ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠲᠠᠪᠤᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠠ  ᠱᠢ ᠲᠠᠢ ᠹᠸᠡᠭ ᠬᠤᠷᠠᠯ ᠢ ᠡᠷᠬᠢᠯᠡᠭᠰᠡᠨ ᠪᠦᠭᠡᠳ ᠲᠤᠰᠢᠶᠠᠯ ᠳᠤ ᠲᠤᠮᠢᠯᠠᠬᠤ ᠪᠢᠴᠢᠭ ᠭᠠᠷᠳᠠᠭᠤᠯᠵᠠᠢ
ᠨᠡᠶᠢᠲᠡᠯᠡᠭᠰᠡᠨ ᠴᠠᠭ᠄
2021/3/31
      3 ᠰᠠᠷ᠎ᠠ ᠶᠢᠨ 30 ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠲᠠᠪᠤᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃ 
1-660.jpg
      3 ᠰᠠᠷ᠎ᠠ ᠶᠢᠨ 30 ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠲᠠᠪᠤᠳᠤᠭᠠᠷ ᠬᠤᠷᠠᠯ ᠦᠨᠳᠦᠰᠦᠨ ᠬᠠᠤᠯᠢ ᠳᠤ ᠲᠠᠩᠭᠠᠷᠢᠭᠯᠠᠬᠤ ᠶᠤᠰᠤᠯᠠᠯ ᠶᠠᠪᠤᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠩ ᠶᠤᠰᠤᠯᠠᠯ ᠢ ᠡᠷᠬᠢᠯᠡᠭᠰᠡᠨ ᠪᠦᠭᠡᠳ ᠲᠠᠩᠭᠠᠷᠢᠭᠯᠠᠬᠤ ᠶᠢ ᠬᠢᠨᠡᠪᠡ᠃ ᠵᠢᠷᠤᠭ ᠪᠤᠯ ᠰᠢᠨ᠎ᠠ ᠪᠠᠷ ᠲᠤᠰᠢᠶᠠᠯ ᠳᠤ ᠲᠤᠮᠢᠯᠠᠬᠳᠠᠬᠰᠠᠳ ᠬᠠᠤᠯᠢ ᠶᠤᠰᠤᠭᠠᠷ ᠦᠨᠳᠤᠰᠤᠨ ᠬᠠᠤᠯᠢ ᠳᠤ ᠲᠠᠩᠭᠠᠷᠢᠬᠯᠠᠪᠠ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠸᠠᠩ ᠪᠦᠸᠧ᠂ ᠯᠢ ᠷᠦᠡᠭ ᠰᠢ᠂ ᠯᠢᠶᠠᠨ ᠰᠤ᠋᠂ ᠵᠠᠩ ᠶᠤᠸᠠᠨ ᠵᠦᠡᠭ᠂ ᠾᠸ᠋ ᠶᠠᠨ ᠯᠢᠩ᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ ᠪᠠᠶᠢᠡᠭᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠵᠸᠡᠭ ᠬᠤᠨᠭ᠌ ᠹᠠᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ ᠶᠠᠩ ᠽᠦᠡᠭ ᠷᠸᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠴᠢ ᠲᠠᠷᠤᠭ᠎ᠠ ᠯᠢ ᠴᠢ ᠯᠢᠨ ᠬᠤᠷᠠᠯ ᠳᠤ ᠰᠤᠯᠠ ᠤᠷᠤᠯᠴᠠᠵᠠᠢ᠃      ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠭᠦᠨ ᠤᠳᠤ 64 ᠬᠦᠮᠦᠨ ᠪᠣᠢ᠂ 56 ᠬᠦᠮᠦᠨ ᠨᠢ ᠲᠤᠰ ᠤᠳᠠᠭᠠᠨ ᠤ ᠪᠦᠭᠦᠳᠡ ᠬᠤᠷᠠᠯ ᠳᠤ ᠤᠷᠤᠯᠴᠠᠵᠤ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃      ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠨ ᠨᠡᠶᠢᠳᠡ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠳᠠ ᠶᠢᠨ ᠲᠦᠷᠢᠮ︾ ᠪᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠢᠯᠴᠢᠨ ᠤ ᠡᠪᠯᠡᠯ ᠤᠨ ᠬᠦᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠲᠦᠷᠢᠮ︾ ᠢ ᠪᠠᠳᠤᠯᠠᠪᠠ᠃      ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠤᠩᠭᠤᠭᠤᠯᠢ ᠶᠢᠨ ᠨᠠᠷᠢᠨ ᠲᠦᠷᠢᠮ︾ ᠳᠤ ᠵᠠᠰᠠᠪᠤᠷᠢ ᠤᠷᠤᠭᠤᠯᠬᠤ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠬᠳᠠᠭᠠᠯ᠂︽ᠲᠦᠡᠭᠯᠢᠶᠤᠤ ᠬᠤᠳᠠ ᠶᠢᠨ ᠤᠤᠭᠤᠬᠤ ᠤᠰᠤᠨ ᠤ ᠡᠭᠢ ᠰᠤᠷᠪᠤᠯᠵᠢ ᠶᠢᠨ ᠬᠠᠮᠠᠭᠠᠯᠠᠯᠳᠠ ᠶᠢᠨ ᠲᠦᠷᠢᠮ︾ ᠢ ᠵᠦᠪᠰᠢᠶᠡᠷᠡᠭᠦ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠰᠢᠢᠳᠪᠤᠷᠢ ᠶᠢ ᠪᠠᠳᠤᠯᠠᠪᠠ᠃      ᠬᠤᠷᠠᠯ ᠠᠴᠠ ᠪᠠᠰᠠ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠳᠤᠯᠠᠪᠠ᠃      ᠱᠢ ᠲᠠᠢ ᠹᠸᠡᠭ ᠠᠴᠠ ᠱᠢ ᠸᠠᠨ ᠵᠢᠶᠦ᠋ᠨ᠂ ᠯᠦᠸᠧ ᠬᠤ᠋ ᠽᠠᠢ᠂ ᠵᠢᠶᠠᠩ ᠬᠤᠨᠭ᠌᠂ ᠭᠤᠤ ᠱᠢ ᠴᠢᠨ᠂ ᠰᠡᠴᠡᠨᠪᠢᠯᠢᠭ᠂ ᠾᠦᠸᠧ ᠵᠤᠤ ᠯᠢᠶᠠᠩ᠂ ᠰᠢᠤᠢ ᠵᠦᠸᠧ᠂ ᠸᠠᠩ ᠶᠦᠡᠭ ᠮᠢᠩ᠂ ᠸᠠᠩ ᠸᠧᠢ ᠳ᠋ᠦᠡᠭ᠂ ᠲᠢᠶᠠᠨ ᠯᠢ ᠮᠢᠨ᠂ ᠬᠠᠨ ᠪᠤᠤ ᠷᠦᠡᠭ ᠳᠤ ᠲᠤᠰᠢᠶᠠᠯ ᠳᠤ ᠲᠤᠮᠢᠯᠠᠬᠤ ᠪᠢᠴᠢᠭ ᠭᠠᠷᠳᠠᠭᠤᠯᠪᠠ᠃      ᠰᠢᠨ᠎ᠠ ᠪᠠᠷ ᠲᠤᠰᠢᠶᠠᠯ ᠳᠤ ᠲᠤᠮᠢᠯᠠᠬᠳᠠᠬᠰᠠᠳ ᠦᠨᠳᠤᠰᠤᠨ ᠬᠠᠤᠯᠢ ᠳᠤ ᠲᠦᠪ ᠴᠢᠩᠭ᠎ᠠ ᠪᠠᠷ ᠲᠠᠩᠭᠠᠷᠢᠬᠯᠠᠪᠠ᠃      ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠡᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠶᠢᠨ ᠴᠢᠬᠤᠯᠠ ᠶᠠᠷᠢᠶ᠎ᠠ ᠨᠢ᠂ ᠪᠢᠳᠡ ᠰᠢᠨ᠎ᠠ ᠬᠦᠭᠵᠢᠯᠳᠠ ᠶᠢᠨ ᠱᠠᠳᠤᠨ ᠤ ᠡᠯ᠎ᠠ ᠵᠦᠢᠯ ᠤᠨ ᠠᠵᠢᠯ ᠢᠶᠠᠨ ᠰᠠᠶᠢᠳᠤᠷ ᠬᠢᠭᠦ ᠳᠤ ᠦᠵᠡᠯ ᠰᠠᠨᠠᠭᠠᠨ ᠤ ᠵᠢᠷᠤᠮᠯᠠᠯ ᠪᠠ ᠦᠢᠯᠠ ᠠᠵᠢᠯᠯᠠᠭ᠎ᠠ ᠶᠢᠨ ᠵᠦᠭᠯᠡᠭᠦᠷ ᠬᠠᠨᠭ᠍ᠭᠠᠪᠠ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ︽ᠰᠢᠨ᠎ᠠ ᠬᠦᠭᠵᠢᠯᠳᠠ ᠶᠢᠨ ᠤᠢᠢᠯᠠᠭᠠᠬᠳᠠᠬᠤᠨ ᠢ ᠪᠦᠷᠢᠨ ᠲᠦᠭᠦᠷ᠂ ᠵᠦᠪ ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠦ᠂ ᠰᠢᠨ᠎ᠠ ᠬᠦᠭᠵᠢᠯᠳᠠ ᠶᠢᠨ ᠪᠠᠶᠢᠷᠢᠰᠢᠯ ᠳᠤ ᠬᠦᠴᠤᠯᠠᠨ ᠦᠢᠯᠡᠴᠢᠯᠡᠭᠦ ᠪᠠ ᠠᠭᠤᠰᠤᠯᠴᠠᠬᠤ︾ ᠲᠡᠭᠡᠷ᠎ᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠦᠢᠯᠡᠳᠤᠯ ᠢᠶᠠᠨ ᠨᠡᠩ ᠰᠠᠶᠢᠳᠤᠷ ᠪᠠᠳᠠᠷᠠᠭᠤᠯᠵᠦ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ ᠪᠠᠭᠢᠯᠡᠯᠳᠡ︾ ᠶᠢ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠨᠡᠩ ᠦᠨᠳᠤᠷ ᠪᠦᠲᠦᠮᠵᠢᠳᠠᠢ ᠪᠠᠷ ᠰᠠᠶᠢᠳᠤᠷ ᠠᠬᠢᠭᠤᠯᠤᠨ ᠨᠠᠶᠢᠳᠠᠪᠤᠷᠢᠵᠢᠭᠤᠯᠵᠦ᠂ ᠦᠪᠡᠷᠳᠡᠭᠡᠨ ᠵᠠᠰᠠᠬᠤ ᠤᠷᠤᠨ ᠤ ᠰᠢᠨ᠎ᠠ ᠬᠦᠭᠵᠢᠯᠳᠠ ᠶᠢᠨ ᠪᠠᠶᠢᠷᠢᠰᠢᠯ ᠳᠤ ᠨᠡᠩ ᠰᠠᠶᠢᠳᠤᠷ ᠦᠢᠯᠡᠴᠢᠯᠡᠭᠦ ᠪᠠ ᠠᠭᠤᠰᠤᠯᠴᠠᠬᠤ ᠶᠢ ᠠᠬᠢᠭᠤᠯᠬᠤ ᠬᠡᠷᠡᠭᠳᠡᠢ᠃ ︽ᠲᠤᠮᠳᠠᠳᠤ ᠶᠢᠨ ᠦᠨᠳᠤᠰᠦᠳᠡᠨ ᠤ ᠬᠠᠮᠳᠤ ᠴᠤᠬᠴᠠ ᠶᠢᠨ ᠤᠬᠠᠮᠰᠠᠷ ᠢ ᠪᠠᠳᠤ ᠴᠤᠬᠴᠠᠯᠠᠵᠦ᠂ ᠦᠨᠳᠤᠰᠦᠳᠡᠨ ᠤ ᠶᠡᠭᠡ ᠪᠦᠯᠭᠦᠮᠳᠠᠯ ᠢ ᠪᠠᠭᠢᠵᠢᠭᠦᠯᠦᠨ ᠬᠦᠭᠵᠢᠭᠦᠯᠭᠦ︾ ᠲᠡᠭᠡᠷ᠎ᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠯᠭ᠎ᠠ ᠡᠭᠦᠷᠭᠡᠯᠡᠯ ᠢᠶᠠᠨ ᠨᠡᠩ ᠰᠠᠶᠢᠳᠤᠷ ᠢᠯᠡᠷᠡᠭᠦᠯᠵᠦ᠂ ᠦᠨᠳᠦᠰᠦᠳᠡᠨ ᠤ ᠠᠵᠢᠯ ᠢ ᠤᠯᠤᠰ ᠲᠦᠷᠦ ᠶᠢᠨ ᠲᠠᠯ᠎ᠠ ᠠᠴᠠ᠂ ᠪᠦᠭᠦ ᠲᠠᠯ᠎ᠠ ᠲᠡᠭᠡᠷ᠎ᠠ ᠠᠴᠠ ᠲᠠᠨᠢᠬᠤ ᠪᠠ ᠡᠵᠡᠮᠰᠢᠭᠦ ᠶᠢ ᠪᠠᠷᠢᠮᠳᠠᠯᠠᠵᠦ᠂ ᠦᠨᠳᠦᠰᠦᠳᠡᠨ ᠤ ᠬᠦᠷᠢᠶᠠᠨ ᠤ ᠬᠠᠤᠯᠢ ᠲᠤᠬᠳᠠᠭᠠᠬᠤ ᠠᠵᠢᠯ ᠢ ᠦᠷᠭᠦᠯᠵᠢᠯᠠᠨ ᠴᠢᠩᠭᠠᠳᠬᠠᠵᠦ᠂ ᠦᠨᠳᠦᠰᠦᠳᠡᠨ ᠤ ᠠᠵᠢᠯ ᠤᠨ ᠲᠠᠯ᠎ᠠ ᠶᠢᠨ ᠬᠠᠤᠯᠢ ᠴᠠᠭᠠᠵᠠ ᠶᠢᠨ ᠬᠢᠨᠠᠯᠳᠠ ᠪᠠ ᠠᠵᠢᠯ ᠤᠨ ᠬᠢᠨᠠᠯᠳᠠ ᠶᠢᠨ ᠪᠤᠳᠠᠳᠤ ᠦᠷ᠎ᠠ ᠪᠦᠲᠦᠮᠵᠢᠳᠤ ᠴᠢᠨᠠᠷ ᠢ ᠴᠢᠩᠭᠠᠳᠬᠠᠵᠦ᠂ ᠠᠷᠠᠳ ᠤᠨ ᠲᠦᠯᠦᠭᠡᠯᠡᠭᠴᠢ ᠳᠠᠬᠢ ᠤᠯᠤᠰ ᠲᠦᠷᠦ ᠶᠢᠨ ᠲᠠᠯ᠎ᠠ ᠶᠢᠨ ᠬᠦᠳᠤᠯᠤᠨ ᠵᠢᠯᠤᠭᠤᠳᠣᠯᠭ᠎ᠠ ᠪᠠᠨ ᠴᠢᠩᠭᠠᠳᠬᠠᠵᠦ᠂ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠢ ᠦᠨᠡᠨ ᠬᠤᠳᠠᠯ ᠵᠦᠪ ᠪᠤᠷᠤᠭᠤ ᠶᠢᠨ ᠡᠮᠦᠨ᠎ᠠ ᠵᠤᠬᠰᠤᠯᠳᠠ ᠪᠠᠳᠤ ᠪᠠᠶᠢᠵᠦ᠂ ᠲᠠᠷᠢᠭᠢ ᠲᠤᠯᠤᠭᠠᠢ ᠬᠤᠷᠴᠡ ᠰᠡᠷᠭᠡᠭ ᠪᠠᠶᠢᠬᠤ ᠶᠢ ᠢᠳᠡᠪᠬᠢᠳᠠᠢ ᠬᠦᠳᠤᠯᠤᠨ ᠵᠢᠯᠤᠭᠤᠳᠬᠤ ᠬᠡᠷᠡᠭᠳᠡᠢ᠃ ︽ᠨᠠᠮ ᠤᠨ ᠲᠡᠤᠭᠡ ᠶᠢᠨ ᠰᠤᠷᠤᠯᠴᠠᠯᠭ᠎ᠠ ᠬᠦᠮᠦᠵᠢᠯ ᠢ ᠰᠠᠶᠢᠳᠤᠷ ᠠᠳᠬᠤᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ ᠤᠯᠤᠰ ᠲᠦᠷᠦ ᠶᠢᠨ ᠤᠬᠠᠪᠣᠷᠢᠯᠠᠬᠤ ᠴᠢᠳᠠᠪᠤᠷᠢ ᠤᠯᠤᠰ ᠲᠦᠷᠦ ᠶᠢᠨ ᠬᠦᠢᠴᠡᠳᠭᠡᠭᠦ ᠴᠢᠳᠠᠪᠤᠷᠢ︾ ᠪᠠᠨ ᠲᠠᠰᠤᠷᠠᠯᠳᠠ ᠦᠭᠡᠢ ᠲᠡᠭᠡᠭᠰᠢᠯᠡᠭᠦᠯᠭᠦ ᠲᠡᠭᠡᠷ᠎ᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠳᠭᠦᠯ ᠴᠢᠷᠮᠠᠶᠢᠯᠭ᠎ᠠ ᠪᠠᠨ ᠨᠡᠩ ᠰᠠᠶᠢᠳᠤᠷ ᠢᠯᠡᠷᠡᠭᠦᠯᠵᠦ᠂ ᠨᠠᠮ ᠤᠨ ᠲᠡᠤᠭᠡ ᠶᠢ ᠰᠤᠷᠤᠯᠴᠠᠬᠤ ᠪᠠ ᠰᠢᠨ᠎ᠠ ᠲᠤᠮᠳᠠᠳᠤ ᠤᠯᠤᠰ ᠤᠨ ᠲᠡᠤᠭᠡ᠂ ᠦᠭᠡᠷᠡᠴᠢᠯᠡᠯᠳᠡ ᠨᠡᠭᠡᠭᠡᠯᠳᠡ ᠶᠢᠨ ᠲᠡᠤᠭᠡ᠂ ᠨᠡᠶᠢᠭᠡᠮ ᠵᠢᠷᠤᠮ ᠤᠨ ᠬᠦᠭᠵᠢᠯᠳᠠ ᠶᠢᠨ ᠲᠡᠤᠭᠡ ᠶᠢ ᠰᠤᠷᠤᠯᠴᠠᠬᠤ ᠶᠢ ᠬᠠᠷᠢᠯᠴᠠᠨ ᠤᠶᠠᠯᠳᠤᠭᠤᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠬᠦᠭᠵᠢᠯᠳᠠ ᠶᠢᠨ ᠲᠡᠤᠭᠡ ᠶᠢ ᠰᠤᠷᠤᠯᠴᠠᠬᠤ ᠲᠠᠢ ᠤᠶᠠᠯᠳᠤᠭᠤᠯᠵᠦ᠂ ᠨᠠᠮ ᠤᠨ ᠲᠡᠤᠭᠡ ᠶᠢ ᠰᠤᠷᠤᠯᠴᠠᠵᠦ᠂ ᠦᠵᠡᠯ ᠰᠠᠨᠠᠭ᠎ᠠ ᠰᠡᠩᠭᠡᠷᠡᠭᠦᠯᠵᠤ᠂ ᠪᠤᠳᠠᠳᠤ ᠶᠠᠪᠤᠳᠠᠯ ᠬᠢᠵᠦ᠂ ᠰᠢᠨ᠎ᠠ ᠪᠠᠶᠢᠳᠠᠯ ᠢ ᠡᠭᠦᠳᠭᠦ ᠶᠢ ᠦᠨᠡᠨ ᠬᠦ ᠪᠡᠶᠡᠯᠡᠭᠦᠯᠭᠦ ᠬᠡᠷᠡᠭᠳᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠲᠤᠰ ᠤᠳᠠᠭᠠᠨ ᠤ ᠬᠤᠷᠠᠯ ᠠᠴᠠ ᠬᠢᠨᠠᠨ ᠵᠦᠪᠯᠡᠵᠦ ᠪᠠᠳᠤᠯᠠᠬᠰᠠᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠨ ᠨᠡᠶᠢᠳᠡ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠳᠠ ᠶᠢᠨ ᠲᠦᠷᠢᠮ︾ ᠨᠢ᠂ ᠢᠳᠡᠭᠡᠮᠵᠢ ᠶᠢᠨ ᠬᠢᠨᠠᠯᠳᠠ ᠬᠠᠮᠢᠶᠠᠷᠤᠯᠳᠠ ᠳᠠᠬᠢ ᠬᠡᠷᠡᠭᠵᠢᠭᠦᠯᠦᠰᠢᠳᠠᠢ ᠠᠷᠭ᠎ᠠ ᠬᠢᠳᠠᠯ ᠢ ᠲᠦᠷᠢᠮ ᠤᠨ ᠵᠢᠷᠤᠮᠵᠢᠯ ᠪᠤᠯᠭᠠᠨ ᠲᠡᠭᠡᠭᠰᠢᠯᠡᠭᠦᠯᠵᠦ᠂ ᠤᠯᠠᠨ ᠨᠡᠶᠢᠳᠡ ᠶᠢᠨ ᠢᠳᠡᠭᠡᠮᠵᠢ ᠶᠢᠨ ᠬᠢᠨᠠᠯᠳᠠ ᠬᠠᠮᠢᠶᠠᠷᠤᠯᠳᠠ ᠶᠢᠨ ᠬᠠᠤᠯᠢᠵᠢᠯ ᠤᠨ ᠰᠠᠭᠤᠷᠢ ᠶᠢ ᠤᠯᠠᠮ ᠨᠢᠭᠡ ᠠᠯᠬᠤᠮ ᠪᠠᠳᠤᠳᠬᠠᠪᠠ᠃ ︽ᠲᠦᠷᠢᠮ︾ ᠤᠨ ᠲᠤᠬᠳᠠᠭᠠᠯ ᠶᠤᠰᠤᠭᠠᠷ᠂ ᠢᠳᠡᠭᠡᠯ ᠢ ᠰᠠᠭᠢᠵᠦ ᠠᠮᠠᠯᠠᠯᠳᠠ ᠪᠠᠨ ᠦᠢᠯᠡᠳᠦᠯᠭᠡᠵᠢᠭᠦᠯᠭᠦ᠂ ᠦᠨᠡᠨᠴᠢ ᠢᠳᠡᠭᠡᠮᠵᠢᠳᠠᠢ ᠭᠡᠷ᠎ᠡ ᠪᠠᠨ ᠰᠠᠬᠢᠬᠤ ᠲᠤᠬᠳᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠠᠨ ᠨᠡᠶᠢᠳᠡ ᠶᠢᠨ ᠢᠳᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠳᠠ ᠶᠢᠨ ᠬᠠᠤᠯᠢᠵᠢᠬᠤ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ᠃ ᠲᠤᠰ ᠤᠳᠠᠭᠠᠨ ᠤ ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠢᠯᠴᠢᠨ ᠤ ᠡᠪᠯᠡᠯ ᠤᠨ ᠬᠦᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠲᠦᠷᠢᠮ︾ ᠢ ᠬᠢᠨᠠᠨ ᠵᠦᠪᠯᠡᠵᠦ ᠪᠠᠳᠤᠯᠠᠪᠠ᠂ ᠡᠨᠡ ᠨᠢ ᠮᠠᠨ ᠤ ᠤᠷᠤᠨ ᠤ ᠠᠵᠢᠯᠴᠢᠨ ᠤ ᠡᠪᠯᠡᠯ ᠤᠨ ᠬᠦᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠠᠵᠢᠯ ᠰᠢᠨ᠎ᠠ ᠱᠠᠳᠤᠨ ᠳᠤ ᠤᠷᠤᠬᠰᠠᠨ ᠢ ᠪᠡᠯᠭᠡᠳᠡᠵᠦ ᠪᠠᠶᠢᠨ᠎ᠠ᠃ ᠬᠠᠮᠢᠶ᠎ᠠ ᠪᠦᠭᠦᠢ ᠰᠠᠯᠠᠭ᠎ᠠ ᠮᠦᠴᠢᠷ ᠪᠠᠶᠢᠭᠤᠯᠭ᠎ᠠ ᠨᠢᠭᠡᠴᠢ ᠠᠵᠢᠯᠴᠢᠨ ᠤ ᠡᠪᠯᠡᠯ ᠤᠨ ᠬᠦᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠳᠠ ᠶᠢ ᠬᠠᠤᠯᠢ ᠶᠤᠰᠤᠭᠠᠷ ᠬᠡᠷᠡᠭᠵᠢᠭᠦᠯᠭᠦ ᠶᠢ ᠢᠳᠡᠪᠭᠢᠳᠠᠢ ᠲᠡᠮᠵᠢᠵᠦ᠂ ᠠᠵᠢᠯᠳᠠᠨ ᠠᠵᠢᠯᠴᠢᠨ ᠤ ᠬᠠᠤᠯᠢ ᠶᠤᠰᠤᠨ ᠤ ᠡᠷᠭᠡ ᠠᠰᠢᠭ ᠢ ᠬᠠᠮᠳᠤ ᠪᠠᠷ ᠬᠠᠮᠠᠭᠠᠯᠠᠬᠤ ᠬᠡᠷᠡᠭᠳᠡᠢ᠃ ᠶᠡᠷᠦᠩᠭᠡᠢ ᠱᠦᠵᠢ ᠰᠢ ᠶᠢᠨ ᠫᠢᠡᠭ ᠤᠨ ᠬᠢᠨᠠᠨ ᠪᠤᠳᠤᠯᠳᠠ ᠪᠠᠷ ᠪᠠᠶᠢᠴᠠᠭᠠᠵᠦ ᠭᠠᠷᠭᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠬᠢᠨᠠᠨ ᠪᠤᠳᠤᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠰᠢᠰᠲᠸᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠭᠤᠣᠯ ᠬᠠᠷᠢᠭᠤᠴᠠᠯᠭᠠᠳᠠᠨ︾ ᠬᠠᠷᠢᠭᠤᠴᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠲᠦᠷᠢᠮ ᠲᠤᠬᠳᠠᠭᠠᠯ ᠲᠤᠬᠳᠠᠭᠠᠬᠤ ᠠᠵᠢᠯ ᠢ ᠰᠠᠶᠢᠳᠤᠷ ᠬᠢᠭᠦ ᠬᠡᠷᠡᠭᠳᠡᠢ᠃ ᠡᠯ᠎ᠠ ᠱᠠᠳᠤᠨ ᠤ ᠬᠢᠨᠠᠨ ᠪᠤᠳᠤᠬᠤ ᠰᠠᠯᠠᠭ᠎ᠠ ᠮᠦᠴᠢᠷ ᠬᠠᠤᠯᠢ ᠶᠤᠰᠤᠭᠠᠷ ᠬᠢᠨᠠᠨ ᠪᠤᠳᠤᠬᠤ ᠶᠢ ᠪᠠᠷᠢᠮᠳᠠᠯᠠᠵᠦ᠂ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠴᠢᠬᠤᠯᠠ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠬᠰᠠᠨ ᠪᠠᠶᠢᠳᠠᠯ ᠪᠠ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠡᠯᠡ ᠮᠦᠡᠭᠭᠦ ᠶᠢᠨ ᠲᠦᠷᠤᠯ ᠵᠦᠢᠯ ᠢ ᠬᠢᠨᠠᠨ ᠪᠤᠳᠤᠵᠦ ᠬᠢᠨᠠᠯᠳᠠ ᠲᠠᠯᠪᠢᠬᠤ ᠡᠷᠴᠢᠮ ᠢᠶᠠᠨ ᠴᠢᠩᠭᠠᠷᠠᠭᠤᠯᠵᠣ᠂ ᠬᠢᠨᠠᠨ ᠪᠤᠳᠤᠬᠤ ᠬᠢᠨᠠᠯᠳᠠ ᠶᠢᠨ ︽ᠢᠯᠡᠷᠡᠭᠰᠡᠨ ᠡᠪᠡᠳᠴᠢᠨ ᠢ ᠵᠠᠰᠠᠵᠦ᠂ ᠢᠯᠡᠷᠡᠭᠡᠳᠦᠢ ᠡᠪᠡᠳᠴᠢᠨ ᠢ ᠰᠡᠷᠭᠡᠶᠢᠯᠡᠭᠦ︾ ᠴᠢᠬᠤᠯᠠ ᠦᠢᠯᠡᠳᠤᠯ ᠢ ᠨᠡᠩ ᠰᠠᠶᠢᠳᠤᠷ ᠪᠠᠳᠠᠷᠠᠭᠤᠯᠬᠤ ᠬᠡᠷᠡᠭᠳᠡᠢ᠃ ᠭᠤᠤᠯᠳᠠᠯᠭ᠎ᠠ ᠲᠠᠢ ᠬᠦᠷᠢᠶᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲᠸᠷᠢᠶᠠᠯ ᠢ ᠬᠢᠨᠠᠨ ᠪᠠᠶᠢᠴᠠᠭᠠᠵᠦ ᠪᠤᠷᠤᠭᠤ ᠶᠢ ᠵᠠᠯᠠᠷᠠᠭᠤᠯᠬᠤ ᠡᠷᠴᠢᠮ ᠢᠶᠠᠨ ᠦᠷᠭᠦᠯᠵᠢᠯᠠᠨ ᠴᠢᠩᠭᠠᠷᠠᠭᠤᠯᠵᠣ᠂ ᠲᠠᠩᠰᠠᠯᠠᠵᠦ ᠬᠢᠨᠠᠨ ᠪᠠᠶᠢᠴᠠᠭᠠᠬᠤ ᠲᠦᠷᠢᠮ ᠪᠠ ᠴᠢᠳᠠᠪᠤᠷᠢ ᠶᠢᠨ ᠪᠠᠶᠢᠭᠤᠯᠤᠯᠳᠠ ᠪᠠᠨ ᠴᠢᠩᠭᠠᠳᠬᠠᠵᠦ᠂ ᠪᠤᠢ ᠪᠦᠭᠦᠢ ᠵᠢᠷᠤᠮᠵᠢᠯ ᠤᠨ ᠴᠢᠨᠠᠷᠳᠠᠢ ᠪᠢᠴᠢᠭ ᠮᠠᠲᠸᠷᠢᠶᠠᠯ ᠢ ᠴᠦᠮ ᠲᠠᠩᠰᠠᠯᠠᠵᠦ ᠬᠢᠨᠠᠨ ᠪᠠᠶᠢᠴᠠᠭᠠᠬᠤ ᠬᠡᠪᠴᠢᠶᠡᠨ ᠳᠤ ᠤᠷᠤᠭᠤᠯᠵᠦ᠂ ᠲᠠᠩᠰᠠᠯᠠᠵᠦ ᠬᠢᠨᠠᠨ ᠪᠠᠶᠢᠴᠠᠭᠠᠬᠤ ᠲᠦᠷᠢᠮ ᠤᠨ ᠦᠷ᠎ᠠ ᠪᠦᠲᠦᠮᠵᠢ ᠶᠢ ᠨᠡᠩ ᠰᠠᠶᠢᠳᠤᠷ ᠪᠠᠳᠠᠷᠠᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠰᠢᠨ᠎ᠠ ᠪᠠᠷ ᠲᠤᠰᠢᠶᠠᠯ ᠳᠤ ᠲᠤᠮᠢᠯᠠᠬᠳᠠᠬᠰᠠᠨ ᠤᠯᠤᠰ ᠤᠨ ᠪᠠᠶᠢᠭᠤᠯᠭ᠎ᠠ ᠶᠢᠨ ᠠᠵᠢᠯᠳᠠᠨ ᠦᠨᠳᠤᠰᠦᠨ ᠬᠠᠤᠯᠢ ᠶᠤᠰᠤᠭᠠᠷ ᠵᠠᠰᠠᠬ ᠶᠠᠪᠤᠭᠤᠯᠵᠦ᠂ ᠬᠠᠤᠯᠢ ᠶᠤᠰᠤᠭᠠᠷ ᠵᠠᠰᠠᠭ ᠪᠠᠷᠢᠵᠦ᠂ ᠴᠢᠷᠮᠠᠶᠢᠨ ᠲᠡᠮᠡᠴᠡᠵᠦ ᠰᠢᠷᠭᠠᠭᠤ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠦᠷᠭᠦᠯᠵᠢᠯᠠᠨ ᠬᠦᠴᠢᠷ ᠢ ᠲᠤᠭᠤᠯᠤᠨ ᠪᠡᠷᠭᠡ ᠶᠢ ᠲᠠᠪᠠᠵᠦ᠂ ᠠᠷᠢᠭᠤᠨ ᠴᠢᠭᠡᠴᠢ ᠶᠢᠨ ᠬᠤᠷᠢᠭ᠎ᠠ ᠱᠤᠭᠤᠮ ᠢ ᠪᠠᠳᠤ ᠰᠠᠬᠢᠵᠦ᠂ ᠨᠠᠮ ᠪᠠ ᠠᠷᠠᠳ ᠲᠦᠮᠡᠨ ᠤ ᠬᠦᠨᠳᠤ ᠨᠠᠶᠢᠳᠠᠯᠭ᠎ᠠ ᠶᠢ ᠦᠯᠦ ᠬᠦᠰᠡᠷᠳᠡᠭᠦᠯᠵᠦ᠂ ᠠᠷᠠᠳ ᠲᠦᠮᠡᠨ ᠳᠤ ᠳᠠᠭᠠᠰᠢᠶᠠᠭᠳᠠᠭᠰᠠᠨ ᠰᠢᠨ᠎ᠠ ᠠᠵᠢᠯ ᠤᠨ ᠪᠦᠲᠦᠮᠵᠢ ᠶᠢ ᠲᠠᠰᠤᠷᠠᠯᠳᠠ ᠦᠭᠡᠢ ᠡᠭᠦᠳᠭᠦ ᠬᠡᠷᠡᠭᠳᠡᠢ᠃ ᠰᠢᠨ᠎ᠠ ᠪᠠᠷ ᠰᠤᠩᠭᠤᠬᠳᠠᠬᠰᠠᠨ ᠪᠠᠶᠢᠡᠭᠭᠤ ᠶᠢᠨ ᠬᠤᠷᠢᠶᠠᠨ ᠤ ᠭᠡᠰᠢᠭᠦᠨ ᠪᠠ ᠲᠤᠰᠬᠠᠢ ᠵᠦᠪᠯᠡᠯ ᠤᠨ ᠭᠡᠰᠢᠭᠦᠨ ᠤᠯᠤᠰ ᠲᠦᠷᠦ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠦ᠂ ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠤᠨᠴᠠᠭᠠᠢᠢᠯᠠᠨ ᠰᠢ ᠶᠢᠨ ᠫᠢᠡᠭ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠭᠡᠢ ᠱᠦᠵᠢ ᠰᠢ ᠶᠢᠨ ᠫᠢᠡᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠭᠦᠯᠭᠦ ᠲᠤᠬᠠᠢ ᠴᠢᠬᠤᠯᠠ ᠦᠵᠡᠯ ᠰᠠᠨᠠᠭ᠎ᠠ ᠶᠢᠨ ᠳᠣᠬᠠᠢ ᠰᠤᠷᠤᠯᠴᠠᠯᠭ᠎ᠠ ᠰᠤᠳᠤᠯᠭᠠᠨ ᠢᠶᠠᠨ ᠤᠬᠠᠮᠰᠠᠷ ᠠᠴᠠ ᠪᠠᠨ ᠴᠢᠩᠭᠠᠳᠬᠠᠵᠦ᠂ ᠤᠯᠤᠰ ᠲᠦᠷᠦ ᠶᠢᠨ ᠲᠠᠯ᠎ᠠ ᠠᠴᠠ ᠴᠢᠳᠠᠮᠠᠭᠠᠢ ᠪᠠᠷ ᠠᠰᠠᠭᠤᠳᠠᠯ ᠢ ᠲᠠᠨᠢᠵᠦ᠂ ᠠᠵᠢᠯ ᠢᠶᠠᠨ ᠠᠬᠢᠭᠤᠯᠵᠦ᠂ ︽ᠬᠤᠶᠠᠷ ᠢ ᠬᠠᠮᠠᠭᠠᠯᠠᠬᠤ︾ ᠶᠢ ᠡᠯ᠎ᠠ ᠵᠦᠢᠯ ᠤᠨ ᠠᠵᠢᠯ ᠲᠤᠮᠳᠠ ᠪᠠᠨ ᠦᠨᠡᠨ ᠬᠦ ᠪᠦᠭᠦ ᠲᠠᠯ᠎ᠠ ᠪᠠᠷ᠂ ᠪᠤᠳᠠᠳᠠᠢ ᠢᠯᠡᠷᠡᠭᠦᠯᠭᠦ ᠬᠡᠷᠡᠭᠳᠡᠢ᠃ ᠭᠤᠤᠯ ᠴᠤᠬᠴᠠ ᠶᠢᠨ ᠤᠬᠠᠮᠰᠠᠷ ᠢᠶᠠᠨ ᠴᠢᠩᠳᠠᠯᠠᠵᠦ᠂ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠵᠦ᠂ ᠪᠠᠶᠢᠡᠭᠭᠤ ᠶᠢᠨ ᠬᠤᠷᠢᠶᠠᠨ ᠤ ᠣᠴᠢᠷ ᠶᠠᠪᠤᠳᠠᠯ ᠵᠦᠪᠯᠡᠭᠦ ᠲᠦᠷᠢᠮ ᠢ ᠤᠬᠠᠮᠰᠠᠷ ᠠᠴᠠ ᠪᠠᠨ ᠵᠢᠷᠤᠮᠯᠠᠨ ᠰᠠᠬᠢᠵᠦ᠂ ᠲᠤᠷᠰᠢᠯᠭ᠎ᠠ ᠡᠯᠪᠡᠭ ᠲᠠᠪᠠᠭᠤᠯᠢᠭ ᠢᠶᠠᠨ ᠪᠠᠳᠠᠷᠠᠭᠤᠯᠵᠦ᠂ ᠬᠠᠤᠯᠢ ᠶᠤᠰᠤᠭᠠᠷ ᠲᠤᠰᠢᠶᠠᠯ ᠭᠦᠢᠴᠡᠳᠭᠡᠭᠦ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠦ᠂ ᠬᠢᠨᠠᠨ ᠵᠦᠪᠯᠡᠭᠦ ᠦᠭᠡ ᠬᠡᠯᠡᠭᠦ ᠴᠢᠨᠠᠷ ᠴᠢᠨᠰᠠᠭ᠎ᠠ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠦ᠂ ᠲᠡᠭᠡᠳᠤ ᠬᠡᠮᠵᠢᠶ᠎ᠠ ᠪᠠᠷ ᠬᠠᠷᠢᠭᠤᠴᠠᠬᠤ ᠤᠪᠤᠷ ᠢᠶᠠᠷ ᠪᠠᠶᠢᠡᠭᠭᠤ ᠶᠢᠨ ᠬᠤᠷᠢᠶᠠᠨ ᠤ ᠲᠤᠰᠢᠶᠠᠨ ᠰᠢᠢᠳᠪᠤᠷᠢᠯᠡᠭᠦᠯᠦᠭᠰᠡᠨ ᠡᠯ᠎ᠠ ᠵᠦᠢᠯ ᠤᠨ ᠠᠵᠢᠯ ᠢ ᠰᠠᠶᠢᠳᠤᠷ ᠬᠢᠵᠦ᠂ ᠨᠠᠮ ᠢ ᠰᠡᠳᠭᠢᠯ ᠠᠮᠠᠷ ᠪᠠᠶᠢᠯᠭᠠᠬᠤ᠂ ᠠᠷᠠᠳ ᠲᠦᠮᠡᠨ ᠢ ᠬᠠᠨᠤᠮᠵᠢᠳᠠᠢ ᠪᠠᠶᠢᠯᠭᠠᠬᠤ ᠤᠷᠤᠨ ᠨᠤᠳᠤᠬ ᠤᠨ ᠲᠦᠷᠦ ᠶᠢᠨ ᠡᠷᠭᠡᠳᠤ ᠪᠠᠶᠢᠭᠤᠯᠭ᠎ᠠ ᠶᠢᠨ ᠪᠦᠷᠢᠯᠳᠦᠭᠦᠨ ᠪᠤᠯᠬᠤ ᠪᠠᠷ ᠴᠢᠷᠮᠠᠶᠢᠬᠤ ᠬᠡᠷᠡᠭᠳᠡᠢ ᠭᠡᠵᠦ ᠴᠢᠬᠤᠯᠠᠴᠢᠯᠠᠪᠠ᠃ 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ