ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠡ ᠬᠤᠷᠠᠯ ᠬᠤᠷᠠᠯᠳᠤᠭᠤᠯᠵᠤ  ᠰᠢ ᠶᠢᠨ ᠫᠢᠩ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2021/3/31

      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠡ ᠬᠤᠷᠠᠯ ᠬᠤᠷᠠᠯᠳᠤᠭᠤᠯᠪᠠ
      ︽ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠢ ᠬᠢᠨᠠᠨ ᠵᠥᠪᠯᠡᠪᠡ
      ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠠᠢ


      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠡ 3 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ᠂ ︽ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠢ ᠬᠢᠨᠠᠨ ᠵᠥᠪᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ᠃
      ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠ ᠬᠡᠰᠡᠭ ᠤᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠴᠢᠬᠤᠯᠠ ᠶᠡᠭᠡ ᠠᠮᠵᠢᠯᠲᠠ ᠪᠦᠲᠦᠮᠵᠢ ᠣᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢᠨ᠂ ᠡᠨᠧᠷᠭᠢ ᠶᠢᠨ ᠲᠦᠭᠦᠬᠡᠢ ᠮᠠᠲ᠋ᠧᠷᠢᠶᠠᠯ ᠤᠨ ᠰᠠᠭᠤᠷᠢᠨ᠂ ᠲᠣᠨᠣᠭᠯᠠᠯ ᠦᠢᠯᠡᠳᠬᠦ ᠵᠢᠴᠢ ᠳᠡᠭᠡᠳᠦ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠪᠣᠯᠤᠨ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠬᠦᠢᠰᠦ ᠭᠠᠵᠠᠷ ᠤᠨ ᠪᠠᠶᠢᠷᠢ ᠰᠠᠭᠤᠷᠢ ᠨᠡᠩ ᠪᠠᠬᠢᠵᠢᠪᠡ ᠭᠡᠵᠤ ᠵᠢᠭᠠᠵᠤ ᠭᠠᠷᠭᠠᠵᠠᠢ᠃
      ᠬᠤᠷᠠᠯ ᠠᠴᠠ᠂ ᠳᠤᠮᠳᠠ ᠬᠡᠰᠡᠭ ᠤᠨ ᠭᠠᠵᠠᠷ ᠣᠷᠣᠨ ᠨᠢ ᠵᠡᠭᠦᠨ ᠪᠠᠷᠠᠭᠤᠨ ᠤᠷᠤᠨ ᠢ ᠬᠤᠯᠪᠤᠵᠤ ᠡᠮᠦᠨ᠎ᠡ ᠤᠮᠠᠷ᠎ᠠ ᠶᠢ ᠵᠠᠯᠭᠠᠭᠤᠯᠵᠤ᠂ ᠡᠬᠢ ᠪᠠᠶᠠᠯᠢᠭ ᠡᠯᠪᠡᠭ ᠳᠡᠯᠪᠡᠭ᠂ ᠵᠠᠮ ᠬᠠᠷᠢᠯᠴᠠᠭ᠎ᠠ ᠬᠥᠭᠵᠢᠵᠤ᠂ ᠠᠵᠤ ᠦᠢᠯᠡᠰ ᠤᠨ ᠰᠠᠭᠤᠷᠢ ᠨᠡᠯᠢᠶᠡᠳ ᠰᠠᠶᠢᠨ᠂ ᠰᠣᠶᠣᠯ ᠤᠨ ᠤᠤᠷ ᠲᠤᠠᠳᠠᠰᠤ ᠭᠦᠨ ᠵᠤᠵᠠᠭᠠᠨ᠂ ᠬᠥᠭᠵᠢᠯᠲᠡ ᠶᠢᠨ ᠳᠠᠯᠳᠠ ᠬᠦᠴᠦᠨ ᠮᠠᠰᠢ ᠶᠡᠭᠡ ᠪᠠᠶᠢᠵᠤ᠂ ᠳᠤᠮᠳᠠ ᠬᠡᠰᠡᠭ ᠤᠨ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠨᠢ ᠪᠥᠬᠦ ᠲᠠᠯ᠎ᠠ ᠶᠢᠨ ᠴᠢᠨᠠᠷᠲᠠᠶ ᠠᠴᠢ ᠬᠤᠯᠪᠣᠭᠳᠠᠯ ᠲᠠᠢ ᠶᠤᠮ᠃ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠯᠲᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠦᠪᠵᠢᠭᠦᠯᠬᠦ ᠶᠢ ᠪᠠᠷᠢᠮᠳᠠᠯᠠᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠤᠷᠢᠯᠳᠠ ᠪᠣᠯᠭᠠᠨ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠱᠠᠯᠠᠪᠳᠠᠨ ᠪᠠᠶᠢᠭᠤᠯᠵᠤ᠂ ᠲᠡᠷᠢᠭᠦᠨ ᠤ ᠦᠢᠯᠡᠳᠬᠦ ᠦᠢᠯᠡᠰ ᠢᠶᠠᠷ ᠲᠤᠯᠭᠠᠭᠤᠷᠢᠯᠠᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠪᠣᠬᠢᠷᠲᠤᠯ ᠦᠭᠡᠢ ᠪᠠᠷ ᠬᠦᠭᠵᠢᠬᠦ ᠦᠵᠡᠰᠬᠦᠯᠡᠩᠲᠦ ᠰᠠᠶᠢᠬᠠᠨ ᠳᠤᠮᠳᠠ ᠬᠡᠰᠡᠭ ᠤᠨ ᠭᠠᠵᠠᠷ ᠣᠷᠣᠨ ᠢ ᠬᠦᠴᠦᠯᠡᠨ ᠪᠠᠶᠢᠭᠤᠯᠵᠤ᠂ ᠳᠣᠲᠣᠭᠠᠳᠤ ᠬᠠᠭᠤᠷᠠᠶ ᠶᠢᠨ ᠥᠨᠳᠥᠷ ᠲᠦᠪᠰᠢᠨ ᠪᠥᠬᠦᠶ ᠨᠡᠭᠡᠭᠡᠯᠲᠡ ᠶᠢ ᠬᠦᠴᠦᠯᠡᠨ ᠠᠬᠢᠭᠤᠯᠵᠤ᠂ ᠪᠠᠶᠢᠭᠤᠯᠤᠮᠵᠢ ᠲᠣᠭᠲᠠᠴᠠ ᠶᠢ ᠬᠦᠴᠦᠯᠡᠨ ᠥᠭᠡᠷᠡᠴᠢᠯᠡᠨ ᠲᠡᠭᠦᠯᠳᠡᠷᠵᠢᠭᠦᠯᠵᠤ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠩᠭᠤᠢ ᠴᠢᠨᠠᠷ ᠢ ᠬᠦᠴᠦᠯᠡᠨ ᠴᠢᠩᠭᠠᠳᠬᠠᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠤ᠂ ᠳᠤᠮᠳᠠ ᠬᠡᠰᠡᠭ ᠤᠨ ᠭᠠᠵᠠᠷ ᠣᠷᠣᠨ ᠤ ᠲᠦᠷᠭᠡᠨ ᠬᠥᠭᠵᠢᠨ ᠮᠠᠨᠳᠤᠬᠤ ᠶᠢ ᠠᠬᠢᠭᠤᠯᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃
      ᠬᠤᠷᠠᠯ ᠠᠴᠠ᠂ ᠳᠤᠮᠳᠠ ᠬᠡᠰᠡᠭ ᠤᠨ ᠭᠠᠵᠠᠷ ᠣᠷᠣᠨ ᠨᠢ ᠪᠦᠬᠦ ᠤᠯᠤᠰ ᠤᠨ ᠲᠤᠮᠤ ᠵᠠᠬ᠎ᠠ ᠳᠡᠯᠭᠡᠭᠦᠷ ᠤᠨ ᠴᠢᠬᠤᠯᠠ ᠪᠦᠷᠢᠯᠳᠦᠬᠦᠨ ᠬᠡᠰᠡᠭ ᠪᠠ ᠣᠷᠣᠨ ᠵᠠᠢ ᠶᠢᠨ ᠬᠦᠢᠰᠦ ᠭᠠᠵᠠᠷ ᠪᠣᠯᠤᠭᠰᠠᠨ ᠤ ᠬᠤᠪᠢ ᠳᠤ᠂ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠳᠠᠪᠠᠭᠤᠯᠢᠭ ᠢᠶᠠᠨ ᠪᠠᠳᠠᠷᠠᠭᠤᠯᠤᠨ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠪᠠ ᠤᠳᠤ ᠦᠶ᠎ᠡ ᠶᠢᠨ ᠭᠦᠢᠯᠭᠡᠭᠡᠨ ᠤ ᠰᠢᠰᠲ᠋ᠧᠮ ᠢ ᠱᠠᠯᠠᠪᠳᠠᠨ ᠪᠠᠶᠢᠭᠤᠯᠵᠤ᠂ ᠬᠥᠬᠡᠮᠥ᠋ᠷᠡᠨ ᠤ ᠳᠤᠮᠳᠠᠳᠤ ᠤᠷᠤᠰᠬᠠᠯ ᠤᠨ ᠬᠤᠳᠠ ᠶᠢᠨ ᠪᠦᠯᠦᠭᠵᠢᠯ ᠪᠠ ᠳᠤᠮᠳᠠᠳᠤ ᠣᠷᠣᠨ ᠤ ᠬᠤᠳᠠ ᠶᠢᠨ ᠪᠦᠯᠦᠭᠵᠢᠯ ᠤᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠬᠤ ᠬᠡᠷᠡᠭᠲᠡᠢ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠦᠳᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠥᠭᠵᠢᠯᠲᠡ ᠶᠢ ᠬᠦᠳᠦᠯᠦᠨ ᠳᠠᠭᠠᠭᠤᠯᠵᠤ᠂ ᠳᠣᠲᠣᠭᠠᠳᠤ ᠬᠠᠭᠤᠷᠠᠢ ᠶᠢᠨ ᠥᠨᠳᠥᠷ ᠲᠦᠪᠰᠢᠨ ᠪᠦᠬᠦᠢ ᠨᠡᠭᠡᠭᠡᠯᠳᠡ ᠶᠢᠨ ᠰᠢᠨ᠎ᠡ ᠪᠠᠶᠢᠭᠤᠯᠤᠮᠵᠢ ᠶᠢ ᠪᠦᠷᠢᠯᠳᠦᠭᠦᠯᠬᠦ ᠬᠡᠷᠡᠭᠲᠡᠢ᠃ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠳᠤ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠡᠨᠧᠷᠭᠢ ᠶᠢᠨ ᠡᠬᠢ ᠪᠠᠶᠠᠯᠢᠭ ᠢ ᠠᠷᠪᠢᠲᠠᠢ ᠡᠷᠴᠢᠮᠵᠢᠭᠦᠯᠦᠨ ᠠᠰᠢᠡᠡᠯᠠᠬᠤ ᠶᠢ ᠴᠢᠩᠭᠠᠳᠬᠠᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠵᠠᠰᠠᠯᠲᠠ ᠶᠢ ᠴᠢᠩᠭᠠᠳᠬᠠᠵᠤ᠂ ᠳᠤᠮᠳᠠ ᠬᠡᠰᠡᠭ ᠤᠨ ᠭᠠᠵᠠᠷ ᠣᠷᠣᠨ ᠤ ᠪᠣᠬᠢᠷᠲᠤᠯ ᠦᠭᠡᠢ ᠬᠥᠭᠵᠢᠯᠲᠡ ᠮᠠᠨᠳᠤᠯᠳᠠ ᠶᠢ ᠪᠡᠶᠡᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃
      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃

 

ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ