3 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠩ ᠬᠥᠬᠡᠬᠤᠲᠠ ᠳᠤ ᠢᠯᠢ ᠶᠢᠨ ᠤᠳᠤ ᠦᠶ᠎ᠡ ᠶᠢᠨ ᠤᠶᠤᠨᠴᠢ ᠡᠷᠡᠭᠦᠯ ᠮᠡᠨᠳᠦ ᠶᠢᠨ ᠬᠥᠨᠳᠡᠢ ᠶᠢᠨ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠳᠠᠯᠳᠠᠭᠤᠷ ᠰᠤᠷᠪᠤᠯᠵᠢᠯᠠᠨ ᠪᠠᠶᠢᠴᠠᠭᠠᠭᠰᠠᠨ ᠪᠥᠭᠡᠳ ᠬᠤᠷᠠᠯ ᠡᠷᠬᠢᠯᠡᠨ ᠬᠤᠷᠠᠯᠳᠤᠭᠤᠯᠵᠤ | ᠰᠦ ᠶᠢᠨ ᠦᠢᠯᠡᠰ ᠤᠨ ᠬᠤᠯᠪᠣᠭᠳᠠᠯ ᠪᠦᠬᠦᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠭᠤᠤᠯᠳᠠᠯᠭ᠎ᠠ ᠲᠠᠢ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠪᠡᠯᠡ ᠮᠦᠩᠬᠦ ᠤᠷᠤᠭᠤᠯᠵᠥ᠂ | ᠦᠨᠡᠨ ᠪᠣᠳᠠᠲᠠᠶ ᠠᠵᠢᠯᠯᠠᠵᠥ᠂ ᠦᠨᠡᠨ ᠰᠡᠳᠬᠢᠯ ᠠᠴᠠ ᠪᠠᠨ ᠬᠠᠪᠰᠤᠷᠴᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠵᠢᠯ ᠢ ᠤᠷᠤᠭᠰᠢ ᠠᠬᠢᠭᠤᠯᠤᠨ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ | | | | | ᠱᠢ ᠲᠠᠢ ᠹᠸᠩ ᠤᠷᠢᠳᠴᠢᠯᠠᠨ ᠮᠡᠳᠡᠭᠳᠡᠭᠰᠡᠨ ᠥᠬᠡᠶ ᠪᠠᠷ ᠢᠯᠢ ᠶᠢᠨ ᠣᠲᠣ ᠦᠶ᠎ᠡ ᠶᠢᠨ ᠤᠶᠤᠨᠴᠢ ᠡᠷᠡᠭᠦᠯ ᠮᠡᠨᠳᠦ ᠶᠢᠨ ᠬᠥᠨᠳᠡᠶ ᠶᠢᠨ ᠲᠥᠷᠥᠯ ᠵᠦᠢᠯ ᠤᠨ | ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠰᠢᠭᠤᠳ ᠣᠷᠣᠵᠤ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠲᠡᠷᠡ ᠪᠠᠷᠢᠯᠭ᠎ᠠ ᠶᠢᠨ ᠪᠠᠶᠢᠳᠠᠯ ᠢ ᠪᠠᠶᠢᠴᠠᠭᠠᠨ ᠦᠵᠡᠬᠦ ᠶᠢᠨ ᠳᠠᠭᠠᠤ ᠲᠦᠷᠦᠯ ᠵᠦᠢᠯ ᠤᠨ ᠠᠬᠢᠴᠠ ᠶᠠᠭᠠᠬᠢᠭᠠᠳ ᠡᠶᠢᠮᠦ ᠤᠳᠠᠭᠠᠨ ᠪᠠᠶᠢᠬᠤ᠂ ᠴᠤᠬᠤᠮ ᠶᠠᠮᠠᠷ | ᠰᠢᠯᠲᠠᠭᠠᠨ ᠠᠴᠠ ᠪᠣᠯᠤᠭᠰᠠᠨ᠂ ᠴᠤᠬᠤᠮ ᠬᠠᠮᠢᠭ᠎ᠠ ᠨᠢ ᠰᠠᠭᠠᠳ ᠤᠴᠠᠷᠠᠭᠰᠠᠨ ᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠠᠰᠠᠭᠤᠪᠠ᠃ ᠱᠢ ᠲᠠᠢ ᠹᠸᠩ᠂ | ᠲᠤᠰ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠥᠷᠥᠯ ᠵᠦᠢᠯ ᠪᠣᠯᠤᠨ᠎ᠠ᠂ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠨᠢᠭᠳᠠ ᠠᠩᠬᠠᠷᠤᠨ ᠪᠣᠳᠠᠲᠠᠶ ᠠᠳᠬᠤᠵᠤ᠂ ᠲᠦᠷᠭᠡᠳᠬᠡᠨ ᠠᠬᠢᠭᠤᠯᠬᠤ ᠬᠡᠷᠡᠭᠲᠡᠶ᠃ ᠵᠠᠰᠠᠭ ᠤᠨ ᠣᠷᠳᠣᠨ ᠪᠣᠯᠤᠨ ᠠᠵᠤ ᠠᠬᠤᠶᠢᠯᠠᠯ ᠪᠦᠷ ᠲᠤᠰ ᠲᠤᠰ ᠤᠨ | ᠬᠠᠷᠠᠭᠠᠰᠤ ᠠᠴᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠨᠥᠯᠥᠭᠡᠯᠡᠵᠦ ᠪᠠᠶᠢᠭ᠎ᠠ ᠡᠯ᠎ᠡ ᠭᠤᠭᠴᠤᠭ᠎ᠠ ᠶᠢᠨ ᠠᠰᠠᠭᠤᠳᠠᠯ ᠢ ᠨᠢᠭᠡᠳ ᠨᠢᠭᠡ ᠪᠠᠷ ᠡᠮᠬᠢᠯᠡᠨ | ᠭᠠᠷᠭᠠᠵᠤ᠂ ᠡᠯ᠎ᠡ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠤᠨ ᠲᠠᠶᠢᠴᠢᠯᠠᠵᠤ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠪᠦᠬᠦ ᠬᠦᠴᠦ ᠪᠠᠷ ᠢᠶᠠᠷ | ᠰᠢᠢᠳᠪᠦᠷᠢᠯᠡᠨ᠂ ᠶᠠᠭᠠᠬᠢᠭᠰᠠᠨ ᠴᠤ ᠬᠤᠶᠢᠷᠭᠤᠰᠢᠨ ᠤᠳᠠᠭᠠᠰᠢᠷᠠᠭᠤᠯᠵᠤ ᠪᠣᠯᠬᠤ ᠦᠭᠡᠢ ᠬᠡᠵᠥ ᠳᠦᠪ ᠴᠢᠩᠭ᠎ᠠ ᠪᠠᠷ ᠵᠢᠭᠠᠵᠥ ᠭᠠᠷᠭᠠᠪᠠ᠃ | | | | | ᠳᠠᠷᠠᠭ᠎ᠠ ᠨᠢ ᠱᠢ ᠲᠠᠢ ᠹᠸᠩ ᠬᠥᠬᠡᠬᠤᠲᠠ ᠳᠤ ᠬᠤᠷᠠᠯ ᠡᠷᠭᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠪᠣᠯᠤᠨ ᠢᠯᠢ ᠪᠦᠯᠦᠭᠯᠡᠯ᠂ ᠮᠧᠩ ᠨᠢᠤ | ᠪᠦᠯᠦᠭᠯᠡᠯ ᠤᠨ ᠰᠦ ᠶᠢᠨ ᠦᠢᠯᠡᠰ ᠤᠨ ᠬᠠᠮᠢᠶ᠎ᠠ ᠪᠥᠬᠦᠶ ᠲᠥᠷᠥᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ | ᠱᠢ ᠲᠠᠢ ᠹᠸᠩ᠂ ᠢᠯᠢ ᠶᠢᠨ ᠣᠲᠣ ᠦᠶ᠎ᠡ ᠶᠢᠨ ᠤᠶᠤᠨᠴᠢ ᠡᠷᠡᠭᠦᠯ ᠮᠡᠨᠳᠦ ᠶᠢᠨ ᠬᠦᠨᠳᠡᠢ ᠪᠣᠯᠤᠨ ᠮᠧᠩ ᠨᠢᠤ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ | ᠬᠦᠷᠢᠶᠡᠯᠡᠩ ᠪᠣᠯ ᠪᠦᠷ ᠴᠢᠬᠤᠯᠠ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ᠂ ᠴᠢᠬᠤᠯᠠ ᠶᠡᠭᠡ ᠳᠠᠶᠢᠴᠢᠯᠠᠬᠤ ᠦᠢᠯᠡᠳᠦᠯ ᠲᠠᠢ ᠲᠣᠮᠣ ᠲᠥᠷᠥᠯ ᠵᠦᠢᠯ ᠰᠠᠶᠢᠨ | ᠲᠥᠷᠥᠯ ᠵᠦᠢᠯ ᠪᠣᠯᠤᠨ᠎ᠠ᠂ ᠲᠥᠷᠥᠯ ᠵᠦᠢᠯ ᠢ ᠪᠠᠶᠢᠭᠤᠯᠵᠤ ᠲᠠᠭᠤᠰᠤᠨ ᠠᠰᠢᠡᠡᠯᠠᠯᠳᠠ ᠳᠤ ᠣᠷᠣᠭᠤᠯᠪᠠᠯ ᠠᠵᠤ ᠠᠬᠤᠶᠢᠯᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢ | ᠴᠤᠭᠴᠠᠯᠠᠬᠤ᠂ ᠠᠵᠢᠯ ᠲᠥᠷᠥᠯ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ ᠨᠡᠮᠡᠷᠢᠯᠡᠵᠤ᠂ ᠮᠠᠨ ᠤ ᠣᠷᠣᠨ ᠤ | ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ᠂ ᠰᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠣᠳᠣᠬᠠᠨ ᠳᠤ ᠡᠨᠡ ᠬᠤᠶᠠᠷ ᠲᠦᠷᠦᠯ ᠵᠦᠢᠯ ᠤᠨ ᠠᠬᠢᠴᠠ ᠮᠠᠰᠢ ᠤᠳᠠᠭᠠᠨ ᠪᠠᠶᠢᠨ᠎ᠠ᠂ | ᠬᠥᠬᠡᠬᠤᠲᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠵᠢᠴᠢ ᠢᠯᠢ ᠪᠦᠯᠦᠭᠯᠡᠯ᠂ ᠮᠸᠩ ᠨᠢᠤ ᠪᠦᠯᠦᠭᠯᠡᠯ ᠠᠰᠠᠭᠤᠳᠠᠯ ᠳᠤ ᠵᠥᠪ ᠢᠶᠠᠷ ᠬᠠᠨᠳᠤᠵᠤ᠂ | ᠠᠰᠠᠭᠤᠳᠠᠯ ᠳᠤ ᠰᠢᠭᠤᠳ ᠬᠠᠨᠳᠤᠨ᠂ ᠭᠠᠷ ᠬᠤᠯᠪᠣᠨ ᠬᠠᠮᠲᠤ ᠪᠠᠷ ᠬᠦᠴᠦᠯᠡᠵᠦ ᠪᠠᠶᠢᠭᠠᠳ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠤᠳᠠᠳᠠᠢ ᠠᠳᠬᠤᠨ | ᠰᠠᠶᠢᠲᠤᠷ ᠠᠳᠬᠤᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠱᠢ ᠲᠠᠢ ᠹᠸᠩ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠡᠷᠳᠡᠬᠡᠨ ᠬᠤᠷᠳᠤᠨ ᠪᠡᠶᠡᠯᠡᠭᠦᠯᠦᠭᠰᠡᠨ ᠨᠢ ᠳᠡᠭᠡᠷ᠎ᠠ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠴᠢᠩᠭᠠᠳᠬᠠᠵᠤ᠂ ᠠᠰᠠᠭᠤᠳᠠᠯ ᠢ ᠰᠢᠢᠳᠪᠦᠷᠢᠯᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠲᠦᠷᠭᠡᠳᠬᠡᠬᠦ ᠰᠢᠪᠲᠤᠯᠤᠯᠲᠠ ᠶᠢᠨ ᠴᠡᠭ ᠪᠠ ᠬᠦᠴᠦᠯᠡᠬᠦ ᠴᠡᠭ ᠪᠣᠯᠭᠠᠨ᠂ ᠡᠷᠴᠢ ᠵᠣᠷᠢᠭ ᠢᠶᠠᠨ ᠬᠥᠪᠴᠢᠯᠡᠵᠦ᠂ ᠪᠦᠬᠦ ᠬᠦᠴᠦᠨ ᠢᠶᠠᠷ ᠢᠶᠠᠷ ᠪᠣᠭᠤᠮᠲᠠ ᠰᠢᠪᠲᠤᠯᠵᠤ᠂ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ ᠦᠷ᠎ᠠ ᠠᠰᠢᠭ ᠢ ᠨᠡᠮᠡᠭᠳᠡᠭᠦᠯᠬᠦ ᠶᠢ ᠦᠨᠡᠨ ᠬᠦ ᠠᠬᠢᠭᠤᠯᠬᠤ ᠬᠡᠷᠡᠭᠲᠡᠢ᠃ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠨᠥᠯᠥᠭᠡᠯᠡᠵᠦ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠵᠦ᠂ ᠠᠰᠠᠭᠤᠳᠠᠯ ᠤᠨ ᠪᠠᠶᠢᠳᠠᠯ ᠪᠣᠯᠤᠨ | ᠬᠡᠮ ᠠᠷᠬᠠᠭ ᠢ ᠲᠣᠳᠣᠷᠬᠠᠶᠢᠯᠠᠵᠤ᠂ ᠨᠠᠷᠢᠨ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠤᠨ᠂ ᠰᠢᠢᠳᠪᠦᠷᠢᠯᠡᠬᠦ ᠠᠷᠭ᠎ᠠ ᠬᠡᠮᠵᠢᠶ᠎ᠡ᠂ ᠰᠢᠢᠳᠪᠦᠷᠢᠯᠡᠬᠦ ᠴᠠᠭ ᠤᠨ ᠬᠢᠵᠠᠭᠠᠷ | ᠪᠣᠯᠤᠨ ᠪᠣᠳᠠᠲᠠᠶ ᠬᠠᠷᠢᠭᠤᠴᠠᠬᠤ ᠬᠦᠮᠦᠨ ᠢ ᠨᠢᠭᠡᠳ ᠨᠢᠭᠡ ᠪᠠᠷ ᠲᠣᠳᠣᠷᠬᠠᠶᠢᠯᠠᠵᠤ᠂ ᠡᠷᠴᠢᠮ ᠢᠶᠠᠨ ᠴᠢᠩᠭᠠᠷᠠᠭᠤᠯᠤᠨ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ | ᠪᠠᠷᠢᠯᠭ᠎ᠠ ᠶᠢᠨ ᠬᠤᠭᠤᠴᠠᠭ᠎ᠠ ᠶᠢ ᠲᠤᠩᠭᠤᠷᠠᠭᠤᠯᠤᠨ ᠵᠢᠭᠰᠠᠭᠠᠵᠤ᠂ ᠵᠢᠷᠤᠭ ᠲᠦᠯᠦᠪᠯᠡᠭᠡ ᠭᠠᠷᠭᠠᠨ ᠠᠵᠢᠯᠯᠠᠵᠤ᠂ ᠵᠠᠩᠭᠢᠯᠠᠭ᠎ᠠ ᠶᠢᠨ ᠭᠤᠭᠴᠤᠭ᠎ᠠ ᠶᠢ ᠨᠢᠭᠳᠠ ᠠᠩᠬᠠᠷᠤᠨ᠂ | ᠬᠦᠴᠦ ᠪᠠᠨ ᠲᠥᠪᠯᠡᠷᠡᠭᠦᠯᠦᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠠᠷᠰᠢ ᠰᠠᠭᠠᠳ ᠢ ᠠᠷᠢᠯᠭᠠᠨ᠂ ᠲᠠᠰᠤᠷᠠᠭᠰᠠᠨ ᠭᠠᠵᠠᠷ ᠢ ᠵᠠᠯᠭᠠᠭᠤᠯᠵᠤ᠂ ᠵᠠᠰᠠᠭ ᠤᠨ | ᠣᠷᠳᠣᠨ ᠤ ᠰᠢᠢᠳᠪᠦᠷᠢᠯᠡᠬᠦ ᠶᠣᠰᠣᠲᠠᠶ ᠠᠰᠠᠭᠤᠳᠠᠯ ᠢ ᠵᠠᠰᠠᠭ ᠤᠨ ᠣᠷᠳᠣᠨ ᠠᠴᠠ ᠪᠥᠬᠦ ᠬᠦᠴᠦ ᠪᠠᠷ ᠢᠶᠠᠷ ᠰᠢᠢᠳᠪᠦᠷᠢᠯᠡᠬᠦ ᠪᠠᠷ ᠴᠢᠷᠮᠠᠶᠢᠨ᠂ ᠠᠵᠤ ᠠᠬᠤᠶᠢᠯᠠᠯ ᠤᠨ | ᠰᠢᠢᠳᠪᠦᠷᠢᠯᠡᠬᠦ ᠶᠣᠰᠣᠲᠠᠶ ᠠᠰᠠᠭᠤᠳᠠᠯ ᠢ ᠠᠵᠤ ᠠᠬᠤᠶᠢᠯᠠᠯ ᠤᠨ ᠬᠢᠨ ᠰᠠᠨᠠᠭᠠᠴᠢᠯᠠᠭ᠎ᠠ ᠠᠴᠠ ᠪᠠᠨ ᠵᠢᠳᠭᠦᠨ ᠴᠢᠷᠮᠠᠶᠢᠵᠤ᠂ ᠪᠠᠷᠢᠨ ᠳᠤᠤᠷ᠎ᠠ ᠪᠠᠨ ᠭᠠᠷᠳᠠᠵᠤ ᠬᠢᠵᠦ | ᠪᠣᠯᠬᠤ ᠶᠢ ᠨᠢ ᠳᠠᠷᠤᠢ ᠲᠦᠷᠭᠡᠨ ᠬᠢᠵᠦ᠂ ᠬᠡᠪ ᠤᠨ ᠵᠤᠷᠰᠢᠯ ᠢ ᠡᠪᠳᠡᠬᠦ ᠴᠢᠬᠤᠯᠠᠲᠠᠶ ᠪᠤᠯ ᠣᠨᠴᠠᠭᠠᠶ ᠠᠷᠭ᠎ᠠ ᠠᠪᠴᠠᠯ ᠠᠪᠴᠤ᠂ ᠡᠯ᠎ᠡ ᠲᠥᠷᠥᠯ ᠤᠨ ᠠᠰᠠᠭᠤᠳᠠᠯ ᠢ | ᠳᠠᠷᠤᠶ ᠲᠦᠷᠭᠡᠨ ᠲᠦᠢᠯᠪᠤᠷᠢᠳᠠᠢ ᠰᠢᠢᠳᠪᠦᠷᠢᠯᠡᠵᠦ᠂ ᠲᠥᠷᠥᠯ ᠵᠦᠢᠯ ᠢ ᠲᠥᠯᠥᠪᠯᠡᠭᠡ ᠶᠣᠰᠣᠭᠠᠷ ᠯᠠᠪᠳᠠᠭᠤᠨ ᠪᠠᠲᠤᠲᠠᠶ ᠠᠬᠢᠭᠤᠯᠬᠤ ᠶᠢ ᠪᠠᠲᠤᠯᠠᠬᠤ ᠬᠡᠷᠡᠭᠲᠡᠶ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠢᠯᠠᠩᠭᠤᠶ᠎ᠠ ᠡᠨᠡ ᠵᠢᠯ ᠤᠨ ᠴᠢᠬᠤᠯᠠ ᠶᠡᠭᠡ ᠲᠥᠷᠥᠯ ᠵᠦᠢᠯ ᠢ ᠬᠤᠲᠠ ᠳᠠᠶᠠᠭᠠᠷ ᠢᠶᠠᠷ ᠨᠢᠭᠳᠠ | ᠠᠩᠬᠠᠷᠴᠤ᠂ ᠦᠢᠯᠡᠴᠢᠯᠡᠭᠡ ᠪᠠ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠰᠠᠭᠤᠳᠠᠯ ᠢ ᠰᠢᠢᠳᠪᠦᠷᠢᠯᠡᠬᠦ ᠶᠢ ᠰᠠᠶᠢᠲᠤᠷ ᠠᠳᠬᠤᠨ᠂ ᠪᠠᠷᠢᠯᠭ᠎ᠠ ᠶᠢᠨ | ᠬᠤᠭᠤᠴᠠᠭ᠎ᠠ ᠶᠢ ᠠᠮᠵᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ | ᠡᠷᠲᠡᠬᠡᠨ ᠪᠠᠷᠢᠯᠭ᠎ᠠ ᠡᠬᠢᠯᠡᠭᠦᠯᠵᠦ᠂ ᠡᠷᠲᠡᠬᠡᠨ ᠦᠷ᠎ᠡ ᠠᠰᠢᠭ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃ | ᠱᠢ ᠲᠠᠢ ᠹᠸᠩ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠣᠷᠣᠨ ᠨᠤᠲᠤᠭ ᠪᠠ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠡᠯ᠎ᠡ | ᠬᠦᠷᠢᠶᠡᠨ ᠤ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠤᠨ᠂ ᠬᠠᠮᠳᠤᠷᠠᠯ ᠬᠦᠴᠦᠨ ᠢ ᠪᠦᠷᠢᠯᠳᠦᠭᠦᠯᠦᠨ ᠰᠦ ᠶᠢᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠢᠷᠠᠭᠤ ᠠᠯᠳᠠᠷ ᠢ ᠨᠠᠨᠳᠢᠩᠨᠠᠨ᠂ ︽ᠳᠡᠯᠡᠬᠡᠶ ᠶᠢᠨ | ᠰᠦ ᠶᠢᠨ ᠬᠤᠲᠠ︾ ᠶᠢᠨ ᠬᠠᠷᠠᠯᠲᠠ ᠲᠡᠶᠢᠰᠢ ᠲᠠᠰᠤᠷᠠᠯᠲᠠ ᠥᠬᠡᠶ ᠤᠷᠤᠭᠰᠢᠯᠠᠬᠤ ᠬᠡᠷᠡᠭᠲᠡᠶ᠃ ᠬᠥᠬᠡᠬᠤᠲᠠ ᠶᠢᠨ ᠨᠠᠮ ᠤᠨ ᠬᠤᠷᠢᠶ᠎ᠠ ᠪᠣᠯᠤᠨ ᠬᠤᠲᠠ ᠶᠢᠨ ᠵᠠᠰᠠᠭ ᠤᠨ | ᠣᠷᠳᠣᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠥᠲᠥᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠷᠭᠦᠯᠵᠢᠯᠡᠨ ᠰᠠᠶᠢᠲᠤᠷ | ᠠᠳᠬᠤᠬᠤ ᠪᠠᠷ ᠬᠦᠴᠦᠯᠡᠵᠤ᠂ ᠬᠡᠮ ᠠᠷᠬᠠᠭ ᠢ ᠬᠦᠴᠦᠯᠡᠨ ᠰᠢᠢᠳᠪᠦᠷᠢᠯᠡᠵᠦ᠂ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠨᠠᠷᠢᠨ ᠨᠢᠮᠪᠠᠶ ᠰᠠᠶᠢᠲᠤᠷ | ᠬᠢᠵᠦ᠂ ᠠᠵᠤ ᠠᠬᠤᠶᠢᠯᠠᠯ ᠢ ᠬᠠᠯᠠᠮᠵᠢᠯᠠᠬᠤ᠂ ᠠᠵᠤ ᠠᠬᠤᠶᠢᠯᠠᠯ ᠳᠤ ᠦᠢᠯᠡᠴᠢᠯᠡᠬᠦ᠂ ᠠᠵᠤ ᠠᠬᠤᠶᠢᠯᠠᠯ ᠢ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠦᠨᠡᠨ | ᠬᠦ ᠪᠣᠶ ᠪᠣᠯᠭᠠᠵᠤ᠂ ᠠᠵᠤ ᠠᠬᠤᠶᠢᠯᠠᠯ ᠢ ᠰᠠᠨᠠᠭ᠎ᠠ ᠠᠮᠤᠷ ᠪᠠᠯᠠ ᠣᠷᠣᠭᠤᠯᠵᠤ᠂ ᠰᠡᠳᠬᠢᠯ ᠠᠮᠦᠷ ᠠᠵᠢᠯᠯᠠᠨ᠂ ᠰᠡᠳᠬᠢᠯ ᠬᠠᠨᠤᠮᠵᠢᠲᠠᠶ ᠠᠰᠢᠭ ᠤᠯᠬᠤ ᠪᠣᠯᠭᠠᠬᠤ | ᠬᠡᠷᠡᠭᠲᠡᠶ᠃ ᠠᠵᠤ ᠠᠬᠤᠶᠢᠯᠠᠯ ᠤᠳ ᠢᠳᠡᠪᠬᠢᠲᠡᠢ ᠬᠥᠳᠡᠯᠦᠯᠴᠡᠨ᠂ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ | ᠡᠷᠴᠢᠮᠳᠠᠢ ᠠᠬᠢᠭᠤᠯᠬᠤ ᠬᠡᠷᠡᠭᠲᠡᠢ᠃ ᠦᠷᠭᠦᠯᠵᠢᠯᠡᠨ ᠨᠢᠭᠡ ᠰᠡᠳᠬᠢᠯ ᠨᠢᠭᠡ ᠵᠣᠷᠢᠭ ᠢᠶᠠᠷ ᠭᠤᠣᠯ ᠠᠵᠢᠯ ᠢᠶᠠᠷ ᠲᠦᠯᠦᠪᠯᠡᠨ᠂ ᠭᠤᠣᠯ ᠠᠵᠢᠯ ᠢᠶᠠᠨ ᠠᠳᠬᠤᠵᠤ᠂ | ᠰᠤᠳᠤᠯᠭᠠᠠ ᠨᠡᠭᠡᠭᠡᠯᠳᠠ ᠳᠠᠬᠢ ᠣᠷᠣᠭᠤᠯᠤᠯᠲᠠ ᠪᠠᠨ ᠨᠡᠮᠡᠭᠳᠡᠭᠦᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ | ᠳᠡᠭᠡᠭᠰᠢᠯᠡᠭᠦᠯᠵᠦ᠂ ᠪᠣᠭᠤᠮᠢ ᠶᠢᠨ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠰᠠᠭᠤᠷᠢ ᠪᠠᠨ ᠦᠨᠡᠨ ᠬᠦ ᠪᠠᠬᠢᠵᠢᠭᠦᠯᠤᠨ᠂ ᠠᠵᠤ ᠠᠬᠤᠶᠢᠯᠠᠯ ᠢᠶᠠᠨ ᠦᠨᠡᠨ ᠬᠦ | ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠪᠠᠶᠢᠩᠭᠤ ᠶᠢᠨ ᠭᠡᠰᠢᠭᠦᠨ᠂ ᠬᠦᠬᠡᠬᠤᠲᠠ ᠶᠢᠨ ᠨᠠᠮ ᠤᠨ ᠬᠤᠷᠢᠶᠠᠠ ᠤ ᠱᠦᠵᠢ ᠸᠠᠩ ᠯᠢ ᠰᠢᠶᠠ | ᠬᠠᠷᠢᠭᠤ ᠮᠡᠲᠡᠭᠦᠯᠦᠯᠲᠡ ᠶᠢᠨ ᠬᠤᠷᠠᠯ ᠳᠤ ᠤᠷᠤᠯᠴᠠᠵᠦ᠂ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ | ᠲᠠᠷᠤᠭ᠎ᠠ᠂ ᠦᠪᠡᠷᠲᠡᠭᠡᠡ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠱᠤᠤ ᠴᠦᠨ ᠵᠢᠴᠢ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠲᠠᠠ ᠨᠦᠬᠦᠳ ᠠᠵᠢᠯᠯᠠᠭ᠎ᠠ ᠳᠤ ᠤᠷᠤᠯᠴᠠᠵᠠᠢ᠃ |