ᠮᠠᠨ ᠤ ᠣᠷᠣᠨ ᠪᠦᠷᠢᠨ ᠲᠡᠭᠦᠯᠳᠡᠷ ᠠᠮᠤ ᠪᠤᠳᠠᠭ᠎ᠠ ᠨᠥᠭᠡᠴᠡᠯᠡᠬᠦ ᠰᠢᠰᠲ᠋ᠧᠮᠵᠢ ᠶᠢ ᠦᠨᠳᠦᠰᠦᠨ ᠳᠤ ᠪᠠᠨ ᠪᠦᠷᠢᠯᠳᠦᠭᠦᠯᠪᠡ
ᠨᠡᠶᠢᠲᠡᠯᠡᠭᠰᠡᠨ ᠴᠠᠭ᠄
2021/3/3

      ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠣᠷᠣᠨ ᠨᠢ ᠣᠷᠣᠨ ᠨᠤᠲᠤᠭ ᠲᠠᠬᠢ ᠠᠮᠤ ᠪᠤᠳᠠᠭᠠᠨ ᠤ ᠨᠥᠭᠡᠴᠡ ᠶᠢ ᠲᠠᠰᠤᠷᠠᠯᠲᠠ ᠥᠬᠡᠶ ᠪᠠᠬᠢᠵᠢᠭᠦᠯᠦᠨ᠂ ᠪᠦᠷᠢᠨ ᠲᠡᠭᠦᠯᠳᠡᠷ ᠠᠮᠤ ᠪᠤᠳᠠᠭ᠎ᠠ ᠨᠥᠭᠡᠴᠡᠯᠡᠬᠦ ᠰᠢᠰᠲ᠋ᠧᠮᠵᠢ ᠶᠢ ᠦᠨᠳᠦᠰᠦᠨ ᠳᠤ ᠪᠠᠨ ᠪᠣᠶ ᠪᠣᠯᠭᠠᠵᠠᠢ᠃
      ᠣᠶᠢᠯᠠᠭᠠᠭᠰᠠᠨ ᠢᠶᠠᠷ᠂ ᠥᠩᠭᠡᠷᠡᠭᠰᠡᠨ 5 ᠵᠢᠯ ᠳᠤ᠂ ᠮᠠᠨ ᠤ ᠣᠷᠣᠨ ᠤ ᠣᠷᠣᠨ ᠨᠤᠲᠤᠭ ᠤᠳ ᠲᠠᠬᠢ ᠠᠮᠤ ᠪᠤᠳᠠᠭᠠᠨ ᠤ ᠨᠥᠭᠡᠴᠡᠯᠡᠯᠲᠡ ᠶᠢ ᠲᠠᠰᠤᠷᠠᠯᠲᠠ ᠥᠬᠡᠶ ᠪᠠᠲᠤᠳᠬᠠᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠠᠭ ᠲᠤᠬᠠᠶ ᠳᠤ ᠨᠢ ᠪᠠᠶᠢᠴᠠᠭᠠᠨ ᠰᠤᠳᠤᠯᠤᠯᠲᠠ ᠬᠢᠵᠦ᠂ ᠣᠷᠣᠨ ᠨᠤᠲᠤᠭ ᠤᠨ ᠨᠥᠭᠡᠴᠡᠯᠡᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠳ ᠢ ᠲᠣᠳᠣᠷᠬᠠᠶ ᠤᠶᠢᠯᠠᠭᠠᠨ᠂ ᠵᠢᠯᠣᠭᠤᠳᠬᠤ ᠴᠢᠨᠠᠷᠲᠠᠶ ᠲᠥᠯᠥᠪᠯᠡᠭᠡ ᠪᠠ ᠠᠯᠪᠠᠨ ᠶᠣᠰᠣᠨ ᠤ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠣᠷᠣᠨ ᠨᠤᠲᠤᠭ ᠤᠨ ᠡᠯ᠎ᠡ ᠱᠠᠲᠤᠨ ᠤ ᠨᠥᠭᠡᠴᠡᠯᠡᠯᠲᠡ ᠶᠢᠨ ᠬᠡᠪᠴᠢᠶ᠎ᠡ᠂ ᠲᠤᠭ᠎ᠠ ᠬᠡᠮᠵᠢᠶ᠎ᠡ᠂ ᠲᠥᠷᠥᠯ ᠵᠦᠢᠯ ᠤᠨ ᠪᠦᠲᠦᠴᠡ ᠶᠢ ᠲᠣᠳᠣᠷᠬᠠᠶᠢᠯᠠᠵᠤ᠂ ᠨᠥᠭᠡᠴᠡᠯᠡᠯᠲᠡ ᠶᠢᠨ ᠬᠠᠮᠢᠶᠠᠷᠤᠯᠲᠠ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠢᠳᠡᠪᠬᠢᠲᠡᠶ ᠦᠷ᠎ᠡ ᠪᠦᠲᠦᠮᠵᠢ ᠣᠯᠤᠭᠰᠠᠨ ᠪᠠᠶᠢᠨ᠎ᠠ᠃ ᠥᠩᠭᠡᠷᠡᠭᠰᠡᠨ 5 ᠵᠢᠯ ᠤᠨ ᠲᠤᠷᠰᠢᠳᠠ᠂ ᠡᠭᠡᠯᠵᠢᠯᠡᠨ ᠰᠣᠯᠢᠬᠤ᠂ ᠲᠣᠬᠢᠷᠠᠭᠤᠯᠤᠯᠲᠠ ᠬᠢᠬᠦ ᠲᠥᠯᠥᠪᠯᠡᠭᠡ ᠶᠢ ᠨᠡᠶᠢᠲᠡ 19 ᠤᠳᠠᠭ᠎ᠠ ᠪᠠᠭᠤᠯᠭᠠᠭᠰᠠᠨ ᠨᠢ ᠳᠠᠭᠠᠭᠠᠴᠢᠯᠠᠨ ᠬᠠᠳᠠᠭᠠᠯᠠᠬᠤ 175 ᠠᠵᠤ ᠠᠬᠤᠶᠢᠯᠠᠯ᠂ 64 ᠲᠦᠮᠡᠨ ᠲᠣᠨ ᠤ ᠠᠮᠤ ᠪᠤᠳᠠᠭ᠎ᠠ ᠢᠳᠡᠰᠢᠨ ᠲᠣᠰᠤ ᠲᠠᠢ ᠬᠤᠯᠪᠤᠭᠳᠠᠵᠠᠢ᠃ ᠣᠳᠣᠬᠠᠨ ᠳᠤ᠂ ᠪᠥᠬᠦ ᠣᠷᠣᠨ ᠤ ᠨᠥᠭᠡᠴᠢᠯᠡᠬᠦ ᠠᠮᠤ ᠪᠤᠳᠠᠭᠠᠨ ᠤ ᠬᠡᠪᠴᠢᠶ᠎ᠡ ᠶᠢ ᠠᠯᠬᠤᠮ ᠠᠯᠬᠤᠮ ᠢᠶᠠᠷ ᠪᠣᠲᠠᠲᠠᠶᠢᠵᠢᠭᠤᠯᠤᠨ᠂ ᠪᠦᠷᠢᠨ ᠲᠥᠬᠦᠷ ᠠᠮᠤ ᠪᠤᠳᠠᠭ᠎ᠠ ᠨᠥᠭᠡᠴᠡᠯᠡᠬᠦ ᠰᠢᠰᠲ᠋ᠧᠮᠵᠢ ᠶᠢ ᠦᠨᠳᠦᠰᠦᠨ ᠳᠤ ᠪᠠᠨ ᠪᠦᠷᠢᠯᠳᠦᠭᠦᠯᠵᠦ᠂ ᠬᠠᠩᠭᠠᠯᠭ᠎ᠠ ᠶᠢ ᠪᠠᠲᠤᠯᠠᠨ ᠦᠨ᠎ᠡ ᠶᠢ ᠲᠣᠭᠲᠠᠪᠤᠷᠢᠵᠢᠭᠤᠯᠬᠤ᠂ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠬᠠᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃


 

ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ