ᠱᠢ ᠲᠠᠢ ᠹᠧᠩ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠳᠠᠭᠠᠨ ᠴᠢᠬᠤᠯᠠᠴᠢᠯᠠᠭᠰᠠᠨ ᠨᠢ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2021/3/30

      3 ᠰᠠᠷ᠎ᠠ ᠶᠢᠨ 29᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠳᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠥᠬᠡᠬᠤᠲᠠ ᠳᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠳᠡ ᠶᠢᠨ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠭᠦᠨᠵᠡᠭᠡᠢ ᠯᠠᠪᠳᠠᠭᠤᠨ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠳᠡ ᠶᠢᠨ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃


石泰峰在调研督导政法队伍教育整顿工作时强调.jpg


      ᠱᠢ ᠲᠠᠢ ᠹᠧᠩ ᠡᠩ ᠲᠡᠷᠢᠭᠦᠨ ᠳᠤ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠳᠤ ᠬᠦᠷᠴᠦ᠂ ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠪᠠᠶᠢᠴᠠᠭᠠᠬᠤ ᠪᠠᠶᠢᠭᠤᠯᠭ᠎ᠠ ᠶᠢᠨ ᠦᠢᠯᠡᠴᠢᠯᠡᠭᠡ ᠶᠢ ᠰᠠᠶᠢᠵᠢᠷᠠᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠥᠬᠦᠶ ᠠᠰᠠᠭᠤᠳᠠᠯ ᠤᠨ ᠲᠣᠭᠤᠷᠢᠨ ᠳᠤ ᠣᠯᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠲᠡᠷᠡ᠂ ᠰᠤᠷᠤᠯᠴᠠᠯᠭ᠎ᠠ ᠬᠥᠮᠦᠵᠢᠯ ᠪᠣᠯ ᠬᠥᠮᠦᠵᠢᠯ ᠴᠡᠭᠴᠡᠯᠡᠯᠲᠡ ᠶᠢᠨ ᠠᠵᠢᠯ ᠤᠨ ᠴᠢᠬᠤᠯᠠ ᠭᠤᠭᠴᠤᠭ᠎ᠠ ᠶᠢᠨ ᠨᠢᠭᠡ ᠪᠣᠯᠤᠨ᠎ᠠ᠂ ᠡᠷᠬᠡᠪᠰᠢ ᠭᠦᠨᠵᠡᠭᠡᠢ ᠠᠳᠬᠤᠨ ᠨᠠᠷᠢᠯᠢᠭ ᠠᠳᠬᠤᠵᠤ᠂ ᠪᠦᠬᠦ ᠶᠠᠪᠤᠴᠠ ᠳᠤ ᠲᠤᠭᠤᠰᠢᠯᠠᠭᠤᠯᠤᠨ᠂ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ ᠲᠡᠬᠡᠷ᠎ᠡ ᠪᠠᠨ ᠢᠯᠡᠷᠡᠭᠦᠯᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠳᠤ ᠤᠯᠤᠰ ᠲᠦᠷᠦᠴᠢ ᠴᠢᠨᠠᠷ᠂ ᠰᠡᠷᠡᠮᠵᠢᠯᠡᠭᠦᠯᠬᠦ ᠴᠢᠨᠠᠷ᠂ ᠦᠷᠭᠦᠯᠵᠢᠯᠡᠬᠦ ᠴᠢᠨᠠᠷ ᠢ ᠳᠤᠪᠤᠶᠢᠯᠭᠠᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠡᠯᠪᠡᠷᠢᠴᠢ ᠦᠵᠡᠯ ᠢ ᠡᠷᠡᠰ ᠳᠡᠪᠴᠢᠵᠦ᠂ ᠪᠣᠳᠠᠲᠠᠢ ᠦᠷ᠎ᠡ ᠪᠦᠲᠦᠮᠵᠢ ᠶᠢ ᠴᠢᠬᠤᠯᠠᠴᠢᠯᠠᠨ᠂ ᠦᠵᠡᠯ ᠰᠠᠨᠠᠭ᠎ᠠ ᠲᠠᠨᠢᠯᠲᠠ ᠶᠢᠨ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢ ᠬᠦᠮᠦᠵᠢᠬᠦᠯᠦᠨ ᠵᠢᠯᠤᠭᠤᠳᠴᠤ ᠪᠠᠶᠢᠭᠠᠳ ᠦᠨᠡᠨᠴᠢ ᠰᠢᠳᠤᠷᠭᠤ ᠶᠢᠨ ᠰᠦᠭ ᠰᠦᠨᠡᠰᠦ ᠶᠢ ᠦᠨᠡᠨ ᠬᠦ ᠱᠤᠭᠤᠵᠤ᠂ ᠤᠯᠤᠰ ᠲᠦᠷᠦ ᠶᠢᠨ ᠡᠭᠦᠷᠭᠡᠯᠡᠯ ᠢᠶᠠᠨ ᠦᠨᠡᠨ ᠬᠦ ᠴᠢᠩᠭᠠᠳᠬᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠦᠵᠡᠯ ᠰᠠᠨᠠᠭᠠᠨ ᠤ ᠦᠷ᠎ᠡ ᠪᠦᠲᠦᠭᠡᠯ ᠪᠠ ᠠᠵᠢᠯ ᠤᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠬᠡᠷᠡᠭᠲᠡᠢ᠃ ᠲᠡᠷᠢᠭᠦᠨ ᠤ ᠨᠡᠶᠢᠲᠡᠯᠢᠭ ᠵᠢᠱᠢᠶ᠎ᠡ ᠶᠢ ᠨᠠᠷᠢᠨ ᠬᠢᠨᠠᠮᠠᠭᠠᠢ ᠰᠣᠩᠭᠤᠨ ᠱᠤᠭᠤᠵᠤ᠂ ᠶᠡᠭᠡ ᠪᠠᠷ ᠤᠬᠠᠭᠤᠯᠤᠨ᠂ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢᠶᠠᠨ ᠨᠠᠷᠢᠨ ᠬᠢᠨᠠᠮᠠᠭᠠᠢ ᠳ᠋ᠦᠩᠨᠡᠵᠦ᠂ ᠳᠡᠷᠭᠡᠳᠡᠬᠢ ᠬᠥᠮᠦᠨ ᠪᠠ ᠳᠡᠷᠭᠡᠳᠡᠬᠢ ᠤᠴᠢᠷ ᠶᠠᠪᠤᠳᠠᠯ ᠢᠶᠠᠷ ᠬᠥᠮᠦᠵᠢᠯ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃


2.jpg


      ᠬᠥᠮᠦᠵᠢᠯ ᠴᠡᠭᠴᠡᠯᠡᠯᠳᠡ ᠶᠢᠨ ᠵᠤᠷᠢᠯᠳᠠ ᠪᠠ ᠲᠤᠰᠤᠯᠳᠠ ᠨᠢ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠵᠤ᠂ ᠤᠯᠠᠨ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠳᠤ ᠪᠤᠢ᠃ ᠱᠢ ᠲᠠᠢ ᠹᠧᠩ ᠰᠠᠶᠢᠬᠠᠨ ᠲᠣᠭᠤᠷᠢᠭ ᠤᠨ ᠴᠤᠷᠪᠤᠭ᠎ᠠ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠬᠦᠷᠴᠦ᠂ ᠬᠥᠮᠦᠵᠢᠯ ᠴᠡᠭᠴᠡᠯᠡᠯᠲᠡ ᠶᠢᠨ ᠠᠵᠢᠯ ᠢ ᠠᠬᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠭᠰᠡᠨ ᠵᠡᠷᠭᠡ ᠪᠠᠶᠢᠳᠠᠯ ᠢ ᠭᠦᠨᠵᠡᠭᠡᠢ ᠰᠢᠨᠵᠢᠯᠡᠨ ᠪᠠᠶᠢᠴᠠᠭᠠᠪᠠ᠃
      ᠲᠡᠷᠡ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠤᠷᠤᠰᠢᠵᠤ᠂ ᠥᠷᠭᠡᠨ ᠤᠯᠠᠨ ᠠᠷᠠᠳ ᠲᠦᠮᠡᠨ ᠳᠤ ᠰᠢᠭᠤᠳ ᠬᠠᠨᠳᠤᠵᠤ᠂ ᠠᠷᠠᠳ ᠤᠯᠠᠨ ᠤ ᠠᠮᠤᠷ ᠲᠦᠪᠰᠢᠨ᠂ ᠲᠥᠪ ᠭᠤᠣᠯᠴᠢ᠂ ᠰᠢᠳᠤᠷᠭᠤ ᠶᠣᠰᠣ ᠵᠡᠷᠭᠡ ᠶᠢᠨ ᠲᠤᠬᠠᠢ ᠴᠢᠩ ᠰᠡᠳᠬᠢᠯ ᠤᠨ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠬᠤ ᠶᠤᠮ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠤᠯᠠᠨ ᠲᠦᠮᠡᠨ ᠤ ᠬᠠᠮᠤᠭ ᠠᠴᠠ ᠬᠠᠨᠤᠮᠵᠢ ᠦᠭᠡᠢ ᠪᠠᠶᠢᠬᠤ ᠠᠰᠠᠭᠤᠳᠠᠯ ᠠᠴᠠ ᠡᠬᠢᠯᠡᠨ ᠥᠭᠡᠷᠡᠴᠢᠯᠡᠵᠦ᠂ ᠤᠯᠠᠨ ᠲᠦᠮᠡᠨ ᠤ ᠬᠠᠮᠤᠭ ᠠᠴᠠ ᠬᠦᠰᠡᠵᠦ ᠪᠠᠶᠢᠭ᠎ᠠ ᠶᠠᠪᠤᠳᠠᠯ ᠠᠴᠠ ᠡᠬᠢᠯᠡᠨ ᠬᠢᠵᠦ᠂ ᠡᠭᠦᠳᠡ ᠪᠠᠨ ᠨᠡᠭᠡᠭᠡᠵᠦ ᠬᠥᠮᠦᠵᠢᠯ ᠴᠡᠭᠴᠡᠯᠡᠯᠳᠡ ᠦᠷᠨᠢᠭᠦᠯᠬᠦ ᠶᠢ ᠪᠠᠷᠢᠮᠲᠠᠯᠠᠨ᠂ ᠶᠠᠪᠤᠴᠠ ᠶᠢ ᠤᠯᠠᠨ ᠲᠦᠮᠡᠨ ᠢᠶᠠᠷ ᠬᠢᠨᠠᠯᠲᠠ ᠲᠠᠯᠪᠢᠭᠤᠯᠬᠤ᠂ ᠦᠷ᠎ᠡ ᠪᠦᠲᠦᠮᠵᠢ ᠶᠢ ᠤᠯᠠᠨ ᠲᠦᠮᠡᠨ ᠢᠶᠠᠷ ᠦᠨᠡᠯᠡᠭᠦᠯᠬᠦ ᠶᠢ ᠪᠡᠶᠡᠯᠡᠬᠦᠯᠵᠥ᠂ ᠤᠯᠠᠨ ᠲᠦᠮᠡᠨ ᠢ ᠦᠨᠡᠨ ᠪᠣᠳᠠᠲᠠᠢ ᠲᠦᠷᠦᠭᠳᠡᠯ ᠲᠠᠢ ᠪᠣᠯᠭᠠᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠲᠠᠰᠤᠷᠠᠯᠲᠠ ᠥᠬᠡᠶ ᠰᠠᠶᠢᠵᠢᠷᠠᠭᠤᠯᠵᠤ᠂ ᠠᠷᠭ᠎ᠠ ᠬᠡᠯᠪᠡᠷᠢ ᠪᠠᠨ ᠰᠢᠨᠡᠴᠢᠯᠡᠨ᠂ ᠨᠠᠩ ᠴᠢᠨᠠᠷ ᠰᠠᠶᠢᠲᠠᠶ ᠳᠥᠭᠦᠮ ᠳᠥᠲᠡ ᠥᠨᠳᠥᠷ ᠪᠦᠲᠦᠮᠵᠢᠲᠡᠶ ᠪᠠᠷ ᠣᠯᠠᠨ ᠲᠦᠮᠡᠨ ᠳᠤ ᠦᠢᠯᠡᠴᠢᠯᠡᠭᠡ ᠬᠠᠩᠭᠠᠵᠤ᠂ ︽ᠳᠠᠷᠦ᠋ᠢᠬᠠᠨ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠣᠶᠢᠷ᠎ᠠ ᠬᠠᠪᠢ ᠳᠤ ᠪᠠᠨ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ︾᠎ ᠶᠢ ᠦᠨᠡᠨ ᠬᠦ ᠪᠣᠳᠠᠲᠠᠶ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃ ᠬᠥᠬᠡᠬᠤᠲᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠲᠤ᠂ ᠱᠢ ᠲᠠᠢ ᠹᠧᠩ ᠬᠠᠤᠯᠢ ᠴᠠᠭᠠᠵᠠ ᠶᠢᠨ ᠰᠢᠰᠲ᠋ᠧᠮ ᠤᠨ ᠬᠥᠮᠦᠵᠢᠯ ᠴᠡᠭᠴᠡᠯᠡᠯᠲᠡ ᠥᠷᠨᠢᠭᠦᠯᠦᠭᠰᠡᠨ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠪᠠᠶᠢᠳᠠᠯ ᠢ ᠭᠦᠨᠵᠡᠭᠡᠶ ᠰᠢᠨᠵᠢᠯᠡᠨ ᠪᠠᠶᠢᠴᠠᠭᠠᠭᠰᠠᠨ ᠪᠥᠭᠡᠳ ᠲᠤᠬᠠᠢᠢᠯᠠᠭᠰᠠᠨ ᠠᠵᠢᠯ ᠭᠦᠢᠴᠡᠳᠭᠡᠬᠦ ᠪᠠᠷ ᠢᠷᠡᠭᠰᠡᠨ ᠣᠯᠠᠨ ᠲᠦᠮᠡᠨ ᠪᠣᠯᠤᠨ ᠴᠤᠩᠬᠤᠪᠴᠢ ᠶᠢᠨ ᠠᠵᠢᠯᠲᠠᠳ ᠲᠠᠢ ᠰᠠᠨᠠᠯ ᠢᠶᠠᠨ ᠰᠣᠯᠢᠯᠴᠠᠪᠠ᠃ ᠲᠡᠷᠡ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠠᠷ ᠭᠠᠷᠳᠠᠴᠠ ᠪᠣᠯᠭᠠᠵᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠢ ᠣᠨᠣᠴᠠᠲᠠᠢ ᠵᠣᠯᠭᠠᠭᠤᠯᠤᠨ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠣᠷᠣᠭᠤᠯᠬᠤ ᠶᠢ ᠭᠦᠨᠵᠡᠭᠡᠢ ᠥᠷᠨᠢᠭᠦᠯᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠮᠡᠳᠡᠬᠦ ᠨᠤᠷᠮ᠎ᠠ ᠶᠢ ᠳᠡᠭᠡᠭᠰᠢᠯᠡᠭᠦᠯᠵᠦ᠂ ᠤᠯᠠᠨ ᠲᠦᠮᠡᠨ ᠢ ᠬᠦᠳᠦᠯᠥᠨ ᠳᠠᠭᠠᠭᠤᠯᠵᠤ ᠪᠠᠶᠢᠭᠠᠳ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠥᠪᠡᠷ ᠤᠨ ᠡᠷᠬᠡ ᠠᠰᠢᠭ ᠢᠶᠠᠨ ᠬᠠᠮᠠᠭᠠᠯᠠᠬᠤ ᠶᠢ ᠨᠡᠩ ᠴᠢᠬᠤᠯᠠᠴᠢᠯᠠᠬᠤ ᠪᠤᠯᠭᠠᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠪᠣᠯᠤᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠤᠰᠤᠳ ᠤᠨ ᠲᠠᠯ᠎ᠠ ᠠᠴᠠ ᠪᠤᠳᠤᠯᠬᠢᠯᠠᠬᠤ ᠶᠢ ᠴᠢᠬᠤᠯᠠᠴᠢᠯᠠᠵᠤ᠂ ᠦᠨᠡᠨ ᠬᠦ ᠣᠯᠠᠨ ᠲᠦᠮᠡᠨ ᠳᠤ ᠦᠢᠯᠡᠴᠢᠯᠡᠬᠦ ᠵᠣᠭᠰᠣᠴᠠ ᠠᠴᠠ ᠠᠵᠢᠯ ᠬᠢᠵᠦ᠂ ᠰᠦᠯᠵᠢᠶᠡᠨ ᠳᠡᠭᠡᠷ᠎ᠡ ᠪᠠ ᠲᠤᠬᠠᠢ ᠶᠢᠨ ᠲᠠᠯᠠᠪᠠᠢ ᠳᠤ ᠬᠠᠮᠵᠢᠯᠴᠠᠨ ᠬᠦᠴᠦᠯᠡᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠨᠠᠩ ᠰᠠᠶᠢᠲᠤᠷ ᠲᠥᠬᠦᠮ ᠦᠵᠡᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ᠃


3.jpg 


     ᠰᠠᠶᠢᠬᠠᠨ ᠲᠣᠭᠤᠷᠢᠭ ᠤᠨ ᠰᠢᠭᠦᠬᠦ ᠬᠤᠷᠢᠶ᠎ᠠ ᠳᠤ᠂ ᠱᠢ ᠲᠠᠢ ᠹᠧᠩ ᠵᠠᠷᠭᠤ ᠶᠢᠨ ᠦᠢᠯᠡᠴᠢᠯᠡᠭᠡ ᠶᠢ ᠴᠡᠭᠴᠡᠯᠡᠨ ᠰᠠᠶᠢᠵᠢᠷᠠᠭᠤᠯᠵᠤ ᠰᠢᠯᠢᠳᠡᠭᠵᠢᠭᠦᠯᠦᠭᠰᠡᠨ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠪᠠ᠃ ᠲᠡᠷᠡ᠂ ᠠᠷᠠᠳ ᠤᠨ ᠰᠢᠭᠦᠬᠦ ᠬᠤᠷᠢᠶ᠎ᠠ ᠪᠣᠯ ᠲᠥᠪ ᠭᠤᠤᠯᠴᠢ ᠪᠠᠷ ᠬᠠᠤᠯᠢ ᠪᠠᠷᠢᠬᠤ ᠶᠢᠨ ᠬᠠᠮᠤᠭ ᠡᠴᠦᠰ ᠤᠨ ᠰᠡᠷᠭᠡᠶᠢᠯᠡᠯᠲᠡ ᠶᠢᠨ ᠱᠤᠭᠤᠮ ᠮᠥᠨ᠂ ᠠᠷᠠᠳ ᠤᠨ ᠲᠥᠯᠥᠭᠡ ᠬᠠᠤᠯᠢ ᠪᠠᠷᠢᠬᠤ ᠤᠬᠠᠮᠰᠠᠷ ᠢ ᠪᠠᠲᠤ ᠴᠤᠭᠴᠠᠯᠠᠵᠤ᠂ ᠨᠠᠷᠢᠯᠢᠭ ᠤᠨᠤᠴᠠᠳᠠᠢ ᠰᠠᠳᠭᠢᠯ ᠲᠠᠯᠪᠢᠨ ᠬᠠᠤᠯᠢ ᠪᠠᠷᠢᠵᠤ᠂ ᠶᠠᠭᠠᠬᠢᠭᠰᠠᠨ ᠴᠤ ᠨᠢᠭᠤᠷ ᠲᠠᠯ᠎ᠠ ᠬᠠᠷᠠᠵᠤ ᠬᠡᠷᠡᠭ ᠰᠢᠢᠳᠪᠦᠷᠢᠯᠡᠵᠦ ᠪᠣᠯᠬᠤ ᠥᠬᠡᠶ᠂ ᠠᠷᠠᠳ ᠣᠯᠠᠨ ᠳᠤ ᠬᠠᠤᠯᠢ ᠴᠠᠭᠠᠵᠠ ᠶᠢᠨ ᠬᠡᠷᠡᠭ ᠪᠤᠯᠭᠠᠨ ᠠᠴᠠ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠨ᠂ ᠬᠠᠤᠯᠢ ᠪᠠᠷᠢᠬᠤ ᠠᠵᠢᠯ ᠤᠨ ᠢᠲᠡᠭᠡᠭᠦᠯᠬᠦ ᠬᠦᠴᠦᠨ ᠢ ᠦᠨᠡᠨ ᠬᠦ ᠬᠠᠮᠠᠭᠠᠯᠠᠬᠤ ᠬᠡᠷᠡᠭᠲᠡᠶ᠃ ᠬᠠᠤᠯᠢ ᠴᠠᠭᠠᠵᠠ ᠶᠢᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠡᠯ᠎ᠡ ᠵᠦᠢᠯ ᠤᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠬᠠᠤᠯᠢ ᠴᠠᠭᠠᠵᠠ ᠶᠢᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠳᠤᠮᠳᠠ᠂ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠤᠨ ᠲᠤᠩᠭᠠᠵᠤ᠂ ᠲᠤᠪᠤᠶᠢᠮ᠎ᠠ ᠠᠰᠠᠭᠤᠳᠠᠯ ᠢ ᠭᠦᠨᠵᠡᠭᠡᠢ ᠵᠢᠭᠰᠠᠭᠠᠨ ᠪᠠᠶᠢᠴᠠᠭᠠᠵᠤ ᠡᠷᠡᠰ ᠵᠠᠯᠠᠷᠠᠭᠤᠯᠤᠨ᠂ ᠨᠡᠶᠢᠲᠡᠯᠢᠭ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠮᠥᠷᠲᠡᠭᠡᠨ ᠥᠪᠡᠷᠮᠢᠴᠡ ᠠᠰᠠᠭᠤᠳᠠᠯ ᠢ ᠰᠢᠢᠳᠪᠦᠷᠢᠯᠡᠵᠦ᠂ ᠪᠤᠳᠠᠳᠠᠢ ᠠᠰᠠᠭᠤᠳᠠᠯ ᠢ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠮᠥᠷᠲᠡᠭᠡᠨ ᠨᠢᠭᠡ ᠠᠴᠠ ᠨᠦᠭᠦᠭᠡ ᠶᠢ ᠵᠦᠢᠴᠢᠯᠡᠨ ᠠᠵᠢᠯ ᠢᠶᠠᠨ ᠰᠠᠶᠢᠵᠢᠷᠠᠭᠤᠯᠵᠤ᠂ ᠬᠥᠮᠦᠵᠢᠯ ᠴᠡᠭᠴᠡᠯᠡᠯᠲᠡ ᠶᠢᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠴᠢᠷᠮᠠᠶᠢᠨ ᠴᠢᠩᠭᠠᠳᠬᠠᠵᠤ᠂ ᠤᠯᠠᠨ ᠲᠦᠮᠡᠨ ᠳᠤ ᠬᠥᠮᠦᠵᠢᠯ ᠴᠡᠭᠴᠡᠯᠡᠯᠲᠡ ᠶᠢᠨ ᠠᠪᠴᠢᠷᠠᠭᠰᠠᠨ ᠰᠢᠨ᠎ᠡ ᠪᠠᠶᠢᠳᠠᠯ ᠰᠢᠨ᠎ᠡ ᠬᠤᠪᠢᠷᠠᠯᠲᠠ ᠶᠢ ᠮᠡᠳᠡᠷᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃


4.jpg 


     ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠱᠢ ᠲᠠᠢ ᠹᠧᠩ᠂ ᠡᠯ᠎ᠡ ᠱᠠᠲᠤᠨ ᠤ ᠨᠠᠮ ᠤᠨ ᠬᠤᠷᠢᠶ᠎ᠠ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠵᠢᠭᠠᠨ ᠵᠢᠯᠣᠭᠤᠳᠴᠤ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠨ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠬᠦ ᠲᠤᠬᠠᠢ ᠨᠠᠮ ᠤᠨ ᠲᠥᠪ ᠬᠤᠷᠢᠶᠠᠨ ᠤ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠨ ᠭᠦᠨᠵᠡᠭᠡᠢ ᠲᠤᠭᠤᠰᠢᠯᠠᠭᠤᠯᠵᠤ᠂ ᠤᠯᠤᠰ ᠲᠦᠷᠦ ᠶᠢᠨ ᠲᠠᠯ᠎ᠠ ᠪᠠᠷ ᠬᠢ ᠦᠨᠡᠨᠴᠢ ᠰᠢᠳᠤᠷᠭᠤ ᠶᠢ ᠪᠠᠲᠤ ᠴᠣᠭᠴᠠᠯᠠᠬᠤ᠂ ᠪᠦᠲᠦᠯ ᠦᠭᠡᠢ ᠡᠲᠡᠭᠡᠳ ᠢ ᠠᠷᠢᠯᠭᠠᠬᠤ᠂ ᠠᠷᠬᠠᠭ ᠭᠡᠮ ᠢ ᠴᠡᠭᠴᠡᠯᠡᠨ ᠵᠠᠰᠠᠬᠤ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ︽ᠲᠦᠷᠪᠡᠨ ᠡᠭᠦᠷᠭᠡ︾᠎ ᠳᠤ ᠠᠩᠬᠠᠷᠤᠯ ᠢᠶᠠᠨ ᠲᠦᠪᠯᠡᠷᠡᠭᠦᠯᠦᠨ ᠬᠦᠴᠦᠯᠡᠵᠤ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ᠂ ᠳ᠋ᠦᠩᠨᠡᠨ ᠳᠡᠰ ᠳᠡᠪᠰᠢᠭᠦᠯᠬᠦ ᠡᠯ᠎ᠡ ᠭᠤᠭᠴᠤᠭ᠎ᠠ ᠶᠢᠨ ᠠᠵᠢᠯ ᠢ ᠪᠤᠳᠠᠳᠠᠢ ᠠᠳᠬᠤᠨ ᠨᠠᠷᠢᠯᠢᠭ ᠠᠳᠬᠤᠵᠤ᠂ ᠬᠥᠮᠦᠵᠢᠯ ᠴᠡᠭᠴᠡᠯᠡᠯᠲᠡ ᠶᠢᠨ ᠠᠵᠢᠯ ᠤᠨ ᠲᠠᠰᠤᠷᠠᠯᠳᠠ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠰᠠᠶᠢᠨ ᠰᠠᠶᠢᠬᠠᠨ ᠰᠤᠷᠲᠠᠯ ᠢᠶᠠᠷ ᠬᠥᠮᠦᠵᠢᠯ ᠴᠡᠭᠴᠡᠯᠡᠯᠳᠡ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢ ᠪᠠᠲᠤᠯᠠᠵᠤ᠂ ᠬᠡᠯᠪᠡᠷᠢ ᠶᠢᠨ ᠲᠡᠳᠦᠢ ᠬᠢᠵᠦ᠂ ᠶᠤᠰᠤᠨ ᠲᠡᠳᠦᠢ ᠬᠢᠬᠦ ᠶᠢ ᠡᠷᠡᠰ ᠬᠤᠷᠢᠡᠡᠯᠠᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠳᠡ ᠥᠷᠨᠢᠭᠦᠯᠬᠦ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠠᠬᠢᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠵᠡᠷᠭᠡ ᠠᠵᠢᠯ ᠲᠠᠢ ᠣᠷᠭᠠᠨᠢᠭ ᠢᠶᠠᠷ ᠤᠶᠠᠯᠳᠤᠭᠤᠯᠤᠨ᠂ ᠡᠯ᠎ᠡ ᠲᠦᠷᠦᠯ ᠤᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠶᠡᠷᠦᠩᠬᠡᠶᠢᠯᠡᠭᠰᠡᠨ ᠦᠷ᠎ᠡ ᠨᠦᠯᠦᠭᠡ ᠶᠢ ᠦᠨᠡᠨ ᠬᠦ ᠪᠤᠢ ᠪᠤᠯᠭᠠᠨ ᠥᠷᠭᠡᠳᠬᠡᠬᠦ ᠬᠡᠷᠡᠭᠲᠡᠢ ᠭᠡᠵᠤ ᠴᠢᠬᠤᠯᠠᠴᠢᠯᠠᠵᠠᠢ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ

ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ