠢᠭᠡᠳᠦᠯᠲᠡᠢ ᠪᠠᠶᠢᠯᠭᠠᠬᠤ ᠵᠠᠷᠴᠢᠮ ᠶᠣᠰᠣᠭᠠᠷ᠂ ᠥᠷᠢ ᠥᠭᠴᠡᠭᠡᠨ ᠤ ᠭᠤᠣᠯ ᠴᠣᠭᠴᠠ ᠶᠢ ᠦᠨᠳᠦᠰᠦᠯᠡᠨ ᠥᠪᠡᠷᠲᠡᠭᠡᠨ ᠵᠠᠰᠠᠬᠤ ᠣᠷᠤᠨ ᠤ ᠲᠤᠰ ᠱᠠᠲᠤ ᠪᠠ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠤᠰ ᠲᠤᠰ ᠡᠭᠦᠷᠭᠡᠯᠡᠬᠦ ᠬᠡᠷᠡᠭᠲᠡᠢ᠃      ᠬᠤᠷᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠤᠨ ᠤ ᠡᠳ᠋ ᠤᠨ ᠵᠠᠰᠠᠭ ᠤᠨ ᠲᠢᠩᠬᠢᠮ ᠨᠢ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠠᠷᠤᠳᠠᠯ᠂ ᠬᠤᠭᠤᠴᠠᠭ᠎ᠠ ᠨᠢ ᠲᠤᠯᠤᠭᠰᠠᠨ ᠡᠬᠡ ᠮᠥᠩᠭᠦ ᠪᠠ ᠬᠦᠦ ᠮᠥᠩᠭᠦᠨ ᠤ ᠪᠡᠯᠡ ᠮᠥᠩᠭᠦ ᠥᠭᠬᠦ ᠠᠵᠢᠯ ᠶᠠᠪᠤᠳᠠᠯ ᠢ ᠬᠠᠷᠢᠭᠤᠴᠠᠵᠤ ᠨᠢᠭᠡᠳᠦᠯᠲᠡᠢ ᠭᠦᠢᠴᠡᠳᠬᠡᠨ᠎ᠡ᠃      ︵ᠨᠢᠭᠡ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠯ᠎ᠡ ᠰᠠᠯᠠᠭ᠎ᠠ ᠮᠥᠴᠢᠷ ︵ᠨᠢᠭᠡᠴᠢ︶ ᠤᠨ ᠬᠡᠷᠡᠭᠯᠡᠵᠦ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠳᠤ ᠵᠠᠷᠤᠴᠠᠭᠤᠯᠤᠭᠰᠠᠨ ᠡᠬᠡ ᠮᠥᠩᠭᠦ᠂ ᠬᠦᠦ ᠮᠥᠩᠭᠦ ᠵᠢᠴᠢ ᠲᠠᠷᠬᠠᠭᠠᠬᠤ ᠵᠠᠷᠤᠳᠠᠯ ᠥᠭᠬᠦ ᠶᠢ ᠳᠠᠭᠠᠭᠠᠨ ᠡᠭᠦᠷᠭᠡᠯᠡᠨ᠎ᠡ᠃      ︵ᠬᠤᠶᠠᠷ︶ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠯ᠎ᠡ ᠰᠠᠯᠠᠭ᠎ᠠ ᠮᠥᠴᠢᠷ ︵ᠨᠢᠭᠡᠴᠢ︶ ᠤᠨ ᠬᠡᠷᠡᠭᠯᠡᠵᠦ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠳᠤ ᠵᠠᠷᠤᠴᠠᠭᠤᠯᠤᠭᠰᠠᠨ ᠡᠬᠡ ᠮᠥᠩᠭᠦ᠂ ᠬᠦᠦ ᠮᠥᠩᠭᠦ ᠵᠢᠴᠢ ᠲᠠᠷᠬᠠᠭᠠᠬᠤ ᠵᠠᠷᠤᠳᠠᠯ ᠥᠭᠬᠦ ᠶᠢ ᠳᠠᠭᠠᠭᠠᠨ ᠡᠭᠦᠷᠭᠡᠯᠡᠨ᠎ᠡ᠃ 2020 ᠣᠨ ᠤ ᠰᠡᠭᠦᠯᠴᠢ ᠠᠴᠠ ᠡᠮᠦᠨ᠎ᠡ᠂ ᠡᠯ᠎ᠡ ᠠᠶᠢᠮᠠᠭ ᠬᠤᠲᠠ ᠨᠢ 2020 ᠣᠨ ᠵᠢᠴᠢ ᠲᠡᠭᠦᠨ ᠠᠴᠠ ᠡᠮᠦᠨᠡᠬᠢ ᠣᠨ ᠳᠤ ᠥᠷᠢᠲᠦᠵᠦ ᠪᠠᠶᠢᠭᠰᠠᠨ ᠬᠤᠭᠤᠴᠠᠭ᠎ᠠ ᠨᠢ ᠲᠤᠯᠤᠭᠠᠳ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠪᠠ ᠬᠦᠦ ᠮᠥᠩᠭᠦ ᠵᠢᠴᠢ ᠲᠠᠷᠬᠠᠭᠠᠭᠰᠠᠨ ᠵᠠᠷᠤᠳᠠᠯ ᠢᠶᠠᠨ ᠪᠦᠬᠦᠨ ᠢ ᠥᠪᠡᠷᠲᠡᠭᠡᠨ ᠵᠠᠰᠠᠬᠤ ᠣᠷᠣᠨ ᠳᠤ ᠪᠤᠴᠠᠭᠠᠨ ᠥᠭᠬᠦ ᠬᠡᠷᠡᠭᠲᠡᠢ᠂ ᠬᠤᠭᠤᠴᠠᠭ᠎ᠠ ᠨᠢ ᠥᠩᠭᠡᠷᠡᠭᠰᠡᠨ ᠪᠠᠶᠢᠲᠠᠯ᠎ᠠ ᠪᠤᠴᠠᠭᠠᠬᠤ ᠦᠭᠡᠶ ᠪᠠᠶᠢᠭ᠎ᠠ ᠠᠶᠢᠮᠠᠭ ᠬᠤᠲᠠ ᠶᠢ ᠥᠪᠡᠷᠲᠡᠭᠡᠨ ᠵᠠᠰᠠᠬᠤ ᠣᠷᠣᠨ ᠠᠴᠠ ᠬᠤᠭᠤᠴᠠᠭ᠎ᠠ ᠨᠢ ᠥᠩᠭᠡᠷᠡᠭᠰᠡᠨ ᠡᠳᠦᠷ ᠤᠨ ᠲᠤᠭ᠎ᠠ ᠪᠠᠷ ᠲᠣᠷᠭᠠᠬᠤ ᠬᠦᠦ ᠮᠥᠩᠭᠦ ᠶᠢ ᠨᠢ ᠪᠣᠳᠣᠬᠤ ᠶᠢᠨ ᠬᠠᠮᠲᠤ᠂ ᠥᠷᠢᠲᠦᠵᠦ ᠪᠠᠶᠢᠭ᠎ᠠ ᠲᠤᠭ᠎ᠠ ᠪᠠ ᠲᠣᠷᠭᠠᠬᠤ ᠬᠦᠦ ᠮᠥᠩᠭᠦ ᠶᠢ ᠨᠢ ᠬᠤᠶᠢᠰᠢᠳᠠ ᠶᠢᠨ ᠡᠳᠦᠷ ᠲᠤᠲᠤᠮ ᠤᠨ ᠪᠡᠯᠡ ᠮᠦᠩᠬᠦᠨ ᠤ ᠲᠣᠬᠢᠷᠠᠭᠤᠯᠤᠯᠲᠠ ᠬᠢᠬᠦ ᠳᠤ ᠰᠠᠭᠤᠯᠭᠠᠨ ᠬᠠᠰᠤᠨ᠎ᠠ᠃ 2021 ᠣᠨ ᠠᠴᠠ ᠬᠤᠶᠢᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠯ᠎ᠡ ᠠᠶᠢᠮᠠᠭ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠬᠤᠭᠤᠴᠠᠭ᠎ᠠ ᠨᠢ ᠲᠤᠯᠤᠭᠰᠠᠨ ᠡᠬᠡ ᠮᠥᠩᠭᠦ ᠪᠠ ᠬᠦᠤ ᠮᠥᠩᠭᠦᠨ ᠤ ᠪᠠᠶᠢᠳᠠᠯ ᠢ ᠰᠠᠷ᠎ᠠ ᠪᠠᠷ ᠦᠨᠳᠦᠰᠦᠯᠡᠨ ᠬᠠᠮᠢᠶ᠎ᠠ ᠪᠦᠬᠦᠶ ᠠᠶᠢᠮᠠᠭ ᠬᠤᠲᠠ ᠯᠤᠭ᠎ᠠ ᠬᠠᠷᠭᠤᠭᠤᠯᠤᠭᠠᠳ ᠲᠠᠰᠢᠶ᠎ᠠ ᠪᠤᠷᠤᠭᠤ ᠦᠭᠡᠶ ᠪᠣᠯᠣᠭᠰᠠᠨ ᠤ ᠳᠠᠷᠠᠭ᠎ᠠ᠂ ᠡᠳᠦᠷ ᠲᠤᠲᠤᠮ ᠤᠨ ᠪᠡᠯᠡ ᠮᠦᠩᠬᠦᠨ ᠤ ᠲᠣᠬᠢᠷᠠᠭᠤᠯᠤᠯᠲᠠ ᠬᠢᠬᠦ ᠳᠤ ᠰᠠᠭᠤᠯᠭᠠᠨ ᠬᠠᠰᠤᠵᠤ᠂ ᠡᠯ᠎ᠡ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠥᠪᠡᠷᠲᠡᠭᠡᠨ ᠵᠠᠰᠠᠬᠤ ᠣᠷᠣᠨ ᠤ ᠬᠤᠭᠤᠴᠠᠭ᠎ᠠ ᠨᠢ ᠲᠤᠯᠤᠭᠰᠠᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠪᠠ ᠬᠦᠤ ᠮᠥᠩᠭᠦ ᠶᠢ ᠳᠠᠬᠢᠵᠤ ᠲᠤᠰᠢᠶᠠᠬᠤ ᠦᠭᠡᠢ᠃      ᠬᠤᠷᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠤᠨ ᠤ ᠡᠳ᠋ ᠤᠨ ᠵᠠᠰᠠᠭ ᠤᠨ ᠲᠢᠩᠬᠢᠮ ᠨᠢ ᠵᠢᠯ ᠪᠦᠷᠢ ᠶᠢᠨ 11 ᠳ᠋ᠦ᠋ᠭᠡᠷ ᠰᠠᠷ᠎ᠠ ᠳᠤ ᠢᠷᠡᠬᠦ ᠵᠢᠯ ᠤᠨ ᠪᠦᠬᠦ ᠣᠷᠤᠨ ᠤ ᠦᠯᠡᠳᠡᠭᠡᠯ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠪᠠ ᠬᠦᠦ ᠮᠥᠩᠭᠦ ᠶᠢ ᠪᠤᠴᠠᠭᠠᠵᠤ ᠲᠥᠯᠥᠬᠦ ᠲᠥᠯᠦᠪᠯᠡᠭᠡ ᠪᠠᠨ ᠪᠠᠭᠤᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠠᠯᠠᠭ᠎ᠠ ᠮᠥᠴᠢᠷ ︵ᠨᠢᠭᠡᠴᠢ︶ ᠪᠠ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠬᠡ ᠮᠥᠩᠭᠦ ᠪᠠ ᠬᠦᠦ ᠮᠥᠩᠭᠦ ᠶᠢ ᠪᠤᠴᠠᠭᠠᠵᠤ ᠲᠥᠯᠥᠬᠦ ᠪᠡᠯᠡ ᠮᠥᠩᠭᠦ ᠴᠤᠭᠯᠠᠭᠤᠯᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠪᠠ ᠬᠦᠦ ᠮᠥᠩᠭᠦ ᠶᠢ ᠪᠤᠴᠠᠭᠠᠵᠤ ᠲᠥᠯᠥᠬᠦ ᠪᠡᠯᠡ ᠮᠥᠩᠭᠦ ᠪᠠᠨ ᠲᠤᠰ ᠵᠢᠯ ᠤᠨ ᠲᠥᠰᠦᠪ ᠤᠨ ᠲᠣᠬᠢᠷᠠᠭᠤᠯᠤᠯᠲᠠ ᠳᠤ ᠭᠦᠢᠴᠡᠳ ᠣᠷᠣᠭᠤᠯᠬᠤ ᠶᠢᠨ ᠬᠠᠮᠲᠤ᠂ ᠲᠥᠰᠦᠪ ᠤᠨ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠶ᠃ ᠦᠪᠡᠷ ᠢᠶᠠᠨ ᠲᠡᠩᠴᠡᠭᠦᠯᠬᠦ ᠲᠥᠷᠥᠯ ᠵᠦᠢᠯ ᠯᠦᠭᠡ ᠵᠣᠬᠢᠴᠠᠭᠰᠠᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠦᠩᠬᠦᠨ ᠤ ᠣᠷᠣᠯᠭ᠎ᠠ ᠪᠠ ᠲᠤᠰᠬᠠᠶ ᠵᠢᠭᠡᠯᠡᠯᠭᠡ ᠶᠢᠨ ᠲᠡᠮᠳᠡᠭᠲᠦ ᠶᠢ ᠪᠤᠴᠠᠭᠠᠵᠤ ᠲᠥᠯᠥᠬᠦ ᠳᠤ ᠬᠡᠷᠡᠭᠯᠡᠬᠦ ᠲᠤᠰᠬᠠᠶ ᠣᠷᠣᠯᠭ᠎ᠠ ᠶᠢ ᠤᠯᠤᠰ ᠤᠨ ᠬᠥᠮᠥᠷᠭᠡ ᠳᠤ ᠴᠠᠭ ᠲᠤᠬᠠᠶ ᠳᠤ ᠨᠢ ᠭᠦᠢᠴᠡᠳ ᠲᠤᠰᠢᠶᠠᠵᠤ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠦᠩᠬᠦᠨ ᠤ ᠲᠥᠰᠦᠪ ᠤᠨ ᠬᠠᠮᠢᠶᠠᠷᠤᠯᠲᠠ ᠳᠤ ᠣᠷᠣᠭᠤᠯᠤᠨ᠂ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠪᠠ ᠬᠦᠦ ᠮᠥᠩᠭᠦ ᠶᠢ ᠪᠤᠴᠠᠭᠠᠵᠤ ᠲᠥᠯᠥᠬᠦ ᠪᠡᠯᠡ ᠮᠥᠩᠭᠦᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠳᠠᠬᠢᠨᠲᠠ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠨᠥᠬᠦᠴᠡᠯ ᠳᠤ ᠨᠡᠶᠢᠴᠡᠵᠦ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠠᠯᠠᠭ᠎ᠠ ᠮᠥᠴᠢᠷ ︵ᠨᠢᠭᠡᠴᠢ︶ ᠪᠠ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠢᠷᠡᠬᠦ ᠵᠢᠯ ᠤᠨ ᠳᠠᠬᠢᠨᠲᠠ ᠪᠡᠯᠡ ᠲᠣᠬᠢᠷᠠᠭᠤᠯᠬᠤ ᠲᠥᠯᠥᠪᠯᠡᠭᠡ ᠪᠠᠨ ᠵᠢᠯ ᠪᠦᠷᠢ ᠶᠢᠨ 10 ᠳ᠋ᠤᠭᠠᠷ ᠰᠠᠷ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠃      ᠡᠯ᠎ᠡ ᠭᠠᠵᠠᠷ ᠣᠷᠣᠨ ᠨᠢ ᠬᠢᠵᠠᠭᠠᠷᠯᠠᠵᠤ ᠪᠠᠶᠢᠭ᠎ᠠ ᠬᠡᠮᠵᠢᠶᠡᠨ ᠳᠠᠬᠢ ᠵᠠᠰᠠᠭ ᠤᠨ ᠣᠷᠳᠣᠨ ᠤ ᠥᠷᠢ ᠥᠭᠴᠡᠭᠡ ᠶᠢ ᠴᠢᠩᠭ᠎ᠠ ᠡᠵᠡᠮᠳᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢᠶᠠᠨ ᠴᠢᠩᠭᠠᠳᠬᠠᠬᠤ ᠬᠡᠷᠡᠭᠲᠡᠶ᠃ ᠵᠣᠬᠢᠬᠤ ᠬᠠᠷᠢᠴᠠᠯ ᠤᠨ ᠪᠡᠯᠡ ᠮᠥᠩᠭᠦ ᠲᠣᠬᠢᠷᠠᠭᠤᠯᠵᠤ ᠪᠠᠶᠢᠭᠠᠳ ᠬᠤᠭᠤᠴᠠᠭ᠎ᠠ ᠨᠢ ᠲᠤᠯᠤᠭᠰᠠᠨ ᠡᠬᠡ ᠮᠥᠩᠭᠦ ᠶᠢ ᠪᠤᠴᠠᠭᠠᠵᠤ ᠥᠭᠬᠦ ᠳᠤ ᠬᠡᠷᠡᠭᠯᠡᠬᠦ ᠬᠡᠷᠡᠭᠲᠡᠶ᠂ ᠵᠠᠷᠴᠢᠮ ᠳᠡᠭᠡᠷ᠎ᠡ ᠪᠠᠨ ᠳᠠᠬᠢᠨᠲᠠ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢ ᠪᠦᠬᠦ ᠲᠤᠭ᠎ᠠ ᠪᠠᠷ ᠨᠢ ᠲᠠᠷᠬᠠᠭᠠᠵᠤ ᠪᠣᠯᠬᠤ ᠦᠭᠡᠶ᠃      ᠬᠤᠷᠢᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠤᠨ ᠤ ᠲᠤᠰ ᠱᠠᠲᠤᠨ ᠤ ᠰᠠᠯᠠᠭ᠎ᠠ ᠮᠥᠴᠢᠷ ︵ᠨᠢᠭᠡᠴᠢ︶ ᠨᠢ ᠡᠬᠡ ᠮᠥᠩᠭᠦ ᠪᠠ ᠬᠦᠦ ᠮᠥᠩᠭᠦ ᠶᠢ ᠪᠤᠴᠠᠭᠠᠵᠤ ᠲᠥᠯᠥᠬᠦ ᠶᠢᠨ ᠡᠮᠦᠨᠡᠬᠢ 5 ᠠᠵᠢᠯᠯᠠᠬᠤ ᠡᠳᠦᠷ ᠠᠴᠠ ᠡᠮᠦᠨ᠎ᠡ ᠡᠬᠡ ᠮᠥᠩᠭᠦ ᠪᠠ ᠬᠦᠦ ᠮᠥᠩᠭᠦ ᠶᠢ ᠪᠤᠴᠠᠭᠠᠵᠤ ᠲᠥᠯᠥᠬᠦ ᠪᠡᠯᠡ ᠮᠥᠩᠭᠦ ᠪᠠᠨ ᠥᠪᠡᠷᠲᠡᠭᠡᠨ ᠵᠠᠰᠠᠬᠤ ᠣᠷᠤᠨ ᠤ ᠤᠯᠤᠰ ᠤᠨ ᠬᠥᠮᠦᠷᠭᠡ ᠳᠤ ᠭᠦᠢᠴᠡᠳ ᠲᠤᠰᠢᠶᠠᠵᠤ᠂ ᠡᠨᠡ ᠬᠦ ᠲᠤᠰᠢᠶᠠᠭᠰᠠᠨ ᠮᠡᠳᠡᠭᠡ ᠵᠠᠩᠭᠢ ᠪᠠᠨ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ ᠤ ᠵᠢᠭᠡᠯᠡᠯᠭᠡ ᠶᠢᠨ ᠲᠡᠮᠳᠡᠭᠲᠦ ᠶᠢᠨ ᠬᠠᠮᠢᠶᠠᠷᠤᠯᠲᠠ ᠶᠢᠨ ᠰᠢᠰᠲ᠋ᠧᠮ︾ ᠳᠤ ᠴᠠᠭ ᠲᠤᠬᠠᠢ ᠳᠤ ᠨᠢ ᠪᠢᠴᠢᠵᠦ ᠣᠷᠤᠭᠤᠯᠬᠤ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠡᠳᠦᠷ ᠲᠤᠲᠤᠮ ᠤᠨ ᠪᠡᠯᠡ ᠮᠥᠩᠭᠦᠨ ᠤ ᠲᠣᠬᠢᠷᠠᠭᠤᠯᠤᠯᠲᠠ ᠬᠢᠬᠦ ᠳᠤ ᠪᠠᠨ ᠪᠤᠴᠠᠭᠠᠪᠠᠰᠤ ᠵᠣᠬᠢᠬᠤ ᠡᠬᠡ ᠮᠥᠩᠭᠦ ᠪᠠ ᠬᠦᠦ ᠮᠥᠩᠭᠦ ᠶᠢ ᠨᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠰᠠᠭᠤᠯᠭᠠᠨ ᠪᠤᠴᠠᠭᠠᠬᠤ ᠠᠷᠭ᠎ᠠ ᠶᠢ ᠬᠡᠷᠡᠭᠯᠡᠬᠦ ᠮᠥᠷᠲᠡᠭᠡᠨ ᠲᠤᠰᠢᠶᠠᠵᠤ ᠥᠭᠭᠦᠭᠰᠡᠨ ᠮᠡᠳᠡᠭᠡ ᠵᠠᠩᠭᠢ ᠪᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠬᠠᠮᠢᠶᠠᠷᠤᠯᠲᠠ ᠶᠢᠨ ᠰᠢᠰᠲ᠋ᠧᠮ︾ ᠳᠤ ᠴᠠᠭ ᠲᠤᠬᠠᠶ ᠳᠤ ᠨᠢ ᠪᠢᠴᠢᠵᠦ ᠣᠷᠣᠭᠤᠯᠬᠤ ᠬᠡᠷᠡᠭᠲᠡᠶ᠃ ᠵᠣᠭᠤᠰ ᠪᠤᠴᠠᠭᠠᠬᠤ ᠬᠤᠭᠤᠴᠠᠭ᠎ᠠ᠂ ᠬᠦᠦ ᠮᠥᠩᠭᠦᠨ ᠤ ᠨᠣᠷᠮ᠎ᠠ᠂ ᠬᠦᠦ ᠮᠥᠩᠭᠦ ᠶᠢ ᠪᠣᠳᠣᠬᠤ ᠡᠳᠦᠷ᠂ ᠬᠦᠦ ᠮᠥᠩᠭᠦ ᠶᠢ ᠲᠥᠯᠥᠬᠦ ᠡᠳᠦᠷ ᠢ ᠨᠢ ᠳᠠᠮᠵᠢᠭᠤᠯᠤᠨ ᠵᠢᠭᠡᠯᠡᠭᠦᠯᠬᠦ ᠵᠥᠪᠯᠡᠯᠴᠡᠭᠡᠷ ᠤᠨ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃      ᠬᠤᠷᠢᠨ ᠨᠠᠢᠮᠠᠳᠣᠭᠠᠷ ᠵᠦᠢᠯ 2020 ᠣᠨ ᠵᠢᠴᠢ ᠥᠩᠭᠡᠷᠡᠭᠰᠡᠨ ᠣᠨ ᠳᠤ ᠥᠪᠡᠷᠲᠡᠭᠡᠨ ᠵᠠᠰᠠᠬᠤ ᠣᠷᠤᠨ ᠤ ᠲᠤᠰ ᠱᠠᠲᠤᠨ ᠤ ᠰᠠᠯᠠᠭ᠎ᠠ ᠮᠥᠴᠢᠷ ︵ᠨᠢᠭᠡᠴᠢ︶ ᠪᠠ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠬᠡ ᠮᠥᠩᠭᠦ ᠪᠠ ᠬᠦᠦ ᠮᠥᠩᠭᠦ ᠶᠢ ᠲᠣᠭᠲᠠᠭᠰᠠᠨ ᠬᠤᠭᠤᠴᠠᠭ᠎ᠠ ᠶᠣᠰᠣᠭᠠᠷ ᠭᠦᠢᠴᠡᠳ ᠲᠤᠭ᠎ᠠ ᠪᠠᠷ ᠪᠤᠴᠠᠭᠠᠵᠤ ᠲᠥᠯᠥᠭᠰᠡᠨ ᠦᠭᠡᠢ ᠪᠣᠯ᠂ ᠬᠤᠭᠤᠴᠠᠭ᠎ᠠ ᠬᠡᠲᠦᠷᠡᠭᠰᠡᠨ ᠠᠴᠠ ᠪᠤᠯᠵᠦ ᠲᠤᠰᠢᠶᠠᠬᠤ ᠶᠤᠰᠣᠳᠠᠢ ᠲᠤᠭ᠎ᠠ ᠪᠠ ᠬᠤᠭᠤᠴᠠᠭ᠎ᠠ ᠬᠡᠲᠦᠷᠡᠭᠰᠡᠨ ᠡᠳᠦᠷ ᠤᠨ ᠲᠣᠭᠠᠨ ᠤ ᠬᠤᠶᠠᠷ ᠳᠠᠬᠢᠨ ᠢᠶᠠᠷ ᠬᠦᠦ ᠮᠥᠩᠭᠦ ᠲᠣᠷᠭᠠᠬᠤ ᠨᠣᠷᠮ᠎ᠠ ᠶᠢ ᠪᠣᠳᠤᠨ᠎ᠠ᠃ ᠲᠣᠷᠭᠠᠬᠤ ᠬᠦᠦ ᠮᠥᠩᠭᠦᠨ ᠤ ᠵᠣᠭᠤᠰᠤᠨ ᠤ ᠲᠤᠭ᠎ᠠ ᠶᠢ ᠪᠣᠳᠣᠬᠤ ᠳᠤ ᠡᠳ᠋ ᠤᠨ ᠵᠠᠰᠠᠭ ᠤᠨ ᠶᠠᠮᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ ᠵᠣᠭᠤᠰ ᠥᠭᠬᠦ ᠬᠤᠯᠪᠣᠭᠳᠠᠯ ᠪᠦᠬᠦᠢ ᠠᠷᠭ᠎ᠠ ᠶᠢ ᠦᠨᠳᠦᠰᠦᠯᠡᠨ ᠲᠣᠭᠲᠠᠭᠠᠨ᠎ᠠ᠂ ᠲᠣᠷᠭᠠᠬᠤ ᠬᠦᠦ ᠮᠥᠩᠭᠦ ᠶᠢ ᠪᠣᠳᠣᠬᠤ ᠲᠣᠮᠢᠶ᠎ᠠ᠄      ᠲᠣᠷᠭᠠᠬᠤ ᠬᠦᠦ ᠮᠥᠩᠭᠦ = ᠬᠤᠭᠤᠴᠠᠭ᠎ᠠ ᠬᠡᠲᠦᠷᠡᠭᠰᠡᠨ ᠠᠴᠠ ᠪᠤᠯᠵᠦ ᠲᠤᠰᠢᠶᠠᠬᠤ ᠶᠤᠰᠣᠳᠠᠢ ᠲᠤᠭ᠎ᠠ × ︵ᠲᠡᠮᠳᠡᠭᠲᠦ ᠳᠠᠬᠢ ᠬᠦᠦ ᠮᠥᠩᠭᠦᠨ ᠤ ᠨᠣᠷᠮ᠎ᠠ × 2÷ ᠣᠳᠣᠬᠠᠨ ᠤ ᠬᠦᠦ ᠮᠥᠩᠭᠦ ᠪᠣᠳᠣᠬᠤ ᠣᠨ ᠳᠠᠬᠢ ᠪᠣᠳᠠᠲᠠᠶ ᠡᠳᠦᠷ ᠤᠨ ᠲᠤᠭ᠎ᠠ︶ × ᠬᠤᠭᠤᠴᠠᠭ᠎ᠠ ᠬᠡᠲᠦᠷᠡᠭᠰᠡᠨ ᠡᠳᠦᠷ ᠤᠨ ᠲᠤᠭ᠎ᠠ      ᠬᠤᠷᠢ ᠶᠢᠰᠦᠳᠦᠭᠡᠷ ᠵᠦᠢᠯ 2020 ᠣᠨ ᠠᠴᠠ ᠡᠮᠦᠨ᠎ᠡ ᠬᠤᠭᠤᠴᠠᠭ᠎ᠠ ᠨᠢ ᠲᠤᠯᠤᠭᠰᠠᠨ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠪᠠ ᠬᠦᠦ ᠮᠥᠩᠭᠦ ᠶᠢ ᠬᠤᠭᠤᠴᠠᠭ᠎ᠠ ᠶᠣᠰᠣᠭᠠᠷ ᠭᠦᠢᠴᠡᠳ ᠲᠤᠭ᠎ᠠ ᠪᠠᠷ ᠨᠢ ᠲᠥᠯᠥᠵᠦ ᠳᠠᠭᠤᠰᠬᠠᠭᠰᠠᠨ ᠦᠭᠡᠢ ᠠᠶᠢᠮᠠᠭ ᠬᠤᠲᠠ ᠶᠢ ᠥᠪᠡᠷᠲᠡᠭᠡᠨ ᠵᠠᠰᠠᠬᠤ ᠣᠷᠤᠨ ᠤ ᠡᠳ᠋ ᠤᠨ ᠵᠠᠰᠠᠭ ᠤᠨ ᠲᠢᠩᠬᠢᠮ ᠰᠠᠭᠤᠯᠭᠠᠵᠤ ᠠᠪᠤᠭᠰᠠᠨ ᠵᠣᠭᠤᠰ ᠪᠠ ᠲᠣᠷᠭᠠᠭᠰᠠᠨ ᠬᠦᠦ ᠮᠥᠩᠭᠦᠨ ᠤ ᠪᠠᠶᠢᠳᠠᠯ ᠢ ᠨᠢ ᠪᠦᠬᠦ ᠣᠷᠤᠨ ᠳᠤ ᠨᠡᠪᠲᠡᠷᠡᠭᠦᠯᠦᠨ ᠮᠡᠳᠡᠭᠡᠯᠡᠬᠦ ᠶᠢᠨ ᠬᠠᠮᠲᠤ᠂ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠤᠨ ᠤ ᠭᠤᠣᠯ ᠤᠳᠤᠷᠢᠳᠤᠯᠭ᠎ᠠ ᠳᠤ ᠬᠠᠭᠤᠯᠤᠨ ᠢᠯᠡᠭᠡᠵᠦ᠂ ᠢᠷᠡᠬᠦ ᠵᠢᠯ ᠤᠨ ᠰᠢᠨ᠎ᠡ ᠨᠡᠮᠡᠭᠳᠡᠬᠦ ᠵᠢᠭᠡᠯᠡᠯᠭᠡ ᠶᠢᠨ ᠲᠡᠮᠳᠡᠭᠲᠦ ᠶᠢᠨ ᠲᠤᠭ᠎ᠠ ᠶᠢ ᠬᠤᠪᠢᠶᠠᠷᠢᠯᠠᠬᠤ ᠳᠤ ᠪᠠᠨ ᠬᠤᠯᠪᠤᠭᠳᠠᠯ ᠪᠦᠬᠦᠢ ᠪᠠᠶᠢᠳᠠᠯ ᠢ ᠦᠨᠳᠦᠰᠦᠯᠡᠨ ᠳᠡᠭᠡᠷ᠎ᠡ ᠵᠢᠯ ᠤᠨ ᠬᠤᠪᠢᠶᠠᠷᠢᠯᠠᠭᠰᠠᠨ ᠲᠣᠭᠠᠨ ᠤ ᠵᠣᠬᠢᠬᠤ ᠬᠠᠷᠢᠴᠠᠯ ᠢᠶᠠᠷ ᠨᠢ ᠰᠠᠭᠤᠯᠭᠠᠨ ᠬᠠᠰᠤᠵᠤ᠂ ᠡᠬᠡ ᠮᠥᠩᠭᠦ ᠪᠠ ᠬᠦᠦ ᠮᠥᠩᠭᠦ ᠶᠢ ᠴᠠᠭ ᠲᠤᠬᠠᠢ ᠳᠤ ᠨᠢ ᠭᠦᠢᠴᠡᠳ ᠪᠤᠴᠠᠭᠠᠵᠤ ᠲᠥᠯᠥᠭᠰᠡᠨ ᠠᠶᠢᠮᠠᠭ ᠬᠤᠲᠠ ᠳᠤ ᠬᠤᠪᠢᠶᠠᠷᠢᠯᠠᠬᠤ ᠲᠤᠭ᠎ᠠ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠬᠦ ᠬᠡᠷᠡᠭᠲᠡᠢ᠃      ᠳᠣᠯᠣᠳᠤᠭᠠᠷ ᠪᠦᠯᠦᠭ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ      ᠭᠤᠴᠢᠳᠤᠭᠠᠷ ᠵᠦᠢᠯ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠠ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠲᠥᠷᠥᠯ ᠵᠦᠢᠯ ᠤᠨ ᠬᠥᠮᠥᠷᠭᠡ ᠪᠠᠶᠢᠭᠤᠯᠬᠤ ᠪᠠ ᠲᠥᠷᠥᠯ ᠵᠦᠢᠯ ᠬᠡᠷᠡᠭᠵᠢᠭᠦᠯᠬᠦ ᠪᠦᠬᠦ ᠶᠠᠪᠤᠴᠠ ᠳᠤ ᠠᠭᠤᠰᠤᠯᠴᠠᠭᠤᠯᠵᠤ᠂ ᠠᠵᠢᠯ ᠶᠠᠪᠤᠳᠠᠯ ᠬᠢᠬᠦ ᠠᠴᠠ ᠪᠠᠨ ᠡᠮᠦᠨ᠎ᠡ ᠬᠠᠷᠠᠯᠲᠠ ᠲᠤᠨᠨᠳᠠᠭᠠᠨᠨᠰᠠᠨ᠂ ᠠᠵᠢᠯ ᠶᠠᠪᠤᠳᠠᠯ ᠤᠨ ᠶᠠᠪᠤᠴᠠ ᠳᠤ ᠪᠠᠨ ᠬᠢᠨᠠᠨ ᠡᠵᠡᠮᠳᠡᠭᠰᠡᠨ᠂ ᠠᠵᠢᠯ ᠶᠠᠪᠤᠳᠠᠯ ᠤᠨ ᠳᠠᠷᠠᠭ᠎ᠠ ᠦᠨᠡᠯᠡᠯᠲᠡ ᠬᠢᠭᠰᠡᠨ᠂ ᠦᠷ᠎ᠡ ᠳ᠋ᠦᠩ ᠢ ᠨᠢ ᠬᠡᠷᠡᠭᠯᠡᠵᠦ ᠪᠦᠬᠦᠢ ᠠᠮᠵᠢᠯᠲᠠ ᠪᠦᠲᠦᠮᠵᠢ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠮᠡᠳᠡᠭᠦᠯᠬᠦ ᠰᠠᠯᠠᠭ᠎ᠠ ᠮᠥᠴᠢᠷ ︵ᠨᠢᠭᠡᠴᠢ︶ ᠢ ᠰᠢᠮᠳᠠᠭᠤᠯᠵᠤ ᠪᠠᠶᠢᠭᠠᠳ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠬᠥᠮᠥᠷᠭᠡ ᠳᠤ ᠪᠢᠴᠢᠵᠦ ᠣᠷᠤᠭᠤᠯᠬᠤ ᠠᠵᠢᠯ ᠢ ᠬᠢᠬᠦ ᠳᠤ᠂ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠬᠡᠮᠵᠢᠶᠡᠵᠢᠭᠦᠯᠵᠦ ᠨᠠᠷᠢᠯᠢᠭᠵᠢᠭᠤᠯᠤᠭᠰᠠᠨ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠶᠢ ᠪᠦᠬᠦ ᠲᠠᠯ᠎ᠠ ᠪᠠᠷ ᠪᠠᠶᠢᠷᠢᠯᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠠᠮᠵᠢᠯᠲᠠ ᠪᠦᠲᠦᠮᠵᠢ ᠶᠢᠨ ᠬᠠᠷᠠᠯᠲᠠ ᠶᠢ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠳᠤ ᠲᠣᠬᠢᠷᠠᠭᠤᠯᠤᠯᠲᠠ ᠬᠢᠬᠦ ᠤᠷᠢᠳᠠᠴᠢ ᠨᠥᠬᠦᠴᠡᠯ ᠪᠠ ᠵᠠᠪᠠᠯ ᠪᠦᠷᠢᠯᠳᠦᠭᠦᠯᠬᠦ ᠠᠭᠤᠯᠭ᠎ᠠ ᠪᠣᠯᠭᠠᠬᠤ ᠬᠡᠷᠡᠭᠲᠡᠶ᠃      ︵ᠨᠢᠭᠡ︶ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠡᠷᠡᠭᠯᠡᠭᠰᠡᠨ ᠠᠮᠵᠢᠯᠲᠠ ᠪᠦᠲᠦᠮᠵᠢ ᠶᠢ ᠡᠳᠦᠷ ᠲᠤᠲᠤᠮ ᠤᠨ ᠬᠢᠨᠠᠨ ᠡᠵᠡᠮᠳᠡᠬᠦ ᠬᠡᠪᠴᠢᠶᠡᠨ ᠳᠤ ᠣᠷᠣᠭᠤᠯᠵᠤ᠂ ᠠᠮᠵᠢᠯᠲᠠ ᠪᠦᠲᠦᠮᠵᠢ ᠶᠢ ᠮᠥᠷᠳᠡᠵᠦ ᠬᠢᠨᠠᠨ ᠡᠵᠡᠮᠳᠡᠬᠦ ᠲᠣᠭᠲᠠᠴᠠ ᠶᠢ ᠪᠠᠶᠢᠭᠤᠯᠤᠨ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠨᠢ ᠰᠢᠮᠳᠠᠭᠤᠯᠵᠤ ᠪᠠᠶᠢᠭᠠᠳ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠠᠮᠵᠢᠯᠲᠠ ᠪᠦᠲᠦᠮᠵᠢ ᠶᠢᠨ ᠬᠠᠷᠠᠯᠲᠠ ᠪᠠᠨ ᠪᠡᠶᠡᠯᠡᠭᠦᠯᠦᠭᠰᠡᠨ ᠪᠠᠶᠢᠳᠠᠯ᠂ ᠲᠥᠷᠥᠯ ᠵᠦᠢᠯ ᠤᠨ ᠬᠡᠷᠡᠭᠵᠢᠭᠦᠯᠦᠭᠰᠡᠨ ᠠᠬᠢᠴᠠ ᠪᠠ ᠪᠡᠯᠡ ᠮᠥᠩᠭᠦᠨ ᠤ ᠵᠠᠷᠤᠴᠠᠭᠤᠯᠤᠭᠰᠠᠨ ᠠᠬᠢᠴᠠ ᠵᠡᠷᠭᠡ ᠬᠠᠮᠢᠶ᠎ᠡ ᠪᠦᠬᠦᠢ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠮᠡᠳᠡᠭᠦᠯᠦᠨ ᠬᠦᠷᠭᠡᠯᠭᠡᠬᠦ ᠶᠢᠨ ᠬᠠᠮᠲᠤ᠂ ᠡᠳᠦᠷ ᠲᠤᠲᠤᠮ ᠤᠨ ᠠᠮᠵᠢᠯᠲᠠ ᠪᠦᠲᠦᠮᠵᠢ ᠶᠢ ᠨᠢ ᠮᠥᠷᠳᠡᠭᠰᠡᠨ ᠪᠠᠶᠢᠳᠠᠯ ᠢᠶᠠᠨ ᠨᠡᠪᠲᠡᠷᠡᠭᠦᠯᠦᠨ ᠮᠡᠳᠡᠭᠡᠯᠡᠵᠦ᠂ ᠠᠮᠵᠢᠯᠲᠠ ᠪᠦᠲᠦᠮᠵᠢ ᠶᠢ ᠨᠢ ᠮᠥᠷᠳᠡᠵᠦ ᠬᠢᠨᠠᠨ ᠡᠵᠡᠮᠳᠡᠬᠦ ᠳᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤ ᠨᠢ ᠲᠤᠰᠬᠠᠵᠤ ᠵᠠᠯᠠᠷᠠᠭᠤᠯᠬᠤ ᠬᠡᠷᠡᠭᠲᠡᠢ᠃      ︵ᠬᠤᠶᠠᠷ︶ ᠡᠯ᠎ᠡ ᠱᠠᠲᠤᠨ ᠤ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠷᠢ ᠦᠭᠴᠡᠬᠡᠨ ᠤ ᠨᠢᠭᠡᠴᠢ ᠶᠢ ᠴᠠᠭ ᠲᠤ ᠨᠢ ᠲᠣᠬᠢᠷᠠᠭᠤᠯᠵᠤ ᠵᠣᠬᠢᠶᠠᠨ ᠪᠠᠶᠢᠭᠤᠯᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠦᠩᠬᠦᠨ ᠤ ᠠᠮᠵᠢᠯᠲᠠ ᠪᠦᠲᠦᠮᠵᠢ ᠳᠤ ᠥᠪᠡᠷᠰᠡᠳ ᠢᠶᠠᠨ ᠦᠨᠡᠯᠡᠯᠲᠡ ᠬᠢᠬᠦ ᠶᠢ ᠪᠦᠬᠦ ᠲᠠᠯ᠎ᠠ ᠪᠠᠷ ᠥᠷᠨᠢᠭᠦᠯᠦᠨ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠢᠯ ᠪᠦᠷᠢ ᠭᠤᠤᠯᠳᠠᠯᠭ᠎ᠠ ᠲᠠᠢ ᠲᠥᠷᠥᠯ ᠵᠦᠢᠯ ᠢ ᠰᠤᠭᠤᠴᠢᠨ ᠠᠪᠴᠤ ᠡᠳ᠋ ᠤᠨ ᠵᠠᠰᠠᠭ ᠤᠨ ᠭᠤᠤᠯᠳᠠᠯᠭ᠎ᠠ ᠲᠠᠢ ᠦᠨᠡᠯᠡᠯᠲᠡ ᠬᠢᠬᠦ ᠬᠡᠷᠡᠭᠲᠡᠶ᠃ ᠠᠮᠵᠢᠯᠲᠠ ᠪᠦᠲᠦᠮᠵᠢ ᠳᠤ ᠦᠨᠡᠯᠡᠯᠲᠡ ᠬᠢᠭᠰᠡᠨ ᠦᠷ᠎ᠡ ᠳ᠋ᠦᠩ ᠢ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠤᠪᠢᠶᠠᠷᠢᠯᠠᠬᠤ ᠲᠤᠭ᠎ᠠ ᠯᠤᠭ᠎ᠠ ᠬᠤᠯᠪᠣᠭᠳᠠᠭᠤᠯᠵᠤ᠂ ᠠᠮᠵᠢᠯᠲᠠ ᠪᠦᠲᠦᠮᠵᠢ ᠳᠤ ᠦᠨᠡᠯᠡᠯᠲᠡ ᠬᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢᠶᠠᠷ ᠨᠡᠯᠢᠶᠡᠳ ᠠᠨᠠᠶ ᠭᠠᠵᠠᠷ ᠣᠷᠣᠨ ᠪᠠ ᠰᠠᠯᠠᠭ᠎ᠠ ᠮᠥᠴᠢᠷ ︵ᠨᠢᠭᠡᠴᠢ︶ ᠳᠤ ᠵᠢᠭᠡᠯᠡᠯᠭᠡ ᠶᠢᠨ ᠲᠡᠮᠳᠡᠭᠲᠦ ᠬᠤᠪᠢᠶᠠᠷᠢᠯᠠᠬᠤ ᠦᠭᠡᠶ ᠪᠤᠶᠤ ᠳᠤᠲᠠᠭᠤ ᠬᠤᠪᠢᠶᠠᠷᠢᠯᠠᠬᠤ ᠶᠢᠨ ᠬᠠᠮᠲᠤ᠂ ᠪᠦᠬᠦ ᠣᠷᠣᠨ ᠳᠤ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃      ᠭᠤᠴᠢᠨ ᠨᠢᠭᠡᠳᠦᠭᠡᠷ ᠵᠦᠢᠯ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠡᠷᠡᠭᠯᠡᠯᠲᠡ ᠶᠢ ᠮᠥᠷᠳᠡᠨ ᠪᠠᠶᠢᠴᠠᠭᠠᠬᠤ ᠪᠠᠨ ᠴᠢᠩᠭᠠᠳᠬᠠᠵᠤ᠂ ᠲᠥᠰᠦᠪ ᠢ ᠬᠠᠮᠢᠶᠠᠷᠬᠤ᠂ ᠲᠥᠷᠥᠯ ᠵᠦᠢᠯ ᠤᠨ ᠬᠥᠮᠥᠷᠭᠡ ᠪᠠᠶᠢᠭᠤᠯᠬᠤ᠂ ᠲᠥᠷᠥᠯ ᠵᠦᠢᠯ ᠢ ᠲᠣᠬᠢᠷᠠᠭᠤᠯᠬᠤ ᠵᠢᠴᠢ ᠲᠥᠰᠦᠪ ᠤᠨ ᠲᠣᠬᠢᠷᠠᠭᠤᠯᠤᠯᠲᠠ ᠬᠢᠬᠦ᠂ ᠭᠦᠢᠴᠡᠳᠬᠡᠯ ᠲᠤᠭ᠎ᠠ ᠶᠢ ᠪᠠᠭᠤᠯᠭᠠᠬᠤ᠂ ᠪᠡᠯᠡ ᠮᠥᠩᠭᠦ ᠶᠢ ᠰᠠᠯᠭᠠᠨ ᠥᠭᠬᠦ᠂ ᠡᠬᠡ ᠮᠥᠩᠭᠦ ᠪᠠ ᠬᠦᠦ ᠮᠥᠩᠭᠦ ᠶᠢ ᠪᠤᠴᠠᠭᠠᠵᠤ ᠲᠥᠯᠥᠬᠦ᠂ ᠦᠯᠡᠳᠡᠭᠳᠡᠵᠦ ᠪᠠᠶᠢᠭ᠎ᠠ ᠶᠢ ᠬᠠᠷᠭᠤᠭᠤᠯᠵᠤ ᠠᠷᠢᠯᠭᠠᠬᠤ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠬᠢᠨᠠᠯᠲᠠ ᠲᠠᠯᠪᠢᠵᠤ ᠦᠨᠡᠯᠡᠯᠲᠡ ᠬᠢᠬᠦ ᠬᠡᠷᠡᠭᠲᠡᠶ᠃      ᠭᠤᠴᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠤᠨ ᠤ ᠡᠳ᠋ ᠤᠨ ᠵᠠᠰᠠᠭ ᠤᠨ ᠲᠢᠩᠬᠢᠮ ᠨᠢ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠬᠡᠷᠡᠭᠯᠡᠭᠰᠡᠨ ᠠᠬᠢᠴᠠ ᠶᠢ ᠣᠷᠤᠨ ᠨᠤᠲᠤᠭ ᠤᠨ ᠵᠠᠰᠠᠭ ᠤᠨ ᠣᠷᠳᠤᠨ ᠤ ᠥᠷᠢ ᠦᠭᠴᠡᠬᠡᠨ ᠤ ᠠᠮᠵᠢᠯᠲᠠ ᠪᠦᠲᠦᠮᠵᠢ ᠳᠤ ᠦᠨᠡᠯᠡᠯᠲᠡ ᠬᠢᠬᠦ ᠬᠡᠪᠴᠢᠶᠡᠨ ᠳᠤ ᠣᠷᠤᠭᠤᠯᠵᠤ᠂ ᠢᠷᠡᠬᠦ ᠵᠢᠯ ᠤᠨ ᠰᠢᠨ᠎ᠡ ᠨᠡᠮᠡᠭᠳᠡᠬᠦ ᠵᠢᠭᠡᠯᠡᠯᠭᠡ ᠶᠢᠨ ᠲᠡᠮᠳᠡᠭᠲᠦ ᠶᠢᠨ ᠬᠤᠪᠢᠶᠠᠷᠢᠯᠠᠬᠤ ᠲᠤᠭ᠎ᠠ ᠶᠢ ᠵᠢᠱᠢᠬᠦ ᠳᠤ ᠪᠠᠨ᠂ ᠳᠡᠭᠡᠷ᠎ᠡ ᠵᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠬᠡᠷᠡᠭᠯᠡᠭᠰᠡᠨ ᠠᠬᠢᠴᠠ ᠪᠠᠷ ᠤᠳᠠᠭᠠᠨ᠂ ᠦᠯᠡᠳᠡᠭᠡᠵᠤ ᠲᠠᠯᠪᠢᠭᠰᠠᠨ ᠪᠡᠯᠡ ᠮᠥᠩᠭᠦ ᠪᠠᠷ ᠶᠡᠭᠡ ᠪᠠᠶᠢᠭ᠎ᠠ ᠭᠠᠵᠠᠷ ᠣᠷᠤᠨ ᠤ ᠬᠢ ᠶᠢ 30% ᠰᠠᠭᠤᠯᠭᠠᠨ ᠬᠠᠰᠤᠬᠤ ᠶᠢᠨ ᠬᠠᠮᠲᠤ᠂ ᠰᠠᠭᠤᠯᠭᠠᠵᠤ ᠬᠠᠰᠤᠭᠰᠠᠨ ᠲᠤᠭ᠎ᠠ ᠪᠠᠷ ᠪᠡᠯᠡ ᠮᠥᠩᠭᠦ ᠬᠡᠷᠡᠭᠯᠡᠭᠰᠡᠨ ᠠᠬᠢᠴᠠ ᠨᠢ ᠨᠡᠯᠢᠶᠡᠳ ᠲᠦᠷᠭᠡᠨ ᠪᠠᠶᠢᠭ᠎ᠠ ᠭᠠᠵᠠᠷ ᠣᠷᠤᠨ ᠢ ᠱᠠᠩᠨᠠᠬᠤ ᠬᠡᠷᠡᠭᠲᠡᠢ᠃      ᠭᠤᠴᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠬᠡᠷᠡᠭᠯᠡᠭᠰᠡᠨ ᠪᠠᠶᠢᠪᠠᠯ ᠬᠢᠨᠠᠨ ᠪᠣᠳᠣᠬᠤ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠡᠷᠡᠭᠴᠡᠭᠡ ᠶᠢ ᠲᠣᠭᠲᠠᠭᠠᠯ ᠠᠴᠠ ᠵᠥᠷᠢᠴᠡᠵᠦ ᠬᠤᠪᠢᠷᠠᠭᠤᠯᠤᠭᠰᠠᠨ᠂ ᠲᠥᠰᠦᠪ ᠤᠨ ᠬᠠᠮᠢᠶᠠᠷᠤᠯᠲᠠ ᠶᠢ ᠲᠣᠭᠲᠠᠭᠠᠯ ᠶᠣᠰᠣᠭᠠᠷ ᠬᠡᠷᠡᠭᠵᠢᠭᠦᠯᠦᠭᠰᠡᠨ ᠦᠭᠡᠶ ᠵᠡᠷᠭᠡ ᠦᠢᠯᠡ ᠠᠵᠢᠯᠯᠠᠭ᠎ᠠ ᠲᠠᠢ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠨ ᠲᠣᠷᠭᠠᠵᠤ ᠰᠢᠢᠳᠬᠡᠯ ᠥᠭᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃      ᠨᠠᠢᠮᠠᠳᠣᠭᠠᠷ ᠪᠦᠯᠦᠭ ᠮᠡᠳᠡᠭᠡ ᠵᠠᠩᠭᠢ ᠶᠢ ᠢᠯᠡ ᠪᠠᠷ ᠨᠡᠶᠢᠲᠡᠯᠡᠬᠦ      ᠭᠤᠴᠢᠨ ᠳᠥᠷᠪᠡᠳᠦᠭᠡᠷ ᠵᠦᠢᠯ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠬᠡᠷᠡᠭᠯᠡᠭᠰᠡᠨ ᠰᠠᠯᠠᠭ᠎ᠠ ᠮᠥᠴᠢᠷ ︵ᠨᠢᠭᠡᠴᠢ︶ ᠨᠢ ᠵᠠᠰᠠᠭ ᠤᠨ ᠣᠷᠳᠤᠨ ᠤ ᠲᠥᠰᠦᠪ ᠪᠠ ᠲᠥᠰᠦᠪ ᠤᠨ ᠭᠦᠢᠴᠡᠳᠭᠡᠯ ᠢ ᠢᠯᠡ ᠪᠣᠯᠭᠠᠬᠤ᠂ ᠵᠠᠰᠠᠭ ᠤᠨ ᠣᠷᠳᠤᠨ ᠤ ᠥᠷᠢ ᠦᠭᠴᠡᠬᠡᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠬᠠᠢ ᠡᠳ᠋ ᠤᠨ ᠵᠠᠰᠠᠭ ᠤᠨ ᠶᠠᠮᠤᠨ ᠪᠠ ᠥᠪᠡᠷᠲᠡᠭᠡᠨ ᠵᠠᠰᠠᠬᠤ ᠣᠷᠤᠨ ᠤ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠢᠯᠡ ᠪᠣᠯᠭᠠᠬᠤ ᠪᠠᠷ ᠵᠢᠷᠤᠮᠵᠢᠭᠤᠯᠬᠤ ᠪᠠᠨ ᠠᠬᠢᠭᠤᠯᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠵᠤ᠂ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠣᠷᠤᠨ ᠨᠤᠲᠤᠭ ᠤᠨ ᠵᠠᠰᠠᠭ ᠤᠨ ᠣᠷᠳᠤᠨ ᠤ ᠥᠷᠢ ᠥᠭᠴᠡᠭᠡ ᠶᠢᠨ ᠮᠡᠳᠡᠭᠡ ᠵᠠᠩᠭᠢ ᠶᠢᠨ ᠢᠯᠡ ᠲᠣᠳᠤ ᠪᠠᠶᠢᠯᠭᠠᠬᠤ ᠬᠡᠮᠵᠢᠶ᠎ᠡ ᠶᠢ ᠴᠢᠩᠭᠠᠷᠠᠭᠤᠯᠬᠤ ᠬᠡᠷᠡᠭᠲᠡᠢ᠃      ᠭᠤᠴᠢᠨ ᠲᠠᠪᠤᠳᠤᠭᠠᠷ ᠵᠦᠢᠯ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠬᠡᠷᠡᠭᠯᠡᠭᠰᠡᠨ ᠰᠠᠯᠠᠭ᠎ᠠ ᠮᠥᠴᠢᠷ ︵ᠨᠢᠭᠡᠴᠢ︶ ᠨᠢ ︽ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠦᠭᠴᠡᠬᠡᠨ ᠤ ᠬᠠᠮᠢᠶᠠᠷᠤᠯᠲᠠ ᠶᠢᠨ ᠰᠢᠰᠲ᠋ᠧᠮ︾ ᠳᠤ ᠬᠠᠮᠢᠶ᠎ᠠ ᠪᠦᠬᠦᠢ ᠵᠢᠭᠡᠯᠡᠯᠭᠡ ᠶᠢᠨ ᠲᠡᠮᠳᠡᠭᠲᠦ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠪᠢᠴᠢᠵᠦ ᠣᠷᠣᠭᠤᠯᠤᠨ᠂ ᠢᠯᠡ ᠪᠣᠯᠭᠠᠬᠤ ᠡᠯ᠎ᠡ ᠵᠦᠢᠯ ᠤᠨ ᠮᠡᠳᠡᠭᠡ ᠵᠠᠩᠭᠢ ᠶᠢᠨ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠬᠠᠷᠭᠤᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠨᠡᠪᠲᠡᠷᠡᠭᠦᠯᠦᠨ ᠮᠡᠳᠡᠭᠡᠯᠡᠬᠦ ᠳᠦᠷᠢᠮ ᠢ ᠪᠠᠶᠢᠭᠤᠯᠬᠤ ᠬᠡᠷᠡᠭᠲᠡᠶ᠃      ᠭᠤᠴᠢᠨ ᠵᠢᠷᠭᠤᠳᠤᠭᠠᠷ ᠵᠦᠢᠯ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠬᠠᠳᠠᠭᠠᠯᠠᠮᠵᠢ ᠶᠢᠨ ᠤᠷᠲᠤᠳᠬᠠᠭᠰᠠᠨ ᠬᠤᠭᠤᠴᠠᠭᠠᠨ ᠳᠤ ᠡᠩ ᠤᠨ ᠵᠢᠭᠡᠯᠡᠯᠭᠡ ᠶᠢᠨ ᠲᠡᠮᠳᠡᠭᠲᠦ ᠶᠢ ᠪᠤᠴᠠᠭᠠᠵᠤ ᠲᠥᠯᠥᠬᠦ ᠶᠢ ᠨᠢ ᠨᠥᠯᠥᠭᠡᠯᠡᠵᠦ ᠮᠡᠳᠡᠬᠦ ᠴᠢᠬᠤᠯᠠ ᠤᠴᠢᠷ ᠭᠠᠷᠤᠭᠰᠠᠨ᠂ ᠡᠰᠡᠬᠦᠯ᠎ᠡ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠬᠠᠳᠠᠭᠠᠯᠠᠮᠵᠢ ᠶᠢᠨ ᠤᠷᠲᠤᠳᠬᠠᠭᠰᠠᠨ ᠬᠤᠭᠤᠴᠠᠭᠠᠨ ᠳᠠᠬᠢ ᠵᠣᠬᠢᠴᠠᠭᠰᠠᠨ ᠲᠥᠷᠥᠯ ᠵᠦᠢᠯ ᠳᠤ ᠠᠰᠢᠭ ᠣᠯᠵᠠᠪᠤᠷᠢ ᠬᠢᠭᠡᠳ ᠪᠡᠯᠡ ᠲᠣᠬᠢᠷᠠᠭᠤᠯᠭ᠎ᠠ ᠶᠢ ᠲᠡᠩᠴᠡᠭᠦᠷᠢᠰᠢᠭᠦᠯᠬᠦ ᠴᠢᠳᠠᠪᠤᠷᠢ ᠶᠢ ᠨᠢ ᠨᠥᠯᠥᠭᠡᠯᠡᠵᠦ ᠮᠡᠳᠡᠬᠦ ᠴᠢᠬᠤᠯᠠ ᠶᠡᠭᠡ ᠤᠴᠢᠷ ᠭᠠᠷᠤᠭᠰᠠᠨ ᠪᠠᠶᠢᠪᠠᠯ᠂ ᠵᠢᠭᠡᠯᠡᠯᠭᠡ ᠶᠢᠨ ᠲᠡᠮᠳᠡᠭᠲᠦ ᠬᠡᠷᠡᠭᠯᠡᠭᠰᠡᠨ ᠰᠠᠯᠠᠭ᠎ᠠ ᠮᠥᠴᠢᠷ ︵ᠨᠢᠭᠡᠴᠢ︶ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠦᠬᠦᠵᠦ ᠵᠠᠰᠠᠬᠤ ᠠᠷᠭ᠎ᠠ ᠬᠡᠮᠵᠢᠶ᠎ᠡ ᠳᠤᠷᠠᠳᠴᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠠᠯᠪᠠᠨ ᠵᠠᠷ ᠪᠤᠶᠤ ᠵᠣᠬᠢᠰᠲᠠᠢ ᠠᠷᠭ᠎ᠠ ᠬᠡᠯᠪᠡᠷᠢ ᠪᠠᠷ ᠵᠢᠭᠡᠯᠡᠯᠭᠡ ᠶᠢᠨ ᠲᠡᠮᠳᠡᠭᠲᠦ ᠡᠵᠡᠮᠳᠡᠭᠴᠢᠳ ᠲᠤ ᠮᠡᠳᠡᠭᠳᠡᠬᠦ ᠬᠡᠷᠡᠭᠲᠡᠢ᠃      ᠭᠤᠴᠢᠨ ᠳᠣᠯᠣᠳᠤᠭᠠᠷ ᠵᠦᠢᠯ ᠵᠢᠭᠡᠯᠡᠯᠭᠡ ᠶᠢᠨ ᠲᠡᠮᠳᠡᠭᠲᠦ ᠶᠢᠨ ᠬᠠᠳᠠᠭᠠᠯᠠᠮᠵᠢ ᠶᠢᠨ ᠤᠷᠲᠤᠳᠬᠠᠭᠰᠠᠨ ᠬᠤᠭᠤᠴᠠᠭᠠᠨ ᠳᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦᠨ ᠤ ᠬᠡᠷᠡᠭᠴᠡᠭᠡ ᠪᠠ ᠲᠥᠷᠥᠯ ᠵᠦᠢᠯ ᠳᠤ ᠦᠨᠡᠨ ᠬᠦ ᠲᠣᠬᠢᠷᠠᠭᠤᠯᠤᠯᠲᠠ ᠬᠢᠬᠦ ᠴᠢᠬᠤᠯᠠᠲᠠᠶ ᠪᠣᠯ᠂ ᠲᠣᠭᠲᠠᠭᠠᠯ ᠶᠣᠰᠣᠭᠠᠷ ᠬᠠᠮᠢᠶ᠎ᠠ ᠪᠦᠬᠦᠢ ᠳᠡᠰ ᠳᠠᠷᠠᠭᠠᠯᠠᠯ ᠢ ᠭᠦᠢᠴᠡᠳᠬᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠠᠯᠪᠠᠨ ᠵᠠᠷ ᠪᠤᠶᠤ ᠵᠣᠬᠢᠰᠲᠠᠶ ᠠᠷᠭ᠎ᠠ ᠬᠡᠯᠪᠡᠷᠢ ᠪᠠᠷ ᠵᠢᠭᠡᠯᠡᠯᠭᠡ ᠶᠢᠨ ᠲᠡᠮᠳᠡᠭᠲᠦ ᠡᠵᠡᠮᠳᠡᠭᠴᠢᠳ ᠲᠤ ᠮᠡᠳᠡᠭᠳᠡᠬᠦ ᠬᠡᠷᠡᠭᠲᠡᠶ᠃      ᠶᠢᠰᠦᠳᠦᠭᠡᠷ ᠪᠥᠯᠥᠭ ᠳᠠᠭᠠᠯᠳᠤᠭᠤᠯᠤᠯ ᠳᠦᠷᠢᠮ      ᠭᠤᠴᠢᠨ ᠨᠠᠢᠮᠠᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                         2020 ᠣᠨ ᠤ 12 ᠳ᠋ᠤᠭᠠᠷ ᠰᠠᠷ᠎ᠠ ᠶᠢᠨ 18 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ