ᠦᠪᠡᠷᠲᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠲᠠᠪᠤᠳᠤᠭᠠᠷ ᠬᠤᠷᠠᠯ ᠡᠬᠢᠯᠡᠪᠡ  ᠱᠢ ᠲᠠᠢ ᠹᠸᠡᠭ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2021/3/30
      3 ᠰᠠᠷ᠎ᠠ ᠶᠢᠨ 29 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠲᠠᠪᠤᠳᠤᠭᠠᠷ ᠬᠤᠷᠠᠯ ᠬᠦᠬᠡᠬᠤᠳᠠ ᠳᠤ ᠡᠬᠢᠯᠡᠭᠰᠡᠨ ᠪᠦᠭᠡᠳ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠵᠠᠢ᠃
0330自治区十三届人大常委会第二十五次会议开幕 石泰峰主持.jpg
      ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠭᠦᠨ ᠤᠳᠤ 64 ᠬᠦᠮᠦᠨ ᠪᠣᠢ᠂ 55 ᠬᠦᠮᠦᠨ ᠨᠢ ᠲᠤᠰ ᠤᠳᠠᠭᠠᠨ ᠤ ᠬᠤᠷᠠᠯ ᠳᠤ ᠤᠷᠤᠯᠴᠠᠵᠤ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃
0330自治区十三届人大常委会第二十五次会议开幕 石泰峰主持2.jpg
      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ ᠬᠤᠷᠠᠯ ᠢ ᠡᠷᠬᠢᠯᠡᠵᠠᠢ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠸᠠᠩ ᠪᠦᠸᠧ᠂ ᠯᠢᠶᠠᠨ ᠰᠤ᠋᠂ ᠵᠠᠩ ᠶᠤᠸᠠᠨ ᠵᠦᠡᠭ᠂ ᠾᠸ᠋ ᠶᠠᠨ ᠯᠢᠩ᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ ᠪᠠᠶᠢᠡᠭᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ ᠶᠠᠩ ᠽᠦᠡᠭ ᠷᠸᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠴᠢ ᠲᠠᠷᠤᠭ᠎ᠠ ᠯᠢ ᠴᠢ ᠯᠢᠨ ᠬᠤᠷᠠᠯ ᠳᠤ ᠰᠤᠯᠠ ᠤᠷᠤᠯᠴᠠᠵᠠᠢ᠃ ᠬᠤᠷᠠᠯ ᠠᠴᠠ ᠶᠡᠷᠦᠩᠭᠡᠢ ᠱᠦᠵᠢ ᠰᠢ ᠶᠢᠨ ᠫᠢᠡᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠶᠢᠨ ᠴᠢᠬᠤᠯᠠ ᠶᠠᠷᠢᠶ᠎ᠠ ᠪᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠤᠭᠡᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠤᠨ ᠵᠦᠪᠯᠡᠭᠦ ᠵᠦᠢᠯᠡᠰ ᠢ ᠪᠠᠳᠤᠯᠠᠬᠰᠠᠨ ᠤ ᠲᠠᠷᠠᠭ᠎ᠠ᠂ ᠬᠤᠷᠠᠯ ᠠᠴᠠ ᠠᠢ ᠯᠢ ᠬᠤᠸᠠ᠂ ᠯᠢᠶᠠᠨ ᠰᠤ᠋ ᠶᠢᠨ ᠲᠤᠰ ᠲᠤᠰ ᠬᠢᠭᠰᠡᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠪᠠᠷ ᠲᠡᠪᠰᠢᠭᠦᠯᠭᠦ ᠬᠦᠮᠦᠰ ᠤᠨ ᠪᠠᠶᠢᠳᠠᠯ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ᠃      ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠦᠪᠯᠡᠯ ᠤᠨ ᠲᠡᠳ᠋ ᠡᠷᠬᠢᠯᠡᠭᠴᠢ ᠭᠡᠰᠢᠭᠦᠨ ᠰᠠᠷᠠᠨ ᠤ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠨ ᠨᠡᠶᠢᠳᠡ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠳᠠ ᠶᠢᠨ ᠲᠦᠷᠢᠮ ︵ᠲᠦᠰᠤᠯ︶︾ ᠢ ᠬᠢᠨᠠᠨ ᠵᠦᠪᠯᠡᠭᠰᠡᠨ ᠦᠷ᠎ᠠ ᠳ᠋ᠦᠩ ᠤᠨ ᠲᠤᠬᠠᠢ ᠮᠡᠳᠡᠭᠦᠯᠦᠯᠳᠡ ᠪᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠢᠯᠴᠢᠨ ᠤ ᠡᠪᠯᠡᠯ ᠤᠨ ᠬᠦᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠲᠦᠷᠢᠮ ︵ᠲᠦᠰᠤᠯ︶︾ ᠢ ᠬᠢᠨᠠᠨ ᠵᠦᠪᠯᠡᠭᠰᠡᠨ ᠦᠷ᠎ᠠ ᠳ᠋ᠦᠩ ᠤᠨ ᠲᠤᠬᠠᠢ ᠮᠡᠳᠡᠭᠦᠯᠦᠯᠳᠡ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠵᠢᠯᠳᠠᠨ ᠤ ᠶᠠᠪᠤᠳᠠᠯ ᠲᠦᠯᠦᠭᠡᠯᠡᠭᠴᠢ ᠰᠤᠩᠭᠤᠭᠤᠯᠢ ᠶᠢᠨ ᠠᠵᠢᠯ ᠤᠨ ᠵᠦᠪᠯᠡᠯ ᠤᠨ ᠡᠷᠬᠢᠯᠡᠭᠴᠢ ᠰᠦᠨ ᠸᠧᠢ ᠳ᠋ᠦᠩ ᠤᠨ ᠬᠢᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠤᠩᠭᠤᠭᠤᠯᠢ ᠶᠢᠨ ᠨᠠᠷᠢᠨ ᠲᠦᠷᠢᠮ ᠳᠤ ᠵᠠᠰᠠᠪᠤᠷᠢ ᠤᠷᠤᠭᠤᠯᠬᠤ ᠲᠦᠰᠤᠯ ︵ᠲᠦᠰᠤᠯ︶︾ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠲᠦᠡᠭᠯᠢᠶᠤᠤ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠵᠢᠢ ᠴᠢᠶᠠᠩ ᠤᠨ ᠬᠢᠭᠰᠡᠨ ︽ᠲᠦᠡᠭᠯᠢᠶᠤᠤ ᠬᠤᠳᠠ ᠶᠢᠨ ᠤᠤᠭᠤᠬᠤ ᠤᠰᠤᠨ ᠤ ᠡᠭᠢ ᠰᠤᠷᠪᠤᠯᠵᠢ ᠶᠢᠨ ᠬᠠᠮᠠᠭᠠᠯᠠᠯᠳᠠ ᠶᠢᠨ ᠲᠦᠷᠢᠮ︾ ᠤᠨ ᠲᠤᠬᠠᠢ ᠲᠤᠳᠤᠷᠬᠠᠢᠢᠯᠠᠯᠳᠠ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠦᠯᠦᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠦᠪᠯᠡᠯ ᠤᠨ ᠲᠡᠳ᠋ ᠡᠷᠬᠢᠯᠡᠭᠴᠢ ᠭᠡᠰᠢᠭᠦᠨ ᠰᠦᠨ ᠸᠧᠢ ᠳ᠋ᠦᠩ ᠤᠨ ᠬᠢᠭᠰᠡᠨ ᠤᠨᠴᠠ ᠵᠠᠷᠢᠮ ᠲᠦᠯᠦᠭᠡᠯᠡᠭᠴᠢ ᠶᠢᠨ ᠲᠦᠯᠦᠭᠡᠯᠡᠭᠴᠢ ᠶᠢᠨ ᠬᠢᠷᠢ ᠭᠡᠮ ᠤᠨ ᠲᠤᠬᠠᠢ ᠮᠡᠳᠡᠭᠦᠯᠤᠯᠳᠠ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠠᠤᠯᠢ ᠲᠦᠷᠢᠮ ᠤᠨ ᠠᠵᠢᠯ ᠤᠨ ᠵᠦᠪᠯᠡᠯ ᠤᠨ ᠡᠷᠬᠢᠯᠡᠭᠴᠢ ᠰᠠᠷᠠᠨ ᠤ ᠬᠢᠭᠰᠡᠨ 2020 ᠣᠨ ᠤ ᠲᠠᠩᠰᠠᠯᠠᠵᠦ ᠬᠢᠨᠠᠨ ᠪᠠᠶᠢᠴᠠᠭᠠᠬᠰᠠᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠰᠤᠨᠤᠰᠪᠠ︔ ᠦᠪᠡᠷᠳᠡᠭᠡᠨ ᠵᠠᠰᠠᠬᠤ ᠤᠷᠤᠨ ᠤ ᠬᠢᠨᠠᠨ ᠪᠤᠳᠤᠬᠤ ᠲᠢᠩᠭᠢᠮ ᠤᠨ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ ᠾᠦᠸᠧ ᠵᠤᠤ ᠯᠢᠶᠠᠩ ᠤᠨ ᠬᠢᠭᠰᠡᠨ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠲᠦᠰᠦᠪ ᠤᠨ ᠬᠦᠢᠴᠡᠳᠭᠡᠯ ᠪᠠ ᠪᠤᠰᠤᠳ ᠡᠳ᠋ ᠤᠨ ᠵᠠᠰᠠᠬ ᠤᠨ ᠤᠷᠤᠯᠭ᠎ᠠ ᠵᠠᠷᠤᠯᠭ᠎ᠠ ᠶᠢᠨ 2020 ᠣᠨ ᠤ ᠬᠢᠨᠠᠨ ᠪᠤᠳᠤᠯᠳᠠ ᠪᠠᠷ ᠪᠠᠶᠢᠴᠠᠭᠠᠵᠦ ᠭᠠᠷᠭᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠰᠤᠨᠤᠰᠪᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠲᠤᠰᠬᠠᠢ ᠵᠦᠪᠯᠡᠯ ᠤᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠪᠠ ᠠᠶᠢᠮᠠᠬ ᠤᠨ ᠠᠵᠢᠯ ᠤᠨ ᠬᠤᠷᠢᠶ᠎ᠠ ᠶᠢᠨ ᠬᠠᠷᠢᠭᠤᠴᠠᠯᠭᠠᠳᠠᠨ ᠨᠦᠬᠦᠳ᠂ ᠡᠯ᠎ᠠ ᠲᠤᠭᠤᠷᠢᠭ ᠲᠠᠢ ᠬᠤᠳᠠ᠂ ᠲᠤᠰᠠᠭᠠᠷ ᠲᠦᠯᠦᠪᠯᠡᠭᠡᠳᠤ ᠬᠤᠳᠠ ᠪᠠ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠠᠷᠢᠭᠤᠴᠠᠯᠭᠠᠳᠠᠨ ᠨᠦᠭᠦᠳ᠂ ᠦᠪᠡᠷᠳᠡᠭᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠵᠦᠪᠯᠡᠯ᠂ ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠭᠦᠳ ᠬᠤᠷᠠᠯ ᠳᠤ ᠰᠤᠯᠠ ᠤᠷᠤᠯᠴᠠᠵᠠᠢ᠃
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ