ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠳᠠ ᠶᠢᠨ ᠬᠤᠷᠢᠶ᠎ᠡ ᠲᠦᠷᠪᠡᠳᠤᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ    ᠱᠢ ᠲᠠᠢ ᠹᠧᠩ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2021/3/3

      3 ᠰᠠᠷ᠎ᠡ ᠶᠢᠨ 2 ᠤᠨ ᠡᠳᠦᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠳᠠ ᠶᠢᠨ ᠬᠤᠷᠢᠶ᠎ᠡ ᠲᠦᠷᠪᠡᠳᠤᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠳᠠ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠨ ᠶᠠᠷᠢᠶ᠎ᠡ ᠲᠠᠯᠪᠢᠪᠠ᠃
      ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠳᠠ ᠶᠢᠨ ᠬᠤᠷᠢᠶᠠᠨ ᠤ ᠲᠡᠳ᠋ ᠡᠷᠬᠢᠯᠡᠭᠴᠢ ᠯᠢᠨ ᠱᠤᠤ ᠴᠦᠨ ᠬᠤᠷᠠᠯ ᠳᠤ ᠤᠷᠤᠯᠴᠠᠵᠠᠢ᠃
      ᠬᠤᠷᠠᠯ ᠳᠡᠭᠡᠷ᠎ᠠ ᠲᠦᠪ ᠤᠨ ᠰᠦᠯᠵᠢᠶᠠᠨ ᠤ ᠠᠮᠤᠷ ᠲᠦᠪᠰᠢᠨ ᠪᠡ ᠮᠡᠳᠡᠭᠡ ᠵᠠᠩᠭᠢᠴᠢᠯᠠᠯᠳᠠ ᠶᠢᠨ ᠵᠦᠪᠯᠡᠯ ᠤᠨ ᠬᠤᠯᠪᠤᠬᠳᠠᠯ ᠪᠦᠬᠦᠢ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2020 ᠣᠨ ᠤ ᠪᠦᠬᠦ ᠤᠷᠤᠨ ᠤ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠳᠠ ᠶᠢᠨ ᠠᠵᠢᠯ ᠤᠨ ᠪᠠᠶᠢᠳᠠᠯ ᠪᠠ 2021 ᠣᠨ ᠤ ᠠᠵᠢᠯ ᠤᠨ ᠲᠤᠬᠢᠷᠠᠭᠤᠯᠤᠯᠳᠠ ᠶᠢᠨ ᠬᠠᠷᠢᠭᠤ ᠮᠡᠳᠡᠬᠦᠯᠦᠯᠳᠠ ᠶᠢ ᠰᠤᠨᠤᠰᠴᠤ᠂ ᠦᠪᠡᠷᠳᠡᠭᠡᠨ ᠵᠠᠰᠬᠠᠤ ᠤᠷᠤᠨ ᠤ ᠲᠤᠭᠠᠴᠢᠯᠠᠬᠰᠡᠨ ᠠᠵᠤ ᠠᠬᠤᠢ ᠶᠢᠨ ᠬᠦᠭᠵᠢᠯᠳᠠ ᠶᠢᠨ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠤ᠂ ᠬᠤᠯᠪᠤᠬᠳᠠᠯ ᠪᠦᠬᠦᠢ ᠪᠢᠴᠢᠭ ᠮᠠᠲ᠋ᠧᠷᠢᠶᠠᠯ ᠢ ᠬᠢᠨᠡᠨ ᠵᠦᠪᠯᠡᠵᠤ ᠪᠠᠳᠤᠯᠠᠪᠠ᠃
      ᠬᠤᠷᠠᠯ ᠠᠴᠠ᠂ ᠡᠨᠡ ᠵᠢᠯ ᠪᠤᠯ ᠤᠨᠴᠠᠭᠠᠢ ᠴᠢᠬᠤᠯᠠ ᠨᠢᠭᠡ ᠵᠢᠯ ᠪᠤᠯᠤᠨ᠎ᠡ᠂ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠳᠠ ᠶᠢᠨ ᠠᠵᠢᠯ ᠢ ᠰᠠᠶᠢᠳᠤᠷ ᠬᠢᠬᠦ ᠶᠢᠨ ᠬᠠᠷᠢᠭᠤᠴᠠᠯᠭ᠎ᠠ ᠴᠢᠬᠤᠯᠠ ᠶᠡᠭᠡ᠂ ᠡᠬᠦᠷᠭᠡ ᠬᠦᠨᠳᠤ ᠪᠠᠶᠢᠭ᠎ᠠ ᠶᠤᠮ᠃ ᠰᠦᠯᠵᠢᠶᠠᠨ ᠤ ᠶᠠᠷᠢᠶ᠎ᠡ ᠬᠡᠯᠡᠯᠴᠡᠭᠡ ᠶᠢᠨ ᠰᠡᠳᠬᠢᠯ ᠢ ᠨᠢᠭᠡᠳᠭᠡᠵᠤ ᠬᠦᠴᠤ ᠶᠢ ᠬᠠᠮᠳᠤᠳᠬᠠᠬᠤ ᠴᠢᠬᠤᠯᠠ ᠦᠢᠯᠡᠳᠤᠯ ᠢ ᠬᠦᠢᠴᠡᠳ ᠪᠠᠳᠠᠷᠠᠭᠤᠯᠵᠤ᠂ ᠵᠦᠪ ᠤᠯᠤᠰ ᠲᠦᠷᠦ ᠶᠢᠨ ᠴᠢᠭᠯᠡᠯ᠂ ᠶᠠᠷᠢᠶ᠎ᠡ ᠬᠡᠯᠡᠯᠴᠡᠭᠡᠨ ᠤ ᠤᠳᠤᠷᠢᠳᠤᠮᠵᠢ᠂ ᠦᠷᠳᠡᠭ ᠤᠨ ᠬᠠᠨᠲᠤᠰᠢ ᠶᠢ ᠪᠠᠷᠢᠮᠳᠠᠯᠠᠵᠤ᠂ ᠰᠦᠯᠵᠢᠶᠠᠨ ᠤ ᠭᠤᠤᠯ ᠶᠠᠷᠢᠶ᠎ᠡ ᠬᠡᠯᠡᠯᠴᠡᠭᠡ ᠶᠢ ᠦᠷᠬᠦᠯᠵᠢᠯᠡᠨ ᠪᠤᠵᠠᠭᠠᠢᠢᠷᠠᠭᠤᠯᠤᠨ ᠬᠦᠴᠦᠷᠭᠡᠭᠵᠢᠬᠦᠯᠵᠤ᠂ ᠰᠦᠯᠵᠢᠶᠠᠨ ᠤ ᠤᠬᠠᠭᠤᠯᠭ᠎ᠠ ᠶᠢᠨ ᠲᠠᠳᠠᠬᠤ ᠬᠦᠴᠤᠨ᠂ ᠤᠷᠢᠶᠠᠯᠠᠬᠤ ᠬᠦᠴᠤᠨ᠂ ᠨᠦᠯᠦᠭᠡᠯᠡᠬᠦ ᠬᠦᠴᠤᠨ ᠢ ᠲᠠᠰᠤᠷᠠᠯᠳᠠ ᠦᠭᠡᠢ ᠴᠢᠩᠭᠠᠳᠬᠠᠵᠤ᠂ ᠨᠠᠮ ᠪᠠᠶᠢᠭᠤᠯᠤᠬᠳᠠᠬᠰᠡᠨ ᠵᠠᠭᠤᠨ ᠵᠢᠯ ᠤᠨ ᠤᠢ ᠶᠢ ᠪᠠᠯᠭᠡᠯᠡᠬᠦ ᠪᠠ ︽ᠠᠷᠪᠡᠨ ᠲᠦᠷᠪᠡᠳᠤᠭᠡᠷ ᠲᠠᠪᠤᠨ ᠵᠢᠯ︾ ᠤᠨ ᠡᠬᠢᠯᠡᠯᠳᠠ ᠶᠢᠨ ᠵᠢᠯ ᠤᠨ ᠡᠯ᠎ᠡ ᠵᠦᠢᠯ ᠤᠨ ᠠᠵᠢᠯ ᠢ ᠰᠠᠶᠢᠳᠤᠷ ᠬᠢᠬᠦ ᠳᠤ ᠦᠨᠡᠨ ᠬᠦ ᠬᠦᠴᠤᠷᠭᠡᠭ ᠶᠡᠭᠡ ᠰᠦᠯᠵᠢᠶᠠᠨ ᠤ ᠶᠠᠷᠢᠶ᠎ᠡ ᠬᠡᠯᠡᠯᠴᠡᠭᠡᠨ ᠤ ᠲᠠᠮᠵᠢᠯᠭᠡ ᠬᠠᠨᠭ᠍ᠭᠠᠬᠤ ᠭᠡᠷᠡᠭᠳᠠᠢ᠃ ᠪᠦᠬᠦ ᠤᠷᠤᠨ ᠤ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠳᠠ ᠶᠢᠨ ᠹᠷᠤᠨᠲ ᠤᠨ ᠬᠢᠨ ᠤᠨᠤᠯ ᠤᠨ ᠤᠬᠠᠭᠤᠯᠭ᠎ᠠ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠭᠤᠤᠯ ᠰᠡᠳᠦᠪᠳᠤ ᠤᠬᠠᠭᠤᠯᠭ᠎ᠠ᠂ ᠠᠮᠵᠢᠯᠳᠠ ᠪᠦᠳᠦᠮᠵᠢ ᠶᠢᠨ ᠤᠬᠠᠭᠤᠯᠭ᠎ᠠ᠂ ᠨᠡᠶᠢᠳᠡᠯᠢᠭ ᠵᠢᠱᠢᠶ᠎ᠡ ᠶᠢᠨ ᠤᠬᠠᠭᠤᠯᠭ᠎ᠠ ᠶᠢ ᠨᠠᠷᠢᠯᠢᠭ ᠵᠤᠬᠢᠶᠠᠨ ᠪᠠᠶᠢᠭᠤᠯᠤᠨ ᠦᠷᠨᠢᠬᠦᠯᠵᠤ᠂ ᠰᠦᠯᠵᠢᠶᠠᠨ ᠲᠡᠭᠡᠷ᠎ᠡ ᠨᠠᠮ ᠪᠠᠶᠢᠭᠤᠯᠤᠭᠲᠠᠭᠰᠠᠠ ᠵᠠᠭᠤᠨ ᠵᠢᠯ ᠤᠨ ᠤᠢ ᠶᠢ ᠬᠠᠮᠳᠤ ᠪᠠᠷ ᠪᠠᠯᠭᠡᠯᠡᠬᠦ᠂ ︽ᠠᠷᠪᠡᠨ ᠲᠦᠷᠪᠡᠳᠤᠭᠡᠷ ᠲᠠᠪᠤᠨ ᠵᠢᠯ︾ ᠳᠤ ᠡᠷᠡᠮᠡᠭᠡᠶᠢᠯᠡᠨ ᠤᠷᠤᠬᠰᠢᠯᠠᠬᠤ᠂ ᠰᠢᠨ᠎ᠡ ᠠᠶᠠᠨ ᠢ ᠡᠬᠢᠯᠡᠬᠦᠯᠬᠦ ᠦᠳᠭᠡᠨ ᠵᠤᠵᠠᠭᠠᠨ ᠠᠭᠤᠷ ᠠᠮᠢᠰᠬᠤᠯ ᠢ ᠦᠨᠡᠨ ᠬᠦ ᠪᠤᠢ ᠪᠤᠯᠭᠠᠨ ᠪᠦᠷᠢᠯᠳᠦᠬᠦᠯᠬᠦ ᠭᠡᠷᠡᠭᠳᠠᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠦᠯᠵᠢᠶᠠᠨ ᠲᠡᠭᠡᠷ᠎ᠡ ᠤᠬᠠᠭᠤᠯᠬᠤ ᠠᠷᠭ᠎ᠠ ᠬᠡᠯᠪᠡᠷᠢ ᠠᠷᠭ᠎ᠠ ᠬᠡᠮᠵᠢᠶ᠎ᠡ ᠶᠢ ᠰᠢᠨᠡᠴᠢᠯᠡᠵᠤ᠂ ᠨᠠᠮ ᠤᠨ ᠰᠢᠨ᠎ᠡ ᠡᠬᠦᠳᠦᠯᠳᠠ ᠶᠢᠨ ᠤᠨᠤᠯ ᠤᠨ ᠦᠷ᠎ᠡ ᠪᠦᠳᠦᠭᠡᠯ ᠢ ᠬᠦᠮᠦᠰ ᠤᠨ ᠰᠡᠳᠬᠢᠯ ᠳᠤ ᠬᠠᠳᠠᠩᠰᠢᠭᠤᠯᠬᠤ ᠶᠢ ᠨᠡᠩ ᠰᠠᠶᠢᠨ ᠠᠬᠢᠭᠤᠯᠬᠤ ᠭᠡᠷᠡᠭᠳᠠᠢ᠃ ᠭᠤᠤᠯ ᠵᠠᠭᠤᠴᠢᠯᠠᠭᠤᠷ ᠪᠠ ᠰᠢᠨ᠎ᠡ ᠪᠠᠷ ᠮᠠᠨᠳᠤᠬᠰᠡᠨ ᠵᠠᠭᠤᠴᠢᠯᠠᠭᠤᠷ ᠤᠨ ᠦᠢᠯᠡᠳᠤᠯ ᠢ ᠬᠦᠢᠴᠡᠳ ᠪᠠᠳᠠᠷᠠᠭᠤᠯᠵᠤ᠂ ︽ᠲᠦᠷᠪᠡᠨ ᠲᠡᠤᠭᠡ︾ ᠢᠯᠠᠩᠭᠤᠶ᠎ᠡ ᠨᠠᠮ ᠤᠨ ᠲᠡᠤᠭᠡ ᠶᠢᠨ ᠰᠦᠯᠵᠢᠶᠠᠨ ᠲᠡᠭᠡᠷᠡᠬᠢ ᠤᠬᠠᠭᠤᠯᠭ᠎ᠠ ᠬᠦᠮᠦᠵᠢᠯ ᠢ ᠦᠷᠬᠦᠯᠵᠢᠯᠡᠨ ᠰᠠᠶᠢᠳᠤᠷ ᠬᠢᠬᠦ ᠭᠡᠷᠡᠭᠳᠠᠢ᠃ ᠨᠡᠶᠢᠭᠡᠮ ᠤᠨ ᠬᠠᠷᠢᠯᠴᠠᠭᠠᠨ ᠤ᠂ ᠰᠢᠯᠵᠢᠭᠡ ᠶᠢᠨ ᠤᠶᠤᠨᠴᠢᠯᠠᠬᠰᠡᠨ ᠰᠦᠯᠵᠢᠶᠠᠨ ᠤ ᠲᠠᠮᠵᠢᠭᠤᠯᠭ᠎ᠠ ᠶᠢᠨ ᠬᠠᠨᠳᠤᠰᠢ ᠲᠠᠢ ᠰᠠᠨᠠᠭᠠᠴᠢᠯᠠᠭ᠎ᠠ ᠠᠴᠠ ᠪᠠᠨ ᠵᠤᠬᠢᠴᠠᠵᠤ᠂ ᠴᠠᠭ ᠦᠶ᠎ᠡ ᠲᠠᠢ ᠵᠡᠷᠭᠡ ᠪᠠᠷ ᠤᠷᠤᠬᠰᠢᠯᠠᠨ ᠰᠢᠨ᠎ᠡ ᠶᠢ ᠡᠬᠦᠳᠴᠤ᠂ ᠮᠡᠳᠡᠭᠡ ᠵᠠᠩᠭᠢ ᠶᠢᠨ ᠲᠠᠮᠵᠢᠭᠤᠯᠭ᠎ᠠ ᠶᠢᠨ ᠨᠠᠷᠢᠨ ᠤᠨᠤᠪᠴᠢ ᠪᠠ ᠦᠷ᠎ᠡ ᠠᠰᠢᠬ ᠢ ᠪᠦᠳᠦᠮᠵᠢᠳᠠᠢ ᠲᠡᠭᠡᠭᠰᠢᠯᠡᠬᠦᠯᠵᠤ᠂ ᠦᠨᠡᠨ ᠬᠦ ᠢᠳᠡᠪᠬᠢ ᠬᠦᠴᠤᠨ ᠠᠴᠠ ᠶᠡᠭᠡ ᠤᠷᠤᠰᠴᠠ ᠡᠬᠦᠰᠭᠡᠵᠤ᠂ ᠰᠠᠶᠢᠨ ᠲᠠᠭᠤᠨ ᠢ ᠬᠦᠴᠦᠷᠭᠡᠭ ᠲᠠᠭᠤᠨ ᠪᠤᠯᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃
      ᠬᠤᠷᠠᠯ ᠠᠴᠠ᠂ ᠲᠤᠭᠠᠴᠢᠯᠠᠬᠰᠠᠨ ᠠᠵᠤ ᠠᠬᠤᠢ ᠶᠢ ᠠᠳᠬᠤᠬᠤ ᠪᠤᠯ ᠦᠪᠤᠷ ᠮᠤᠩᠭᠤᠯ ᠤᠨ ᠰᠢᠨ᠎ᠠ ᠶᠢ ᠡᠬᠦᠳᠬᠦ ᠬᠦᠭᠵᠢᠯᠳᠠ᠂ ᠬᠡᠯᠪᠡᠷᠢ ᠶᠢ ᠬᠤᠪᠢᠷᠠᠭᠤᠯᠬᠤ ᠬᠦᠭᠵᠢᠯᠳᠠ ᠶᠢ ᠲᠦᠷᠬᠡᠳᠬᠡᠬᠦ ᠪᠠᠴᠢᠮ ᠲᠤᠯᠭᠠᠮ ᠭᠡᠷᠡᠭᠴᠡᠭᠡ ᠪᠤᠯᠤᠨ᠎ᠠ᠂ ᠡᠯ᠎ᠠ ᠭᠠᠵᠠᠷ ᠤᠷᠤᠨ ᠡᠯ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠬᠠᠷᠢᠭᠤᠴᠠᠯᠭᠠᠳᠤ ᠰᠡᠳᠬᠢᠯᠬᠡ ᠲᠤᠯᠭᠠᠮ ᠪᠤᠳᠤᠯ ᠢᠶᠠᠨ ᠴᠢᠩᠭᠠᠳᠬᠠᠵᠤ᠂ ᠲᠤᠭᠠᠴᠢᠯᠠᠬᠰᠠᠨ ᠠᠵᠤ ᠠᠬᠤᠢ ᠶᠢᠨ ᠬᠦᠭᠵᠢᠯᠳᠠ ᠶᠢᠨ ᠡᠨᠡ ᠬᠦ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠡᠬᠦᠷᠬᠡ ᠶᠢ ᠴᠢᠩᠭ᠎ᠠ ᠠᠴᠠ ᠴᠢᠩᠭ᠎ᠠ᠂ ᠪᠤᠳᠠᠳᠠᠢ ᠠᠴᠠ ᠪᠤᠳᠠᠳᠠᠢ ᠠᠳᠬᠤᠵᠤ᠂ ᠲᠤᠭᠠᠴᠢᠯᠠᠬᠰᠠᠨ ᠠᠵᠤ ᠠᠬᠤᠢ ᠶᠢᠨ ᠬᠦᠳᠡᠯᠬᠡᠬᠦᠷᠳᠤ ᠵᠢᠯᠤᠭᠤᠳᠤᠮᠵᠢ ᠶᠢ ᠴᠢᠩᠭᠠᠳᠬᠠᠵᠤ᠂ ᠰᠢᠨ᠎ᠠ ᠬᠦᠭᠵᠢᠯᠳᠠ ᠶᠢᠨ ᠪᠠᠶᠢᠷᠢᠰᠢᠯ ᠳᠤ ᠤᠢᠢᠯᠡᠴᠢᠯᠡᠬᠦ ᠪᠠ ᠠᠭᠤᠰᠤᠯᠴᠠᠬᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠳᠤ ᠦᠨᠡᠨ ᠬᠦ ᠬᠦᠴᠤᠨ ᠪᠦᠬᠦᠢ ᠬᠦᠳᠡᠯᠬᠡᠬᠦ ᠬᠦᠴᠤᠨ ᠨᠡᠮᠡᠷᠢᠯᠡᠬᠦ ᠭᠡᠷᠡᠭᠳᠠᠢ᠃ ᠬᠤᠯᠪᠤᠬᠳᠠᠯ ᠪᠦᠬᠦᠢ ᠲᠦᠰᠤᠯ ᠢ ᠨᠠᠶᠢᠳᠠᠪᠤᠷᠢᠵᠢᠭᠤᠯᠤᠨ ᠭᠡᠷᠡᠭᠵᠢᠬᠦᠯᠬᠦ ᠶᠢ ᠠᠬᠢᠭᠤᠯᠬᠤ ᠪᠠᠷ ᠬᠦᠲᠦᠯᠦᠮᠵᠢ ᠪᠠ ᠠᠳᠬᠤᠴᠠ ᠪᠤᠯᠭᠠᠵᠤ᠂ ᠬᠠᠷᠠᠯᠲᠠ ᠡᠬᠦᠷᠬᠡ ᠪᠠᠨ ᠴᠢᠨᠠᠬᠰᠢᠳᠠ ᠨᠠᠷᠢᠯᠢᠬᠵᠢᠭᠤᠯᠤᠨ ᠬᠡᠮᠵᠢᠶᠠᠯᠠᠵᠤ᠂ ᠬᠡᠷᠡᠭᠵᠢᠬᠦᠯᠦᠬᠦᠰᠢᠲᠡᠢ ᠪᠦᠳᠤᠮᠵᠢᠳᠠᠢ ᠬᠠᠳᠠᠭᠤ ᠠᠷᠭ᠎ᠠ ᠪᠤᠳᠠᠳᠠᠢ ᠠᠷᠭ᠎ᠠ ᠠᠪᠴᠤ᠂ ᠮᠠᠨ ᠤ ᠤᠷᠤᠨ ᠤ ᠲᠤᠭᠠᠴᠢᠯᠠᠬᠰᠠᠨ ᠠᠵᠤ ᠠᠬᠤᠢ ᠶᠢᠨ ᠬᠦᠭᠵᠢᠯᠳᠠ ᠰᠢᠪᠳᠤᠯᠤᠯᠳᠠ ᠶᠢᠨ ᠴᠢᠨᠠᠷᠳᠠᠢ ᠠᠬᠢᠴᠠ ᠲᠠᠢ ᠪᠤᠯᠬᠤ ᠶᠢ ᠠᠬᠢᠭᠤᠯᠬᠤ ᠭᠡᠷᠡᠭᠳᠠᠢ᠃ ︽ᠰᠢᠨ᠎ᠠ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ︾ ᠶᠢ ᠲᠦᠷᠬᠡᠨ ᠠᠬᠢᠭᠤᠯᠵᠤ᠂ ᠭᠡᠷᠡᠭᠯᠡᠬᠡᠨ ᠤ ᠤᠳᠤᠷᠢᠳᠤᠮᠵᠢ ᠶᠢ ᠴᠢᠩᠭᠠᠳᠬᠠᠵᠤ᠂ ᠠᠵᠤ ᠤᠢᠢᠯᠡᠰ ᠤᠨ ᠬᠡᠯᠬᠢᠶ᠎ᠠ ᠶᠢ ᠤᠷᠳᠤᠳᠬᠠᠵᠤ᠂ ᠲᠤᠭᠠᠴᠢᠯᠠᠬᠰᠠᠨ ᠠᠵᠤ ᠤᠢᠢᠯᠡᠰ ᠤᠨ ᠰᠦᠷᠦᠭᠵᠢᠯ ᠢ ᠢᠳᠡᠪᠬᠢᠳᠠᠢ ᠪᠠᠶᠢᠭᠤᠯᠬᠤ ᠭᠡᠷᠡᠭᠳᠠᠢ᠃ ᠠᠵᠤ ᠤᠢᠢᠯᠡᠰ ᠤᠨ ᠲᠤᠭᠠᠴᠢᠯᠠᠬᠰᠠᠨ ᠬᠡᠯᠪᠡᠷᠢ ᠶᠢ ᠬᠤᠪᠢᠷᠠᠭᠤᠯᠬᠤ ᠪᠠᠷ ᠲᠦᠰᠢᠭ ᠪᠠ ᠭᠤᠤᠯᠳᠠᠯᠭ᠎ᠠ ᠪᠤᠯᠭᠠᠵᠤ᠂ ᠲᠤᠭᠠᠴᠢᠯᠠᠬᠰᠠᠨ ᠠᠵᠤ ᠠᠬᠤᠢ ᠪᠠ ᠪᠤᠳᠠᠳᠤ ᠴᠤᠬᠴᠠ ᠶᠢᠨ ᠠᠵᠤ ᠠᠬᠤᠢ ᠶᠢᠨ ᠬᠦᠨᠵᠡᠭᠡᠢ ᠠᠭᠤᠰᠤᠯᠴᠠᠯ ᠢ ᠲᠦᠷᠬᠡᠨ ᠠᠬᠢᠭᠤᠯᠬᠤ ᠭᠡᠷᠡᠭᠳᠠᠢ᠃ ᠲᠤᠭ᠎ᠠ ᠪᠠᠷᠢᠮᠳᠠ ᠶᠢᠨ ᠡᠬᠢ ᠪᠠᠶᠠᠯᠢᠬ ᠢ ᠨᠡᠶᠢᠳᠬᠡᠬᠦ ᠪᠠ ᠬᠠᠮᠳᠤ ᠪᠠᠷ ᠡᠳ᠋ᠯᠡᠬᠦ ᠡᠷᠴᠢᠮ ᠢ ᠴᠢᠩᠭᠠᠷᠠᠭᠤᠯᠵᠤ᠂ ᠲᠤᠭ᠎ᠠ ᠪᠠᠷᠢᠮᠳᠠ ᠶᠢᠨ ᠪᠠᠬᠢᠯᠡᠯᠲᠡ ᠬᠤᠷᠢᠭ᠎ᠠ ᠶᠢ ᠠᠷᠢᠯᠭᠠᠨ᠂ ᠮᠡᠳᠡᠭᠡ ᠵᠠᠩᠬᠢ ᠶᠢᠨ ᠦᠨᠤᠴᠢᠨ ᠠᠷᠠᠯ ᠢ ᠦᠭᠡᠢ ᠪᠤᠯᠭᠠᠵᠤ᠂ ᠪᠦᠬᠦ ᠤᠷᠤᠨ ᠢ ᠪᠦᠷᠬᠦᠭᠰᠡᠨ᠂ ᠨᠢᠬᠡᠳᠤᠯᠳᠠᠢ ᠲᠦᠯᠤᠪᠵᠢᠬᠦᠯᠤᠨ ᠠᠰᠢᠬᠯᠠᠬᠰᠠᠨ᠂ ᠨᠢᠬᠡᠳᠤᠯᠳᠠᠢ ᠵᠤᠯᠭᠠᠭᠤᠯᠤᠬᠰᠠᠨ ᠲᠤᠭ᠎ᠠ ᠪᠠᠷᠢᠮᠳᠠ ᠶᠢ ᠬᠠᠮᠳᠤ ᠪᠠᠷ ᠡᠳ᠋ᠯᠡᠬᠦ ᠲᠠᠪᠴᠠᠩ᠂ ᠵᠠᠰᠠᠬ ᠤᠨ ᠶᠠᠪᠤᠳᠠᠯ ᠤᠨ ᠤᠢᠢᠯᠡᠴᠢᠯᠡᠬᠡᠨ ᠤ ᠲᠠᠪᠴᠠᠩ᠂ ᠬᠠᠮᠵᠢᠯᠴᠠᠨ ᠠᠯᠪᠠᠯᠠᠬᠤ ᠲᠠᠪᠴᠠᠩ ᠢ ᠲᠦᠷᠬᠡᠨ ᠪᠠᠶᠢᠭᠤᠯᠵᠤ᠂ ᠵᠠᠰᠠᠬ ᠤᠨ ᠶᠠᠪᠤᠳᠠᠯ ᠤᠨ ᠤᠢᠢᠯᠡᠴᠢᠯᠡᠬᠡᠨ ᠤ ᠲᠦᠪᠰᠢᠨ ᠪᠤᠯᠤᠨ ᠨᠡᠶᠢᠬᠡᠮ ᠤᠨ ᠵᠠᠰᠠᠯᠳᠠ ᠶᠢᠨ ᠴᠢᠳᠠᠪᠤᠷᠢ ᠶᠢ ᠲᠠᠰᠤᠷᠠᠯᠳᠠ ᠦᠬᠡᠢ ᠲᠡᠭᠡᠭᠰᠢᠯᠡᠬᠦᠯᠬᠦ ᠭᠡᠷᠡᠭᠳᠠᠢ ᠬᠡᠵᠤ

ᠴᠢᠬᠤᠯᠠᠴᠢᠯᠠᠪᠠ᠃
      ᠬᠤᠷᠠᠯ ᠠᠴᠠ᠂ ᠤᠯᠤᠰ ᠲᠦᠷᠤ ᠶᠢᠨ ᠰᠡᠷᠭᠡᠭ ᠴᠢᠨᠠᠷ ᠢᠶᠠᠨ ᠴᠢᠩᠭᠠᠳᠬᠠᠵᠤ᠂ ᠰᠦᠯᠵᠢᠶᠠᠨ ᠤ ᠬᠦᠷᠢᠶ᠎ᠠ ᠴᠠᠷᠠᠭ᠎ᠠ ᠶᠢᠨ ᠠᠶᠤᠯ ᠲᠦᠭᠰᠢᠬᠦᠷᠢ ᠶᠢ ᠪᠦᠬᠦ ᠬᠦᠴᠤ ᠪᠠᠷ ᠢᠶᠠᠨ ᠰᠡᠷᠬᠡᠶᠢᠯᠡᠨ ᠠᠷᠢᠯᠭᠠᠵᠤ᠂ ᠰᠦᠯᠵᠢᠶᠠᠨ ᠤ ᠦᠵᠡᠯ ᠤᠬᠠᠮᠰᠠᠷ ᠤᠨ ᠭᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠭᠡᠷᠡᠭᠳᠠᠢ᠃ ᠨᠠᠮ ᠵᠠᠭᠤᠴᠢᠯᠠᠭᠤᠷ ᠢ ᠬᠠᠮᠢᠶᠠᠷᠬᠤ ᠶᠢ ᠢᠮᠠᠬᠳᠠ ᠪᠠᠷᠢᠮᠳᠠᠯᠠᠵᠤ᠂ ᠬᠡᠨ ᠭᠤᠤᠯᠯᠠᠨ ᠬᠠᠮᠢᠶᠠᠷᠪᠠᠯ ᠬᠡᠨ ᠬᠠᠷᠢᠭᠤᠴᠠᠬᠤ ᠪᠠ ᠬᠠᠷᠢᠶ᠎ᠠ ᠤᠷᠤᠨ ᠤ ᠬᠠᠮᠢᠶᠠᠷᠤᠯᠳᠠ ᠶᠢᠨ ᠵᠠᠷᠴᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠡᠨ ᠬᠦ ᠵᠢᠭᠰᠠᠭᠠᠯ ᠤᠨ ᠭᠠᠵᠠᠷ ᠢᠶᠠᠨ ᠰᠠᠶᠢᠳᠤᠷ ᠬᠠᠮᠢᠶᠠᠷᠬᠤ᠂ ᠵᠢᠭᠰᠠᠭᠠᠯ ᠤᠨ ᠭᠠᠵᠠᠷ ᠢᠶᠠᠨ ᠰᠠᠶᠢᠳᠤᠷ ᠰᠠᠬᠢᠬᠤ ᠭᠡᠷᠡᠭᠳᠠᠢ᠃ ᠰᠦᠯᠵᠢᠶᠠᠨ ᠤ ᠶᠠᠷᠤᠩᠬᠡᠶᠢᠯᠡᠨ ᠵᠠᠰᠠᠬᠤ ᠴᠢᠳᠠᠪᠤᠷᠢ ᠶᠢ ᠬᠦᠴᠤᠯᠠᠨ ᠲᠡᠭᠡᠭᠰᠢᠯᠡᠬᠦᠯᠵᠤ᠂ ᠰᠦᠯᠵᠢᠶᠠᠨ ᠤ ᠶᠠᠷᠢᠶ᠎ᠠ ᠬᠡᠯᠡᠯᠴᠡᠬᠡᠨ ᠤ ᠤᠷᠴᠢᠨ ᠪᠠᠶᠢᠳᠠᠯ ᠢ ᠦᠷᠬᠦᠯᠵᠢᠯᠠᠨ ᠴᠡᠪᠡᠷᠰᠢᠬᠦᠯᠬᠦ ᠭᠡᠷᠡᠭᠳᠠᠢ᠃ ᠰᠦᠯᠵᠢᠶᠠᠨ ᠤ ᠠᠮᠤᠷ ᠲᠦᠪᠰᠢᠨ ᠢ ᠪᠠᠳᠤᠯᠠᠬᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ ᠰᠦᠯᠵᠢᠶᠠᠨ ᠤ ᠠᠮᠤᠷ ᠲᠦᠪᠰᠢᠨ ᠢ ᠪᠠᠳᠤᠯᠠᠬᠤ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠳᠠᠢ᠃ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠢᠮᠠᠬᠳᠠ ᠤᠯᠤᠰ ᠲᠦᠷᠤ ᠶᠢᠨ ᠲᠠᠯ᠎ᠠ ᠪᠠᠷ ᠰᠦᠯᠵᠢᠶᠠᠨ ᠤ ᠮᠡᠳᠡᠭᠡ ᠵᠠᠩᠬᠢ ᠶᠢᠨ ᠠᠵᠢᠯ ᠳᠤ ᠬᠠᠨᠳᠤᠵᠤ᠂ ᠰᠢᠰᠲ᠋ᠧᠮ ᠲᠠᠢ ᠰᠦᠪᠡᠭᠴᠢᠯᠠᠨ ᠪᠠᠶᠢᠷᠢᠯᠠᠭᠤᠯᠬᠤ᠂ ᠲᠤᠬᠢᠷᠠᠭᠤᠯᠤᠯᠳᠠ ᠬᠢᠵᠤ ᠠᠬᠢᠭᠤᠯᠬᠤ ᠶᠢ ᠴᠢᠩᠭᠠᠳᠬᠠᠬᠤ᠂ ᠬᠢᠨᠠᠯᠳᠠ ᠪᠠᠶᠢᠴᠠᠭᠠᠯᠳᠠ ᠶᠢ ᠴᠢᠩᠭᠠᠷᠠᠭᠤᠯᠬᠤ᠂ ᠠᠵᠢᠯ ᠤᠨ ᠪᠠᠳᠤᠯᠠᠭ᠎ᠠ ᠶᠢ ᠴᠢᠩᠭᠠᠳᠬᠠᠬᠤ ᠵᠡᠷᠬᠡ ᠲᠠᠯ᠎ᠠ ᠠᠴᠠ ᠬᠠᠮᠵᠢᠯᠴᠠᠭᠤᠯᠤᠨ ᠬᠦᠴᠤᠯᠡᠬᠦ ᠶᠢ ᠪᠠᠷᠢᠮᠳᠠᠯᠠᠵᠤ᠂ ᠡᠯ᠎ᠠ ᠵᠦᠢᠯ ᠤᠨ ᠡᠬᠦᠷᠬᠡ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠨ ᠦᠷ᠎ᠡ ᠪᠦᠳᠤᠮᠵᠢ ᠭᠠᠷᠭᠠᠬᠤ ᠶᠢ ᠠᠬᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃
      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠦᠯᠵᠢᠶᠠᠨ ᠤ ᠠᠮᠤᠷ ᠲᠦᠪᠰᠢᠨ ᠪᠤᠯᠤᠨ ᠮᠡᠳᠡᠭᠡ ᠵᠠᠩᠬᠢᠴᠢᠯᠠᠯᠳᠠ ᠶᠢᠨ ᠬᠤᠷᠢᠶᠠᠨ ᠤ ᠬᠡᠰᠢᠬᠦᠨ ᠪᠠᠢ ᠢᠤᠢ ᠭᠠᠩ᠂ ᠵᠠᠩ ᠱᠤᠤ ᠴᠦᠨ᠂ ᠮᠠ ᠴᠢᠩ ᠯᠸᠢ᠂ ᠠᠢ ᠯᠢ ᠬᠤᠸᠠ᠂ ᠵᠧᠩ ᠬᠤᠩ ᠹᠠᠨ᠂ ᠡᡁᠧᠩ ᠰᠢᠶᠤᠤ ᠹᠠᠨ ᠨᠠᠷ ᠬᠤᠷᠠᠯ ᠳᠤ ᠤᠷᠤᠯᠴᠠᠪᠠ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ