28 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠠᠳᠠ · ᠵᠥᠩ ᠭᠤᠸᠠᠨ ᠼᠦᠨ ᠮᠡᠳᠡᠭᠡ ᠵᠠᠩᠭᠢ ᠶᠢᠨ ᠴᠤᠭᠯᠠᠷᠠᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠵᠢᠩᠬᠢᠨᠢ ᠪᠠᠷ ᠡᠭᠦᠳᠡ ᠪᠠᠨ ᠨᠡᠭᠡᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠠᠩᠬᠠᠨ ᠤ ᠪᠦᠯᠦᠭ 18 ᠠᠵᠤ ᠠᠬᠤᠶᠢᠯᠠᠯ ᠰᠠᠭᠤᠷᠢᠨ ᠭᠠᠵᠠᠷ ᠲᠤ ᠣᠷᠣᠵᠤ ᠰᠠᠭᠤᠷᠢᠰᠢᠪᠠ᠃ | ᠤᠯᠠᠭᠠᠨᠬᠠᠳᠠ · ᠵᠦᠩ ᠭᠤᠸᠠᠨ ᠼᠦᠨ ᠮᠡᠳᠡᠭᠡ ᠵᠠᠩᠭᠢ ᠶᠢᠨ ᠴᠤᠭᠯᠠᠷᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ | ᠭᠠᠵᠠᠷ ᠪᠣᠯ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠠᠴᠠ ᠪᠠᠶᠢᠭᠤᠯᠵᠤ᠂ ᠪᠡᠭᠡᠵᠢᠩ ᠤᠨ ᠵᠦᠩ ᠭᠤᠸᠠᠨ ᠼᠦᠨ ᠠᠴᠠ ᠡᠵᠡᠩᠨᠡᠨ | ᠬᠠᠮᠢᠶᠠᠷᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠪᠠᠶᠢᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ | ᠣᠶᠤᠨᠴᠢ ᠦᠢᠯᠡᠳᠬᠡᠯ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠠᠵᠤ ᠦᠢᠯᠡᠰ ᠢ ᠲᠥᠪᠯᠡᠷᠡᠭᠦᠯᠵᠦ᠂ ᠰᠤᠳᠤᠯᠤᠨ ᠨᠡᠭᠡᠭᠡᠯᠲᠡ᠂ ᠨᠡᠪᠴᠢᠭᠦᠯᠦᠭᠦᠷ᠂ | ᠦᠢᠯᠡᠳᠪᠦᠷᠢᠯᠡᠯ᠂ ᠬᠡᠷᠡᠭᠯᠡᠭᠡᠨ ᠵᠡᠷᠭᠡ ᠠᠵᠤ ᠦᠢᠯᠡᠰ ᠤᠨ ᠬᠡᠯᠬᠢᠶ᠎ᠡ ᠶᠢ ᠪᠦᠬᠦ ᠲᠠᠯ᠎ᠠ ᠪᠠᠷ ᠴᠣᠭᠴᠠᠯᠠᠨ ᠪᠠᠶᠢᠭᠤᠯᠤᠨ᠎ᠠ᠃ | ᠬᠦᠷᠢᠶᠡᠯᠡᠩ ᠡᠭᠦᠳᠡ ᠪᠠᠨ ᠨᠡᠭᠡᠭᠡᠭᠰᠡᠨ ᠤ ᠳᠠᠷᠠᠭ᠎ᠠ᠂ ᠵᠥᠩ ᠭᠤᠸᠠᠨ ᠼᠦᠨ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ᠂ ᠬᠥᠷᠥᠩᠭᠡ᠂ | ᠠᠵᠤ ᠦᠢᠯᠡᠰ ᠤᠨ ᠳᠠᠪᠠᠭᠤᠯᠢᠭ ᠬᠢᠭᠡᠳ ᠬᠥᠭᠵᠢᠯᠲᠡ ᠶᠢᠨ ᠲᠤᠷᠰᠢᠯᠭ᠎ᠠ ᠵᠡᠷᠭᠡ ᠪᠠᠨ ᠤᠯᠠᠭᠠᠨᠬᠠᠳᠠ ᠳᠤ ᠣᠷᠣᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠬᠥᠷᠥᠩᠭᠡ ᠶᠢᠨ ᠬᠡᠯᠬᠢᠶ᠎ᠡ᠂ ᠴᠢᠳᠠᠪᠤᠷᠢᠲᠠᠨ ᠤ | ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠥᠪᠡᠷᠮᠢᠴᠡ ᠣᠨᠴᠠᠯᠢᠭ ᠲᠠᠢ ᠰᠢᠨ᠎ᠡ ᠶᠢ ᠡᠭᠦᠳᠬᠦ ᠠᠮᠢ ᠠᠬᠤᠶ ᠶᠢ ᠴᠣᠭᠴᠠᠯᠠᠨ ᠪᠠᠶᠢᠭᠤᠯᠬᠤ ᠪᠣᠯᠤᠨ᠎ᠠ᠃ | ᠤᠯᠠᠭᠠᠨᠬᠠᠳᠠ ᠬᠤᠳᠠ ᠠᠴᠠ ᠥᠪᠥᠷ ᠮᠣᠩᠭᠤᠯ ᠤᠨ ᠵᠡᠭᠦᠨ ᠬᠡᠰᠡᠭ᠂ ᠾᠸᠪᠸᠢ ᠶᠢᠨ ᠬᠤᠶᠢᠲᠤ ᠬᠡᠰᠡᠭ᠂ ᠯᠢᠶᠣᠣᠨᠢᠩ ᠤᠨ ᠪᠠᠷᠠᠭᠤᠨ ᠬᠡᠰᠡᠭ ᠤᠨ ᠠᠵᠤ ᠦᠢᠯᠡᠰ ᠤᠨ | ᠰᠢᠯᠵᠢᠯᠲᠡ ᠶᠢ ᠢᠳᠡᠪᠬᠢᠲᠡᠢ ᠪᠠᠷ ᠡᠭᠦᠷᠭᠡᠯᠡᠨ ᠠᠪᠴᠤ᠂ ᠬᠦᠷᠢᠶᠡᠯᠡᠩ ᠲᠣᠭᠤᠷᠢᠭ ᠲᠤ ᠣᠷᠣᠵᠤ ᠰᠠᠭᠤᠷᠢᠰᠢᠭᠰᠠᠨ ᠠᠵᠤ ᠠᠬᠤᠶᠢᠯᠠᠯ ᠳᠤ ᠨᠢᠭᠡ ᠴᠤᠬᠴᠠᠵᠢᠭᠤᠯᠤᠬᠰᠠᠨ | ᠦᠢᠯᠡᠴᠢᠯᠡᠭᠡ ᠬᠠᠩᠭᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠵᠢᠱᠢᠶ᠎ᠡ ᠦᠵᠡᠭᠦᠯᠬᠦ | ᠬᠦᠷᠢᠶᠡᠯᠡᠩ ᠢ ᠪᠠᠶᠢᠭᠤᠯᠤᠨ᠎ᠠ᠃ | ᠬᠦᠷᠢᠶᠡᠯᠡᠩ ᠨᠡᠭᠡᠭᠡᠬᠦ ᠶᠣᠰᠣᠯᠠᠯ ᠳᠡᠭᠡᠷ᠎ᠡ᠂ ᠰᠢᠨ᠎ᠡ ᠶᠢ ᠡᠭᠦᠳᠬᠦ ᠳᠤᠮᠳᠠᠳᠤ ᠤᠯᠤᠰ ᠤᠨ ᠵᠠᠮᠨᠠᠯ · 2021 ᠣᠶᠤᠨᠴᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠥᠭᠵᠢᠯᠲᠡ ᠶᠢᠨ ᠲᠡᠷᠢᠭᠦᠨᠴᠦᠳ ᠤᠨ ᠹᠦᠷᠦ᠋ᠮ ᠢ ᠡᠷᠭᠢᠯᠡᠵᠦ᠂ 200 ᠭᠠᠷᠤᠶ ᠲᠤᠰᠬᠠᠶ ᠮᠡᠷᠭᠡᠵᠢᠯᠲᠡᠨ ᠡᠷᠳᠡᠮᠲᠡᠨ᠂ ᠪᠠᠶᠢᠭᠤᠯᠤᠮᠵᠢ ᠵᠢᠴᠢ ᠠᠵᠢᠯ | ᠲᠥᠷᠥᠯ ᠤᠨ ᠳᠡᠭᠡᠳᠦ ᠲᠠᠰ ᠤᠨ ᠬᠠᠮᠢᠶᠠᠷᠤᠭᠴᠢᠳ ᠬᠤᠷᠠᠯ ᠳᠤ ᠣᠷᠣᠯᠴᠠᠵᠤ᠂ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠰ ᠤᠨ | ᠬᠥᠭᠵᠢᠯᠲᠡ ᠶᠢᠨ ᠴᠢᠭᠯᠡᠯ ᠪᠠ ᠢᠷᠡᠭᠡᠳᠦᠶ ᠶᠢᠨ ᠬᠠᠨᠳᠤᠰᠢ ᠶᠢ ᠬᠠᠮᠲᠤ ᠪᠠᠷ ᠰᠤᠳᠤᠯᠤᠨ ᠶᠠᠷᠢᠯᠴᠠᠪᠠ᠃ |