ᠤᠯᠠᠭᠠᠨᠴᠠᠪ ᠬᠤᠲᠠ ᠠᠵᠤ ᠦᠢᠯᠡᠳᠪᠦᠷᠢ ᠶᠢᠨ ᠬᠦᠷᠢᠶᠡᠨ ᠳᠠᠬᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ ᠪᠣᠶ
ᠨᠡᠶᠢᠲᠡᠯᠡᠭᠰᠡᠨ ᠴᠠᠭ᠄
2021/3/3
     ᠨᠢᠭᠡ ᠳᠤ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠢ ᠬᠦᠴᠦᠯᠡᠨ ᠠᠬᠢᠭᠤᠯᠵᠤ᠂ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠤᠬᠠᠮᠰᠠᠷ ᠢ ᠳᠡᠭᠡᠭᠰᠢᠯᠡᠭᠦᠯᠪᠡ᠃ 50 ᠭᠠᠷᠤᠶ ᠠᠵᠤ ᠠᠬᠤᠶᠢᠯᠠᠯ ᠳᠤ ᠭᠦᠨᠵᠡᠭᠡᠶᠢᠷᠡᠵᠦ᠂ ︽ᠢᠲᠡᠭᠡᠮᠵᠢ ᠶᠢᠨ ᠰᠢᠰᠲ᠋ᠧᠮᠵᠢ ᠤᠨ ᠪᠠᠶᠢᠭᠤᠯᠤᠯᠲᠠ ᠶᠢ ᠴᠢᠩᠭᠠᠳᠬᠠᠵᠤ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠰᠠᠨᠠᠭᠠᠴᠢᠯᠠᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ 3 ᠲᠠᠯᠠᠪᠤᠷ ᠥᠷᠨᠢᠭᠦᠯᠪᠡ᠃      ᠬᠤᠶᠠᠷ ᠲᠤ ︽ᠦᠨᠡᠨᠴᠢ ᠢᠲᠡᠭᠡᠮᠵᠢᠲᠡᠶ ᠨᠡᠶᠢᠲᠡᠯᠢᠭ ᠵᠢᠱᠢᠶ᠎ᠡ ᠶᠢ ᠰᠤᠩᠭᠤᠨ ᠪᠤᠢ ᠪᠣᠯᠭᠠᠬᠤ︾ ᠠᠵᠢᠯᠯᠠᠭ᠎ᠠ ᠶᠢ ᠢᠳᠡᠪᠬᠢᠲᠡᠶ ᠪᠠᠷ ᠲᠦᠯᠬᠢᠨ ᠠᠬᠢᠭᠤᠯᠪᠠ᠃ ᠭᠤᠤᠯᠳᠠᠯᠭ᠎ᠠ ᠶᠢ ᠳᠣᠪᠤᠶᠢᠯᠭᠠᠨ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠤ ︽ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠰᠤᠩᠭᠤᠨ ᠪᠤᠢ ᠪᠣᠯᠭᠠᠬᠤ︾ ᠠᠵᠢᠯᠯᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠵᠤ ᠠᠬᠤᠶᠢᠯᠠᠯ ᠤᠨ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠵᠣᠷᠢᠭᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠵᠥᠪ ᠣᠨᠣᠪᠴᠢᠲᠠᠶ ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠭᠦᠢᠴᠡᠳ ᠰᠠᠶᠢᠲᠤᠷ ᠬᠡᠷᠡᠭᠯᠡᠭᠦᠯᠪᠡ᠃ 2020 ᠣᠨ ᠳᠤ᠂ 12 ᠡᠷᠦᠬᠡ ᠠᠵᠤ ᠠᠬᠤᠶᠢᠯᠠᠯ ᠢ ᠬᠠᠮᠵᠢᠨ ︽ᠦᠨᠡᠨᠴᠢ ᠢᠲᠡᠭᠡᠮᠵᠢ ᠶᠢᠨ ᠠᠵᠤ ᠠᠬᠤᠶᠢᠯᠠᠯ︾ ᠢᠶᠠᠷ ᠠᠮᠵᠢᠯᠲᠠ ᠲᠠᠢ ᠭᠤᠶᠤᠴᠢᠯᠠᠨ ᠮᠡᠳᠡᠭᠦᠯᠪᠡ᠃      ᠭᠤᠷᠪᠠ ᠳᠤ ᠢᠲᠡᠭᠡᠮᠵᠢ ᠶᠢᠨ ᠠᠮᠠᠯᠠᠯᠲᠠ ᠶᠢᠨ ᠲᠦᠷᠢᠮ ᠢ ᠪᠠᠶᠢᠭᠤᠯᠵᠤ᠂ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃ 2020 ᠣᠨ ᠳᠤ᠂ ︽ᠢᠳᠡᠭᠡᠮᠵᠢᠲᠦ ᠤᠯᠠᠭᠠᠨᠴᠠᠪ︾ ᠢᠶᠠᠷ ᠳᠠᠮᠵᠢᠭᠤᠯᠤᠨ ᠨᠡᠶᠢᠲᠡ 15 ᠬᠤᠪᠢ ᠠᠵᠤ ᠠᠬᠤᠶᠢᠯᠠᠯ ᠤᠨ ᠢᠲᠡᠭᠡᠮᠵᠢ ᠶᠢᠨ ᠠᠮᠠᠯᠠᠯᠲᠠ ᠶᠢᠨ ᠪᠢᠴᠢᠭ ᠢ ᠨᠡᠶᠢᠭᠡᠮ ᠳᠤ ᠨᠡᠶᠢᠲᠡᠯᠡᠪᠡ᠃      ᠲᠦᠷᠪᠡ ᠳᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠬᠡᠷᠡᠭᠵᠢᠭᠦᠯᠪᠡ᠃ ᠢᠳᠡᠰᠢᠨ ᠤ ᠳᠠᠪᠤᠰᠤᠨ ᠤ ᠵᠠᠬ᠎ᠠ ᠳᠡᠯᠭᠡᠭᠦᠷ ᠤᠨ ᠦᠢᠯᠡᠳᠪᠦᠷᠢᠯᠡᠯ ᠡᠵᠡᠩᠨᠡᠯᠲᠡ ᠶᠢ ᠵᠢᠷᠤᠮᠵᠢᠭᠤᠯᠤᠨ ᠵᠠᠰᠠᠬᠤ ᠶᠢ ᠳᠥᠯᠭᠢᠨ ᠠᠬᠢᠭᠤᠯᠵᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠢᠳᠡᠰᠢᠨ ᠤ ᠳᠠᠪᠤᠰᠤᠨ ᠤ ᠵᠠᠬ᠎ᠠ ᠳᠡᠯᠭᠡᠭᠦᠷ ᠲᠤ 2 ᠤᠳᠠᠭᠠᠨ ᠤ ᠬᠤᠯᠪᠤᠭᠠᠯᠠᠭᠰᠠᠨ ᠪᠠᠶᠢᠴᠠᠭᠠᠯᠲᠠ ᠦᠷᠨᠢᠭᠦᠯᠦᠭᠰᠡᠨ ᠤ ᠬᠠᠮᠲᠤ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢᠶᠠᠨ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ︵ᠦᠪᠦᠷ ᠮᠣᠩᠭᠤᠯ︶ ᠤᠨ ᠰᠠᠯᠠᠭ᠎ᠠ ᠮᠦᠴᠢᠷ ᠬᠠᠮᠵᠢᠯᠴᠠᠨ ᠬᠢᠨᠠᠵᠤ ᠬᠠᠮᠢᠶᠠᠷᠬᠤ ᠲᠠᠪᠴᠠᠩ ᠳᠤ ᠣᠷᠤᠭᠤᠯᠵᠤ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠪᠡ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ