3 ᠳ᠋ᠤᠭᠠᠷ ᠰᠠᠷ᠎ᠠ ᠶᠢᠨ 1 ᠤ ᠡᠳᠦᠷ᠂ ᠮᠠᠨᠵᠤᠤᠷ ᠬᠤᠲᠠ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠯᠢᠩ ᠶᠦᠨ᠂ ᠯᠢ ᠰᠢᠩ ᠫᠢᠩ᠂ ᠯᠢᠦ ᠰᠢᠤᠢ ᠰᠧᠨ᠂ ᠬᠥᠩ ᠹᠸᠢ | ᠲᠢᠶᠠᠨ ᠬᠤᠷᠠᠯ ᠳᠤ ᠣᠷᠤᠯᠴᠠᠯ᠎ᠠ᠃ | ᠬᠤᠷᠠᠯ ᠳᠡᠭᠡᠷ᠎ᠡ᠂ ᠬᠥᠩ ᠹᠸᠢ ᠲᠢᠶᠠᠨ ᠪᠠᠷ ︽ᠮᠠᠨᠵᠤᠤᠷ ᠬᠤᠲᠠ ᠶᠢᠨ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠲᠥᠰᠦᠯ︾ ᠳᠠᠬᠢ ᠶᠡᠷᠦᠩᠬᠡᠶ ᠱᠠᠭᠠᠷᠳᠠᠯᠭ᠎ᠠ᠂ ᠴᠡᠭᠴᠡᠯᠡᠨ ᠵᠠᠰᠠᠬᠤ | ᠡᠭᠦᠷᠭᠡ᠂ ᠴᠡᠭᠴᠡᠯᠡᠨ ᠵᠠᠰᠠᠬᠤ ᠠᠷᠭ᠎ᠠ ᠪᠠᠷᠢᠯ ᠤᠨ ᠲᠤᠬᠠᠶ ᠨᠠᠷᠢᠯᠢᠭ ᠲᠠᠶᠢᠯᠤᠮᠵᠢ ᠬᠢᠵᠡᠢ᠃ | ᠯᠢᠩ ᠶᠦᠨ ᠴᠢᠬᠤᠯᠠᠴᠢᠯᠠᠬᠤ ᠳᠤ ᠪᠠᠨ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠳᠤ ᠡᠭᠦᠷᠭᠡ ᠬᠦᠴᠢᠷ ᠪᠡᠷᠬᠡ᠂ ᠬᠠᠷᠢᠭᠤᠴᠠᠯᠭ᠎ᠠ ᠬᠦᠨᠳᠦ ᠴᠢᠬᠤᠯᠠ ᠪᠠᠶᠢᠨ᠎ᠠ᠂ ᠪᠦᠬᠦ ᠬᠤᠲᠠ ᠶᠢᠨ ᠡᠯ᠎ᠡ ᠨᠢᠭᠡᠴᠢ᠂ | ᠰᠠᠯᠠᠭ᠎ᠠ ᠮᠥᠴᠢᠷ ᠤᠳ ᠵᠠᠪᠠᠯ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠯᠢᠶᠡᠨ ᠰᠠᠭᠤᠬᠤ | ᠦᠭᠡᠢ ᠨᠠᠶᠢᠳᠠᠨ ᠲᠦᠰᠢᠭᠯᠡᠬᠦ ᠦᠭᠡᠢ ᠪᠠᠶᠢᠵᠤ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠰᠦᠯ ᠢᠶᠠᠨ ᠪᠣᠳᠠᠲᠠᠶᠢᠵᠢᠭᠤᠯᠵᠤ᠂ ᠠᠷᠪᠠᠨ ᠵᠢᠯ ᠤᠨ | ᠲᠤᠷᠰᠢ ᠳᠠᠬᠢ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠳᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠤᠳ ᠢ ᠪᠦᠬᠦ ᠲᠠᠯ᠎ᠠ ᠪᠠᠷ ᠭᠦᠨᠵᠡᠭᠡᠶ | ᠪᠠᠶᠢᠴᠠᠭᠠᠵᠤ᠂ ᠨᠤᠲᠤᠭ ᠪᠡᠯᠴᠢᠭᠡᠷ ᠪᠠ ᠣᠶ ᠰᠢᠭᠤᠶ ᠶᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠤᠳ ᠲᠤ ᠬᠦᠴᠦᠲᠡᠶ ᠴᠣᠬᠢᠯᠲᠠ ᠥᠭᠬᠦ ᠪᠠ | ᠠᠶᠤᠯᠭᠠᠨ ᠰᠦᠷᠳᠡᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠨᠤᠲᠤᠭ | ᠪᠡᠯᠴᠢᠭᠡᠷ ᠣᠶ ᠰᠢᠭᠤᠶ ᠶᠢᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠮᠠᠨᠵᠤᠤᠷ ᠬᠤᠲᠠ ᠶᠢᠨ ᠢᠲᠡᠭᠡᠯ ᠵᠣᠷᠢᠭ ᠢ ᠭᠦᠢᠴᠡᠳ ᠲᠤᠰᠬᠠᠵᠤ᠂ ᠪᠣᠳᠠᠲᠤ | ᠠᠵᠢᠯᠯᠠᠭ᠎ᠠ ᠪᠠᠷ ᠢᠶᠠᠨ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠪᠠᠬᠢᠵᠢᠭᠦᠯᠬᠦ ᠳᠤ ᠦᠵᠡᠭᠦᠯᠪᠡᠰᠦ ᠵᠣᠬᠢᠬᠤ | ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ᠃ |