ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠦᠷᠪᠡᠳᠤᠭᠡᠷ ᠬᠤᠷᠠᠯ ᠳᠤ ᠤᠷᠤᠯᠴᠠᠬᠤ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠬᠡᠰᠢᠬᠦᠳ ᠪᠡᠬᠡᠵᠢᠩ ᠳᠤ ᠬᠦᠷᠪᠠ
ᠨᠡᠶᠢᠲᠡᠯᠡᠭᠰᠡᠨ ᠴᠠᠭ᠄
2021/3/4

      3 ᠰᠠᠷ᠎ᠠ ᠶᠢᠨ 4 ᠤ ᠡᠳᠤᠷ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠦᠷᠪᠡᠳᠤᠭᠡᠷ ᠬᠤᠷᠠᠯ ᠪᠡᠬᠡᠵᠢᠩ ᠳᠤ ᠡᠬᠢᠯᠡᠨ᠎ᠡ᠃ 3 ᠰᠠᠷ᠎ᠠ ᠶᠢᠨ 3 ᠤ ᠡᠳᠤᠷ ᠪᠤᠯᠳᠠᠯ᠎ᠠ᠂ ᠬᠤᠷᠠᠯ ᠳᠤ ᠤᠷᠤᠯᠴᠠᠬᠤ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ 25 ᠬᠡᠰᠢᠬᠦᠨ ᠪᠦᠬᠦᠨ ᠢᠶᠠᠷ ᠢᠶᠠᠨ ᠪᠡᠬᠡᠵᠢᠩ ᠳᠤ ᠬᠦᠷᠴᠤ᠂ ᠬᠠᠪᠤᠷ ᠤᠨ ᠤᠯᠠᠷᠢᠯ ᠤᠨ ᠡᠨᠡ ᠬᠦ ᠦᠪᠡᠳᠡᠭᠰᠢ ᠶᠡᠭᠡ ᠬᠤᠷᠠᠯ ᠳᠤ ᠤᠷᠤᠯᠴᠠᠬᠤ ᠪᠤᠯᠤᠨ᠎ᠠ᠃
      ᠡᠨᠡ ᠵᠢᠯ ᠪᠤᠯ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠭᠡᠷᠡᠭᠵᠢᠬᠦᠯᠬᠦ᠂ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠤᠬᠡᠨ ᠪᠠᠶᠢᠭᠤᠯᠬᠤ ᠰᠢᠨ᠎ᠠ ᠠᠶᠠᠨ ᠢ ᠡᠬᠢᠯᠡᠬᠦᠯᠬᠦ ᠠᠩᠬᠠᠳᠠᠬᠴᠢ ᠵᠢᠯ᠂ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠠᠨ 100 ᠵᠢᠯ ᠤᠨ ᠤᠢ ᠪᠤᠯᠤᠨ᠎ᠠ᠂ ᠡᠨᠡ ᠵᠢᠯ ᠤᠨ ᠠᠵᠢᠯ ᠢ ᠰᠠᠶᠢᠳᠤᠷ ᠬᠢᠬᠦ ᠨᠢ ᠲᠦᠢᠯ ᠤᠨ ᠴᠢᠬᠤᠯᠠ ᠶᠤᠮ᠃ ᠡᠨᠡ ᠤᠳᠠᠭ᠎ᠠ ᠶᠢᠨ ᠶᠡᠭᠡ ᠬᠤᠷᠠᠯ ᠢ ᠰᠠᠶᠢᠳᠤᠷ ᠬᠢᠬᠦ ᠶᠢᠨ ᠲᠦᠯᠤᠬᠡ᠂ 17 ᠡᠳᠡᠬᠡᠳ ᠢᠯᠭᠠᠯ ᠠᠴᠠ ᠢᠷᠡᠭᠰᠡᠨ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠬᠡᠰᠢᠬᠦᠳ ᠪᠡᠬᠡᠵᠢᠩ ᠳᠤ ᠤᠴᠢᠬᠤ ᠠᠴᠠ ᠡᠮᠤᠨ᠎ᠠ ᠬᠦᠨᠵᠡᠬᠡᠢ ᠪᠠᠶᠢᠴᠠᠭᠠᠨ ᠰᠤᠳᠤᠯᠤᠯᠳᠠ ᠬᠢᠵᠤ᠂ ᠨᠡᠶᠢᠬᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠰᠤᠨᠤᠰᠴᠤ᠂ ᠰᠠᠨᠠᠯ ᠲᠤᠷᠠᠳᠤᠯᠭ᠎ᠠ ᠶᠢ ᠨᠠᠷᠢᠨ ᠬᠢᠨᠠᠮᠠᠭᠠᠢ ᠲᠤᠭᠤᠷᠪᠢᠨ ᠪᠢᠴᠢᠵᠤ᠂ ᠲᠦᠷᠦ ᠶᠢᠨ ᠶᠠᠪᠤᠳᠠᠯ ᠳᠤ ᠤᠷᠤᠯᠴᠠᠬᠤ ᠲᠦᠷᠦ ᠶᠢᠨ ᠶᠠᠪᠤᠳᠠᠯ ᠢ ᠵᠦᠪᠳᠡᠬᠦ᠂ ᠰᠠᠨᠠᠭᠤᠯᠭ᠎ᠠ ᠭᠠᠷᠭᠠᠵᠤ ᠠᠷᠭ᠎ᠠ ᠪᠤᠳᠤᠯᠭ᠎ᠠ ᠲᠡᠪᠰᠢᠬᠦᠯᠬᠦ ᠳᠤ ᠬᠦᠢᠴᠡᠳ ᠪᠡᠯᠡᠳᠬᠡᠯ ᠬᠢᠭᠰᠡᠨ ᠪᠠᠶᠢᠨ᠎ᠠ᠃
      ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠬᠡᠰᠢᠬᠦᠨ᠂ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠲᠡᠭᠡᠳᠤ ᠰᠤᠷᠭᠠᠭᠤᠯᠢ ᠶᠢᠨ ᠫᠷᠤᠹᠧᠰᠰᠤᠷ ᠡᠸ᠋ ᠰᠢᠶᠤᠤ ᠮᠸᠢ᠄ ︽ᠵᠠᠰᠠᠬ ᠤᠨ ᠤᠷᠳᠤᠨ ᠤ ᠠᠵᠢᠯ ᠤᠨ ᠢᠯᠡᠳᠬᠡᠯ ᠳᠤ ᠶᠠᠮᠠᠷ ᠴᠢᠬᠤᠯᠡ ᠮᠡᠳᠡᠭᠡ ᠶᠢ ᠳᠠᠮᠵᠢᠭᠤᠯᠬᠤ ᠳᠤ ᠪᠢ ᠶᠡᠭᠡ ᠠᠩᠬᠠᠷᠤᠯ ᠲᠡᠯᠪᠢᠵᠤ ᠪᠠᠶᠢᠨ᠎ᠠ᠃ ᠪᠢ ᠨᠠᠷᠢᠨ ᠬᠢᠨᠠᠮᠠᠭᠠᠢ ᠬᠤᠷᠠᠯ ᠳᠤ ᠤᠷᠤᠯᠴᠠᠵᠤ᠂ ᠴᠤᠬ ᠵᠢᠪᠬᠤᠭ᠎ᠠ ᠲᠡᠬᠦᠯᠳᠡᠷ ᠢᠶᠠᠷ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠤ᠂ ᠢᠳᠡᠪᠬᠢᠳᠠᠢ ᠰᠠᠨᠠᠭᠤᠯᠭ᠎ᠠ ᠭᠠᠷᠭᠠᠵᠤ ᠠᠷᠭ᠎ᠠ ᠪᠤᠳᠤᠯᠭ᠎ᠠ ᠲᠡᠪᠰᠢᠬᠦᠯᠦᠨ᠎ᠠ︾ ᠬᠡᠵᠤ ᠬᠡᠯᠡᠪᠡ᠃
      ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠤᠢᠢᠯᠡᠳᠪᠤᠷᠢ ᠬᠤᠳᠠᠯᠳᠤᠭ᠎ᠠ ᠶᠢᠨ ᠬᠤᠯᠪᠤᠭᠠᠨ ᠤ ᠲᠡᠷᠢᠬᠦᠯᠡᠭᠴᠢ ᠠᠨ ᠷᠦᠨ ᠱᠧᠩ᠄ ︽ᠪᠢ ᠶᠡᠭᠡ ᠬᠤᠷᠠᠯ ᠤᠨ ᠬᠤᠯᠪᠤᠬᠳᠠᠯ ᠪᠦᠬᠦᠢ ᠢᠯᠡᠳᠬᠡᠯ ᠮᠡᠳᠡᠬᠦᠯᠦᠯᠳᠠ ᠶᠢ ᠨᠠᠷᠢᠨ ᠬᠢᠨᠠᠮᠠᠭᠠᠢ ᠰᠤᠨᠤᠰᠬᠤ ᠶᠢᠨ ᠬᠠᠮᠳᠦ ᠰᠠᠶᠢᠳᠤᠷ ᠬᠢᠨᠠᠨ ᠵᠦᠪᠯᠡᠬᠦ ᠪᠠ ᠶᠠᠷᠢᠯᠴᠠᠵᠤ᠂ ᠨᠡᠶᠢᠬᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠳᠠᠢ ᠲᠤᠰᠬᠠᠨ᠎ᠠ︾ ᠬᠡᠵᠤ ᠬᠡᠯᠡᠪᠡ᠃ ᠡᠨᠡ ᠤᠳᠠᠭ᠎ᠠ ᠶᠢᠨ ᠬᠤᠷᠠᠯ ᠳᠤ᠂ ᠲᠡᠷᠡ ︽ᠴᠡᠪᠡᠷ ᠠᠷᠢᠭᠤᠨ ᠢᠯᠴᠢ ᠶᠢᠨ ᠬᠠᠩᠭᠠᠯᠭ᠎ᠠ ᠶᠢ ᠲᠦᠷᠬᠡᠨ ᠠᠬᠢᠭᠤᠯᠬᠤ︾ ︽ᠲᠤᠭᠠᠴᠢᠯᠠᠬᠰᠠᠨ ᠠᠵᠤ ᠠᠬᠤᠢ ᠪᠤᠯᠤᠨ ᠪᠤᠳᠠᠳᠤ ᠴᠤᠬᠴᠠ ᠶᠢᠨ ᠠᠵᠤ ᠠᠬᠤᠢ ᠶᠢ ᠬᠦᠨᠵᠡᠬᠡᠢ ᠠᠭᠤᠰᠤᠯᠴᠠᠭᠤᠯᠤᠨ ᠬᠦᠭᠵᠢᠬᠦᠯᠬᠦ︾ ︽ᠮᠠᠨ ᠤ ᠤᠷᠤᠨ ᠳᠤ ᠬᠠᠳᠤᠨ ᠭᠤᠤᠯ ᠤᠷᠳᠤ ᠴᠠᠭᠠᠨ ᠬᠡᠷᠡᠮ ᠤᠨ ᠤᠯᠤᠰ ᠤᠨ ᠰᠤᠶᠤᠯ ᠤᠨ ᠴᠡᠴᠡᠷᠯᠢᠭ ᠪᠠᠶᠢᠭᠤᠯᠬᠤ︾ ᠵᠡᠷᠬᠡ ᠲᠠᠯ᠎ᠠ ᠶᠢᠨ ᠰᠠᠨᠠᠯ ᠳᠤᠷᠠᠳᠤᠯᠭ᠎ᠠ ᠶᠢ ᠪᠡᠯᠡᠳᠬᠡᠵᠡᠢ᠃
      ︽ᠮᠠᠨ ᠤ ᠤᠯᠤᠰ ᠬᠡᠳᠦ᠋ᠢᠪᠡᠷ ᠤᠷᠭᠤᠮᠠᠯ ᠤᠨ ᠲᠤᠮᠤ ᠤᠯᠤᠰ ᠪᠤᠯᠪᠠᠴᠤ ᠨᠤᠳᠤᠬ ᠤᠨ ᠲᠠᠷᠢᠮᠠᠯ ᠤᠨ ᠬᠦᠴᠦᠷᠭᠡᠭ ᠤᠯᠤᠰ ᠪᠤᠰᠤ᠃ ᠠᠮᠢ ᠠᠬᠤᠢ ᠶᠢᠨ ᠰᠠᠯᠪᠢᠨ ᠵᠠᠰᠠᠯᠳᠠ ᠳᠤ ᠤᠷᠭᠤᠮᠠᠯ ᠤᠨ ᠦᠷ᠎ᠠ ᠲᠤᠳᠠᠬᠳᠠᠵᠤ᠂ ᠰᠠᠭᠤᠷᠢ ᠭᠡᠷᠡᠭᠯᠡᠭᠡᠨ ᠤ ᠰᠢᠨᠵᠢᠯᠡᠬᠦ ᠤᠬᠠᠭᠠᠨ ᠤ ᠰᠤᠳᠤᠯᠭᠠᠨ᠂ ᠦᠷᠡᠵᠢᠬᠦᠯᠦᠨ ᠪᠤᠶᠢᠵᠢᠭᠤᠯᠬᠤ ᠰᠢᠰᠲ᠋ᠧᠮ᠂ ᠵᠠᠬ᠎ᠠ ᠲᠡᠯᠬᠡᠬᠦᠷᠴᠢᠯᠡᠭᠰᠡᠨ ᠬᠦᠢᠯᠬᠡᠬᠡ ᠴᠦᠮ ᠠᠩᠬᠠᠨ ᠤ ᠱᠠᠳᠤᠨ ᠳᠤ ᠪᠠᠶᠢᠨ᠎ᠠ᠃ ᠨᠤᠳᠤᠬ ᠤᠨ ᠲᠠᠷᠢᠮᠠᠯ ᠢ ᠰᠤᠳᠤᠯᠤᠨ ᠨᠡᠭᠡᠭᠡᠬᠦ ᠠᠰᠢᠬᠯᠠᠬᠤ᠂ ᠡᠪᠡᠰᠤᠨ ᠦᠷ᠎ᠠ ᠶᠢᠨ ᠤᠢᠢᠯᠡᠰ ᠤᠨ ᠰᠢᠰᠲ᠋ᠧᠮ ᠤᠨ ᠪᠠᠶᠢᠭᠤᠯᠤᠯᠳᠠ ᠪᠠᠴᠢᠮ ᠲᠤᠯᠭᠠᠮ ᠪᠠᠶᠢᠨ᠎ᠠ︾᠃ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠬᠡᠰᠢᠬᠦᠨ᠂ ᠦᠪᠤᠷ ᠮᠤᠩᠭᠤᠯ ᠤᠨ ᠮᠧᠩ ᠼᠤᠤ ᠠᠮᠢ ᠠᠬᠤᠢ ᠤᠷᠴᠢᠨ ᠲᠤᠭᠤᠷᠢᠨ ︵ᠪᠦᠯᠦᠭᠯᠡᠯ︶ ᠤ ᠬᠤᠪᠢᠴᠠᠭᠠᠲᠦ ᠬᠢᠵᠠᠭᠠᠷᠳᠤ ᠺᠤᠮᠫᠠᠨᠢ ᠶᠢᠨ ᠭᠡᠷᠡᠭ ᠮᠡᠳᠡᠭᠴᠢᠳ ᠤᠨ ᠲᠠᠷᠤᠭ᠎ᠠ ᠸᠠᠩ ᠵᠤᠤ ᠮᠢᠩ ᠡᠨᠡ ᠤᠳᠠᠭ᠎ᠠ ᠶᠢᠨ ᠬᠤᠷᠠᠯ ᠳᠤ ᠤᠷᠤᠯᠴᠠᠬᠤ ᠳᠤ᠂ ᠤᠯᠤᠰ ᠤᠨ ᠦᠪᠡᠷᠮᠢᠴᠠ ᠤᠨᠴᠠᠯᠢᠬ ᠲᠠᠢ ᠲᠠᠷᠢᠮᠠᠯ ᠤᠨ ᠤᠢᠢᠯᠡᠰ ᠦᠷ᠎ᠠ ᠶᠢᠨ ᠡᠳ᠋ ᠤᠨ ᠡᠬᠢ ᠪᠠᠶᠠᠯᠢᠬ ᠤᠨ ᠬᠦᠮᠤᠷᠬᠡ ᠶᠢ ᠪᠠᠶᠢᠭᠤᠯᠬᠤ ᠲᠤᠬᠠᠢ ᠰᠠᠨᠠᠯ ᠳᠤᠷᠠᠳᠤᠯᠭ᠎ᠠ ᠶᠢ ᠪᠡᠯᠡᠳᠬᠡᠪᠡ᠃
      ︽ᠡᠨᠡ ᠵᠢᠯ ᠬᠤᠷᠠᠯ ᠳᠤ ᠤᠷᠤᠯᠴᠠᠬᠤ ᠳᠤ ᠪᠢ ᠠᠶᠢᠽ ᠡᠪᠡᠳᠴᠢᠨ ᠢ ᠰᠡᠷᠬᠡᠶᠢᠯᠡᠨ ᠡᠵᠡᠮᠳᠡᠬᠦ᠂ ᠭᠠᠩᠰᠠᠷᠠᠬᠤ ᠡᠪᠡᠳᠴᠢᠨ ᠤ ᠡᠬᠢᠨ ᠤ ᠬᠤᠭᠤᠴᠠᠭᠠᠨ ᠤ ᠵᠠᠰᠠᠯᠳᠠ ᠶᠢᠨ ᠰᠠᠨᠠᠯ ᠳᠤᠷᠠᠳᠤᠯᠭ᠎ᠠ ᠲᠡᠪᠰᠢᠬᠦᠯᠬᠦ ᠪᠠᠷ ᠪᠠᠶᠢᠨ᠎ᠠ︾ ᠬᠡᠵᠤ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠤᠯᠤᠰ ᠲᠦᠷᠤ ᠶᠢᠨ ᠵᠦᠪᠯᠡᠯᠬᠡᠨ ᠤ ᠬᠦᠮᠤᠨ ᠠᠮᠠ ᠡᠬᠢ ᠪᠠᠶᠠᠯᠢᠬ ᠤᠷᠴᠢᠨ ᠲᠤᠭᠤᠷᠢᠨ ᠤ ᠵᠦᠪᠯᠡᠯ ᠤᠨ ᠡᠷᠬᠢᠯᠡᠭᠴᠢ ᠶᠦᠨ ᡁᠢ ᠡᡁᠸᠤ ᠰᠤᠷᠪᠤᠯᠵᠢᠯᠠᠬᠴᠢ ᠳᠤ ᠬᠡᠯᠡᠪᠡ᠃
      ᠤᠯᠤᠰ ᠲᠦᠷᠦ ᠶᠢᠨ ᠵᠦᠪᠯᠡᠯᠬᠡᠨ ᠤ ᠭᠡᠰᠢᠬᠦᠨ ᠪᠤᠯᠤᠭᠰᠠᠨ ᠤ ᠬᠤᠪᠢ ᠳᠠᠬᠢ ᠢᠷᠠᠭᠤ ᠠᠯᠳᠠᠷ ᠢᠶᠠᠨ ᠡᠷᠬᠢᠮᠨᠠᠨ ᠨᠠᠨᠳᠢᠩᠨᠠᠵᠤ᠂ ᠡᠬᠦᠷᠬᠡ ᠬᠠᠷᠢᠭᠤᠴᠠᠯᠭ᠎ᠠ ᠪᠠᠨ ᠭᠤᠳᠤᠭᠠᠬᠤ ᠦᠬᠡᠢ᠂ ᠬᠦᠰᠡᠯ ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠪᠠᠷ᠂ ᠦᠨᠳᠤᠰᠤᠨ ᠱᠠᠳᠤᠨ ᠤ ᠨᠡᠩ ᠤᠯᠠᠨ ᠲᠠᠭᠤᠨ ᠪᠤᠯᠤᠨ ᠠᠷᠠᠳ ᠤᠯᠠᠨ ᠤ ᠬᠦᠰᠡᠯ ᠡᠷᠡᠮᠡᠯᠵᠡᠯ ᠢ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠦᠷᠪᠡᠳᠤᠭᠡᠷ ᠬᠤᠷᠠᠯ ᠳᠤ ᠲᠠᠮᠵᠢᠭᠤᠯᠵᠤ᠂ ᠤᠷᠬᠢᠯᠤᠮ᠎ᠠ ᠬᠠᠯᠠᠭᠤᠨ ᠤᠯᠤᠰ ᠲᠦᠷᠤ ᠶᠢᠨ ᠰᠡᠳᠬᠢᠯᠬᠡ ᠪᠤᠯᠤᠨ ᠰᠠᠶᠢᠨ ᠰᠠᠶᠢᠬᠠᠨ ᠤᠶᠤᠨ ᠰᠠᠨᠠᠭᠠᠠ ᠤ ᠲᠦᠷᠢ ᠪᠠᠶᠢᠳᠠᠯ ᠢᠶᠠᠷ ᠡᠬᠦᠷᠬᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠬᠡᠵᠤ᠂ ︽ᠠᠷᠪᠠᠨ ᠲᠦᠷᠪᠡᠳᠤᠭᠡᠷ ᠲᠠᠪᠤᠨ ᠵᠢᠯ︾ ᠢ ᠰᠠᠶᠢᠨ ᠡᠬᠢᠯᠠᠯᠳᠠ ᠲᠠᠢ ᠪᠤᠯᠭᠠᠬᠤ ᠳᠤ ᠢᠳᠡᠪᠬᠢᠳᠠᠢ ᠬᠤᠪᠢ ᠨᠡᠮᠡᠷᠢ ᠦᠵᠡᠬᠦᠯᠤᠨ᠎ᠠ ᠬᠡᠵᠤ ᠢᠯᠡᠷᠬᠡᠶᠢᠯᠡᠵᠡᠬᠡᠨ᠎ᠠ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ