3 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠤᠨ ᠵᠠᠮ ᠬᠠᠮᠠᠭᠠᠯᠠᠬᠤ ᠬᠤᠯᠪᠤᠭᠠᠯᠠᠨ ᠰᠡᠷᠭᠡᠶᠢᠯᠡᠬᠦ ᠠᠵᠢᠯ ᠤᠨ ᠸᠢᠳᠢᠣ᠋ ᠬᠤᠷᠠᠯ | ᠬᠤᠷᠠᠯᠳᠤᠵᠤ᠂ ᠤᠢᠢᠷ᠎ᠠ ᠶᠢᠨ ᠵᠢᠯ ᠠᠴᠠ ᠨᠠᠭᠠᠰᠢᠬᠢ ᠮᠠᠨ ᠤ ᠣᠷᠣᠨ ᠤ ᠲᠡᠮᠦᠷ ᠵᠠᠮ ᠤᠨ ᠵᠠᠮ ᠬᠠᠮᠠᠭᠠᠯᠠᠬᠤ ᠬᠤᠯᠪᠤᠭᠠᠯᠠᠨ ᠰᠡᠷᠭᠡᠶᠢᠯᠡᠬᠦ ᠠᠵᠢᠯ ᠢ ᠳ᠋ᠦᠡᠭᠨᠡᠵᠤ᠂ | ᠳᠠᠷᠠᠭᠠᠴᠢ ᠶᠢᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠠᠮᠤᠭᠤᠯᠠᠩᠳᠤ ᠥᠪᠥᠷ ᠮᠣᠩᠭᠤᠯ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠲᠡᠮᠦᠷ ᠵᠠᠮ ᠤᠨ ᠵᠠᠮ ᠬᠠᠮᠠᠭᠠᠯᠠᠬᠤ | ᠬᠤᠯᠪᠤᠭᠠᠯᠠᠨ ᠰᠡᠷᠭᠡᠶᠢᠯᠡᠬᠦ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠳᠠᠷᠤᠭ᠎ᠠ ᠾᠧᠩ ᠰᠢᠶᠤᠤ ᠹᠠᠨ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ᠃ | ᠾᠧᠩ ᠰᠢᠶᠤᠤ ᠹᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠤᠯᠳᠠ ᠪᠠᠨ ᠳᠡᠭᠡᠭᠰᠢᠯᠡᠭᠦᠯᠵᠦ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠶ ᠲᠥᠯᠥᠪᠵᠢᠭᠦᠯᠬᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠤᠬᠦᠯᠬᠦ᠂ ︽ᠵᠠᠮ ᠬᠠᠮᠠᠭᠠᠯᠠᠬᠤ ᠪᠣᠯ ᠳᠠᠷᠤᠶ ᠠᠮᠤᠷ ᠠᠮᠤᠭᠤᠯᠠᠩ ᠢ | ᠪᠠᠳᠤᠯᠠᠬᠤ ᠶᠠᠪᠤᠳᠠᠯ ᠪᠤᠯᠬᠤ︾ ᠦᠨᠳᠦᠷᠴᠡ ᠠᠴᠠ ᠲᠡᠮᠦᠷ ᠵᠠᠮ ᠤᠨ ᠵᠠᠮ ᠬᠠᠮᠠᠭᠠᠯᠠᠬᠤ ᠬᠤᠯᠪᠤᠭᠠᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ | ᠬᠤᠯᠪᠣᠭᠳᠠᠯ ᠢ ᠭᠦᠨᠵᠡᠭᠡᠶ ᠲᠠᠨᠢᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ | ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠵᠢᠭᠠᠵᠦ ᠭᠠᠷᠭᠠᠵᠠᠢ᠃ | ᠡᡁᠧᠩ ᠰᠢᠶᠤᠤ ᠹᠠᠨ᠂ ᠲᠡᠮᠦᠷ ᠵᠠᠮ ᠤᠨ ᠠᠮᠤᠷ ᠲᠦᠪᠰᠢᠨ ᠢ ᠬᠠᠮᠠᠭᠠᠯᠠᠬᠤ ᠶᠢ ᠨᠢᠭᠡᠳᠦᠯᠲᠡᠶ ᠲᠥᠯᠥᠪᠵᠢᠭᠦᠯᠵᠦ᠂ ᠭᠤᠤᠯᠳᠠᠯᠭ᠎ᠠ ᠲᠠᠢ ᠴᠠᠭ ᠬᠤᠭᠤᠴᠠᠭᠠᠠ ᠤ | ᠲᠡᠮᠦᠷ ᠵᠠᠮ ᠤᠨ ᠵᠠᠮ ᠬᠠᠮᠠᠭᠠᠯᠠᠬᠤ ᠬᠤᠯᠪᠤᠭᠠᠯᠠᠨ ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠡᠩ ᠤᠨ ᠬᠤᠷᠳᠤᠴᠠᠲᠤ ᠲᠡᠮᠦᠷ ᠵᠠᠮ ᠤᠨ ᠠᠮᠤᠷ | ᠲᠦᠪᠰᠢᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠲᠡᠮᠦᠷ ᠵᠠᠮ ᠤᠨ ᠵᠠᠮ ᠬᠠᠮᠠᠭᠠᠯᠠᠬᠤ ᠬᠤᠯᠪᠤᠭᠠᠯᠠᠨ ᠰᠡᠷᠭᠡᠶᠢᠯᠡᠬᠦ | ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠲᠡᠮᠦᠷ ᠵᠠᠮ ᠤᠨ ᠵᠠᠮ ᠬᠠᠮᠠᠭᠠᠯᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠵᠣᠬᠢᠶᠠᠨ | ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠵᠤ᠂ ᠨᠠᠩ ᠥᠨᠳᠥᠷ ᠲᠦᠪᠰᠢᠨ ᠪᠥᠬᠦᠶ | ᠠᠮᠤᠭᠤᠯᠠᠩᠳᠤ ᠥᠪᠥᠷ ᠮᠣᠩᠭᠤᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 | ᠵᠢᠯ ᠤᠨ ᠣᠶ ᠶᠢ ᠤᠭᠲᠤᠬᠤ ᠬᠡᠷᠡᠭᠲᠡᠶ ᠭᠡᠵᠦ ᠴᠢᠬᠤᠯᠠᠴᠢᠯᠠᠪᠠ᠃ |