ᠬᠥᠯᠥᠨ ᠪᠤᠶᠢᠷ ᠬᠤᠲᠠ ᠶᠢᠨ ᠡᠳ᠋ ᠤᠨ ᠵᠠᠰᠠᠭ᠄ 690 ᠲᠦᠮᠡᠨ ᠲᠥᠭᠦᠷᠢᠭ ᠤᠨ ᠪᠠᠯᠠ ᠮᠥᠩᠭᠦ ᠴᠤᠭᠯᠠᠭᠤᠯᠤᠨ ᠪᠥᠬᠦ ᠬᠤᠲᠠ ᠶᠢᠨ ᠭᠤᠤᠯᠳᠠᠯᠭ᠎ᠠ ᠲᠠᠢ ᠬᠥᠮᠦᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠠᠵᠢᠯ ᠢ ᠲᠤᠰᠬᠠᠢ ᠵᠦᠢᠯ ᠢᠶᠠᠷ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2021/3/5
      ᠪᠥᠬᠦ ᠬᠤᠲᠠ ᠶᠢᠨ ᠭᠤᠤᠯᠳᠠᠯᠭ᠎ᠠ ᠲᠠᠢ ᠬᠥᠮᠦᠰ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ ᠬᠤᠲᠠ ᠶᠢᠨ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠵᠢᠴᠢ ᠬᠠᠷᠢᠶ᠎ᠠ ᠰᠠᠯᠠᠭ᠎ᠠ ᠮᠥᠴᠢᠷ᠂ ᠬᠤᠲᠠ ᠶᠢᠨ ᠲᠣᠰ ᠱᠠᠲᠤᠨ ᠤ ᠡᠮᠴᠢᠯᠡᠭᠡᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠠᠵᠢᠯᠲᠠᠳ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠴᠢᠬᠤᠯᠠ ᠲᠠᠢ ᠪᠠᠶᠢᠵᠤ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠬᠢᠨ ᠬᠠᠷᠭᠤᠭᠤᠯᠤᠨ ᠪᠠᠶᠢᠴᠠᠭᠠᠭᠰᠠᠨ ᠢᠶᠠᠷ᠂ ᠬᠤᠲᠠ ᠶᠢᠨ ᠲᠣᠰ ᠱᠠᠲᠤᠨ ᠤ 1.5 ᠲᠦᠮᠡᠨ ᠬᠥᠮᠦᠨ ᠳᠤ ᠸᠠᠺᠼᠢᠨ ᠤ ᠲᠠᠷᠢᠯᠭ᠎ᠠ ᠬᠢᠬᠦ ᠪᠠᠷ ᠪᠣᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠠᠴᠠ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠪᠠᠴᠢᠮ ᠬᠡᠷᠡᠭᠯᠡᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠰᠡᠷᠭᠡᠶᠢᠯᠡᠬᠦ ᠵᠢᠯᠤᠭᠤᠳᠬᠤ ᠡᠮᠴᠢᠯᠡᠭᠡᠨ ᠡᠵᠡᠮᠳᠡᠬᠦ ︹ 2020 ︺ 190 ᠳ᠋ᠦ᠋ᠭᠡᠷ ᠲᠣᠭᠠᠲᠤ︶ ᠤᠨ ᠶᠣᠰᠣᠭᠠᠷ ︽ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠥᠨᠳᠥᠷ ᠳᠡᠰ ᠤᠨ ᠠᠶᠤᠯ ᠲᠦᠭᠰᠢᠭᠦᠷᠢ ᠲᠠᠢ ᠣᠷᠴᠢᠨ ᠳᠤ ᠪᠠᠶᠢᠭ᠎ᠠ ᠬᠥᠮᠦᠰ ᠲᠤ ᠰᠦᠢᠳᠬᠡᠯ ᠬᠤᠷᠢᠶᠠᠬᠤ ᠥᠬᠡᠶ ᠪᠠᠷ ᠲᠠᠷᠢᠯᠭ᠎ᠠ ᠬᠢᠬᠦ ᠶᠢ ᠬᠡᠷᠡᠭᠵᠢᠭᠦᠯᠵᠦ᠂ ᠪᠤᠰᠤᠳ ᠬᠥᠮᠦᠰ ᠲᠤ ᠰᠠᠶᠢᠨ ᠳᠤᠷ᠎ᠠ ᠠᠴᠠ ᠪᠠᠨ᠂ ᠥᠪᠡᠷ ᠢᠶᠠᠨ ᠰᠦᠢᠳᠬᠡᠯ ᠭᠠᠷᠭᠠᠵᠤ ᠲᠠᠷᠢᠯᠭ᠎ᠠ ᠬᠢᠬᠦ ᠶᠢ ᠬᠡᠷᠡᠭᠵᠢᠭᠦᠯᠦᠨ᠎ᠡ᠃ ᠲᠠᠷᠢᠯᠭ᠎ᠠ ᠬᠢᠬᠦ ᠳᠤ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠠᠶᠢᠮᠠᠭ ᠬᠤᠲᠠ᠂ ᠬᠤᠰᠢᠭᠤ ᠰᠢᠶᠠᠨ ᠠᠴᠠ ᠱᠠᠲᠤ ᠬᠤᠪᠢᠶᠠᠨ ᠡᠭᠦᠷᠭᠡᠯᠡᠨ᠎ᠡ︾ ᠭᠡᠬᠦ ᠵᠠᠷᠴᠢᠮ ᠢᠶᠠᠷ ᠶᠠᠪᠤᠭᠳᠠᠭᠤᠯᠤᠨ᠎ᠠ᠃      ᠬᠥᠯᠥᠨ ᠪᠤᠶᠢᠷ ᠬᠤᠲᠠ ᠶᠢᠨ ᠡᠳ᠋ ᠤᠨ ᠵᠠᠰᠠᠭ ᠠᠴᠠ ᠨᠡᠶᠢᠲᠡ 690 ᠲᠦᠮᠡᠨ ᠲᠥᠭᠦᠷᠢᠭ ᠤᠨ ᠪᠠᠯᠠ ᠮᠥᠩᠭᠦ ᠴᠤᠭᠯᠠᠭᠤᠯᠵᠤ᠂ ᠬᠤᠲᠠ ᠶᠢᠨ ᠲᠣᠰ ᠱᠠᠲᠤᠨ ᠤ ᠭᠤᠤᠯᠳᠠᠯᠭ᠎ᠠ ᠲᠠᠢ ᠬᠥᠮᠦᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠵᠠᠷᠤᠳᠠᠯ ᠳᠤ ᠲᠤᠰᠬᠠᠶ ᠵᠦᠢᠯ ᠢᠶᠠᠷ ᠬᠡᠷᠡᠭᠯᠡᠪᠡ᠃ ᠣᠳᠣᠬᠠᠨ ᠳᠤ᠂ ᠸᠠᠺᠼᠢᠨ ᠤ ᠲᠠᠷᠢᠯᠭ᠎ᠠ ᠶᠢ ᠶᠠᠭ ᠡᠮᠬᠢ ᠵᠢᠷᠤᠮ ᠲᠠᠢ ᠪᠠᠷ ᠳᠠᠷᠢᠵᠤ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ