3 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠵᠢᠴᠢ ᠰᠠᠬᠢᠯᠭ᠎ᠠ ᠪᠠᠲᠤ ᠪᠠᠶᠢᠴᠠᠭᠠᠬᠤ | ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠵᠤ᠂ 2020 ᠣᠨ ᠤ ᠦᠪᠡᠷᠳᠡᠬᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ 2021 ᠣᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠪᠠᠶᠢᠩᠭᠤ ᠶᠢᠨ ᠳᠡᠳ᠋ ᠲᠡᠷᠢᠭᠦᠯᠡᠭᠴᠢ᠂ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠵᠠᠩ ᠱᠤᠤ ᠴᠦᠨ ᠬᠤᠷᠠᠯ ᠳᠤ ᠣᠷᠣᠯᠴᠠᠭᠰᠠᠨ | ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ | ᠪᠠᠷᠢᠮᠵᠢᠶ᠎ᠠ ᠲᠠᠢ ᠬᠠᠷᠭᠤᠭᠤᠯᠤᠨ ᠨᠢᠭᠡᠳᠦᠯᠲᠡᠢ ᠪᠠᠶᠢᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︔ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠣᠷᠣᠨ ᠤ ᠰᠢᠭᠤᠳ | ᠬᠠᠷᠢᠶ᠎ᠠ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠤᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠬᠠᠪᠤᠷᠢᠯᠠᠬᠤ ᠴᠢᠳᠠᠪᠤᠷᠢ᠂ ᠤᠯᠤᠰ | ᠲᠦᠷᠦ ᠶᠢᠨ ᠬᠦᠢᠴᠡᠳᠬᠡᠬᠦ ᠴᠢᠳᠠᠪᠤᠷᠢ ᠶᠢ ᠬᠦᠴᠦᠯᠡᠨ ᠴᠢᠩᠭᠠᠳᠬᠠᠬᠤ ᠬᠡᠷᠡᠭᠲᠡᠢ︔ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠮᠠᠨ ᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ︔ ᠦᠨᠳᠦᠰᠦᠲᠡᠨ ᠨᠦᠭᠦᠳ ᠤᠨ | ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠲᠠᠢ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠬᠡᠷᠡᠭᠲᠡᠢ︔ ᠬᠡᠯᠪᠡᠷᠢᠴᠢ ᠦᠵᠡᠯ ᠤᠨ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ᠂ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ | ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠪ ᠤᠨ ᠲᠣᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ | ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ | ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ | ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | |