︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ︿ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ﹀ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢ ᠬᠡᠷᠡᠭᠵᠢᠭᠦᠯᠬᠦ ᠲᠥᠰᠦᠯ ︾᠎ ᠤᠨ ᠲᠥᠷᠥ ᠶᠢᠨ ᠪᠣᠳᠣᠯᠭ᠎ᠠ ᠶᠢᠨ ᠲᠣᠪᠴᠢ ᠲᠣᠳᠣᠷᠬᠠᠶ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2021/3/9

︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ︿ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ﹀ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢ ᠬᠡᠷᠡᠭᠵᠢᠭᠦᠯᠬᠦ ᠲᠥᠰᠦᠯ ︾᠎ ᠤᠨ ᠲᠥᠷᠥ ᠶᠢᠨ ᠪᠣᠳᠣᠯᠭ᠎ᠠ ᠶᠢᠨ ᠲᠣᠪᠴᠢ ᠲᠣᠳᠣᠷᠬᠠᠶ ᠠᠰᠠᠭᠤᠯᠲᠠ ᠬᠠᠷᠢᠭᠤᠯᠲᠠ

      ᠨᠢᠭᠡ᠂ ᠶᠠᠭᠤᠨ ᠳᠤ  ︽ᠮᠥᠩᠬᠡ ᠰᠤᠪᠠᠭ ·ᠠᠯᠠᠭᠠᠨ ᠲᠡᠭᠡᠷ᠎ᠡ ᠭᠦᠢᠴᠡᠳᠭᠡᠬᠦ ︾ ᠲᠥᠰᠦᠯ ᠢ ᠲᠤᠭᠳᠠᠭᠠᠭᠰᠠᠨ ᠪᠣᠶ︖
      ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ  ︽ᠲᠠᠯᠪᠢᠬᠤ ᠬᠠᠮᠢᠶᠠᠷᠬᠤ ᠦᠶᠯᠡᠴᠢᠯᠡᠬᠦ ︾ ᠥᠭᠡᠷᠡᠴᠢᠯᠡᠯᠲᠡ ᠶᠢᠨ ᠡᠷᠴᠢᠮ ᠬᠦᠴᠦᠨ ᠢ ᠲᠦᠯᠬᠢᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠪᠣᠳᠠᠲᠠᠶ ᠬᠡᠷᠡᠭᠴᠡᠭᠡ ᠳᠤ ᠰᠠᠭᠤᠷᠢᠯᠠᠨ᠂ ᠰᠢᠯᠵᠢᠮᠡᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠰᠢᠯᠵᠢᠮᠡᠯ ᠦᠵᠦᠭᠦᠷ ᠳᠠᠰᠢ ᠤᠷᠲᠤᠳᠬᠠᠬᠤ ᠶᠢ ᠦᠷᠭᠦᠯᠵᠢᠯᠡᠨ ᠠᠬᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠳᠡᠮᠵᠢ ᠶᠢᠨ ᠲᠥᠷᠥᠭᠳᠡᠯ ᠢ ᠨᠡᠮᠡᠭᠳᠡᠭᠦᠯᠵᠦ᠂ ᠠᠷᠠᠳ ᠲᠦᠮᠡᠨ ᠰᠡᠳᠬᠢᠯ ᠬᠠᠨᠤᠮᠵᠢᠲᠠᠶ ᠦᠶᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ︿ᠮᠥᠩᠬᠡ ᠰᠤᠪᠠᠭ ·ᠠᠯᠠᠭᠠᠨ ᠲᠡᠭᠡᠷ᠎ᠡ ᠭᠦᠢᠴᠡᠳᠭᠡᠬᠦ ﹀ ᠠᠵᠢᠯ  ᠢ ᠪᠦᠬᠦ ᠲᠠᠯ᠎ᠠ ᠪᠠᠷ ᠠᠬᠢᠭᠤᠯᠬᠤ ᠎ ᠶᠢ ᠬᠡᠷᠡᠭᠵᠢᠭᠦᠯᠬᠦ ᠲᠥᠰᠦᠯ ︾᠎ ᠢ ᠲᠣᠭᠲᠠᠭᠠᠪᠠ᠃
      ᠬᠤᠶᠠᠷ᠂  ︽ᠮᠥᠩᠬᠡ ᠰᠤᠪᠠᠭ  ·ᠠᠯᠠᠭᠠᠨ ᠲᠡᠭᠡᠷ᠎ᠡ ᠭᠦᠢᠴᠡᠳᠭᠡᠬᠦ ︾  ᠭᠡᠳᠡᠭ ᠨᠢ ᠶᠠᠭᠤ ᠪᠤᠶ︖
      ︽ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ ︾ ᠎ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ  ᠲᠤᠭᠠᠴᠢᠯᠠᠭᠰᠠᠨ ᠬᠡᠯᠪᠡᠷᠢ ᠶᠢᠨ ᠬᠤᠪᠢᠷᠠᠯᠳᠠ ᠶᠢᠨ ᠴᠢᠬᠤᠯᠠ ᠦᠶᠯᠡᠳᠦᠯᠭᠡ ᠶᠢᠨ ᠦᠷ᠎ᠡ ᠪᠦᠲᠦᠭᠡᠯ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠭᠰᠡᠨ ᠰᠢᠯᠵᠢᠮᠡᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ  ︵︽ᠮᠥᠩᠬᠡ ᠰᠤᠪᠠᠭ᠂ ᠠᠯᠠᠭᠠᠨ ᠲᠡᠭᠡᠷ᠎ᠡ ᠭᠦᠢᠴᠡᠳᠭᠡᠬᠦ  ︾ APP ᠭᠡᠵᠦ ᠲᠣᠪᠴᠢᠯᠠᠨ᠎ᠠ ︶᠎ ᠢ ᠵᠢᠭᠠᠵᠤ ᠪᠣᠶ᠂ ᠡᠭᠦᠨ ᠳᠤ ᠰᠢᠯᠵᠢᠮᠡᠯ ᠦᠵᠦᠭᠦᠷ ᠤᠨ ᠬᠡᠷᠡᠭᠯᠡᠭᠡᠨ ᠵᠢᠴᠢ ᠵᠢᠵᠢᠭ ᠫᠷᠤᠭ᠍ᠷᠠᠮ ᠢ ᠪᠠᠭᠲᠠᠭᠠᠨ᠎ᠠ᠃ ︽ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ ︾  ᠠᠵᠢᠯ ᠢ ᠠᠬᠢᠭᠤᠯᠬᠤ ᠶᠢᠨ ᠵᠣᠷᠢᠯᠭ᠎ᠠ ᠨᠢ ᠣᠯᠠᠨ ᠲᠦᠮᠡᠨ ᠪᠠ ᠠᠵᠤ ᠠᠬᠤᠶᠢᠯᠠᠯ ᠤᠨ  ᠠᠵᠢᠯ ᠶᠠᠪᠤᠳᠠᠯ ᠭᠦᠶᠴᠡᠳᠬᠡᠬᠦ ᠳᠤ  ︽ᠨᠢᠭᠡ ᠥᠷᠲᠡᠭᠡ ᠮᠠᠶ᠋ᠢᠭ ︾᠎ ᠤᠨ ᠠᠯᠠᠭᠠᠨ ᠳᠡᠭᠡᠷ᠎ᠡ ᠪᠠᠶᠢᠴᠠᠭᠠᠨ ᠯᠠᠪᠯᠠᠬᠤ᠂ ᠠᠯᠠᠭᠠᠨ ᠳᠡᠭᠡᠷ᠎ᠡ ᠤᠷᠢᠳᠴᠢᠯᠠᠨ ᠪᠣᠯᠵᠣᠬᠤ᠂ ᠠᠯᠠᠭᠠᠨ ᠳᠡᠭᠡᠷ᠎ᠡ ᠭᠦᠶᠴᠡᠳᠬᠡᠬᠦ᠂ ᠠᠯᠠᠭᠠᠨ ᠳᠡᠭᠡᠷ᠎ᠡ ᠦᠨᠡᠯᠡᠬᠦ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠩᠭᠠᠬᠤ ᠶᠢᠨ ᠲᠥᠯᠥᠭᠡ ᠶᠤᠮ᠃ ᠡᠭᠦᠨ ᠤ ᠬᠠᠮᠲᠤ᠂  ︽ᠮᠥᠩᠬᠡ ᠰᠤᠪᠠᠭ ︾ APP ᠪᠠᠰᠠ ᠠᠷᠠᠳ ᠲᠤ ᠲᠥᠬᠦᠮ ᠦᠵᠡᠭᠦᠯᠬᠦ ᠣᠯᠠᠨ ᠵᠦᠶᠯ ᠤᠨ ᠦᠶᠯᠡᠴᠢᠯᠡᠭᠡ ᠬᠠᠩᠭᠠᠵᠤ᠂ ᠣᠯᠠᠨ ᠲᠦᠮᠡᠨ ᠢ ᠬᠡᠷ ᠠᠴᠠ ᠪᠠᠨ ᠭᠠᠷᠬᠤ ᠥᠬᠡᠶ ᠪᠠᠷ ᠠᠮᠢᠳᠤᠷᠠᠯ  ᠤᠨ ᠲᠥᠬᠦᠮ ᠢ ᠪᠦᠷᠢᠨ ᠡᠳ᠋ᠯᠡᠬᠦ ᠪᠤᠯᠭᠠᠨ᠎ᠠ᠃ ᠠᠵᠤ ᠠᠬᠤᠶᠢᠯᠠᠯ ᠣᠯᠠᠨ ᠲᠦᠮᠡᠨ  ︽ᠮᠥᠩᠬᠡ ᠰᠤᠪᠠᠭ ︾ APP᠎ ᠶᠢ ᠪᠠᠭᠤᠯᠭᠠᠬᠤ ᠪᠤᠶᠤ ᠸᠢᠴᠠᠲ᠂  ᡁᠢ ᠹᠦ᠋ ᠪᠤᠤ ᠵᠢᠵᠢᠭ ᠫᠷᠤᠭ᠍ᠷᠠᠮ ᠳᠤ ᠨᠡᠪᠳᠡᠷᠡᠬᠦ ᠪᠠᠷ ᠲᠠᠮᠵᠢᠨ᠂ ᠠᠳᠠᠯᠢ ᠪᠤᠰᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ︵ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠶᠯᠡᠴᠢᠯᠡᠭᠡ ᠪᠠᠭᠲᠠᠨ᠎ᠠ︶᠎ ᠢ ᠦᠨᠳᠦᠰᠦᠯᠡᠨ᠂ 24 ᠴᠠᠭ ᠤᠨ  ︽ᠠᠯᠠᠭᠠᠨ ᠳᠡᠭᠡᠷᠡᠬᠢ︾ ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠩᠭᠠᠵᠤ᠂ ᠴᠣᠩᠬᠤᠪᠴᠢ ᠳᠤ ᠬᠦᠷᠴᠦ ︽ᠭᠦᠶᠦᠯᠭᠡᠬᠦ ︾ ᠠᠵᠢᠯ ᠶᠠᠪᠤᠳᠠᠯ ᠭᠦᠶᠴᠡᠳᠬᠡᠬᠦ ᠳᠠᠷᠤᠭᠠᠰᠤ ᠶᠢ ᠶᠡᠭᠡ ᠪᠠᠷ ᠬᠥᠩᠭᠡᠷᠡᠭᠦᠯᠬᠦ ᠪᠣᠯᠤᠨ᠎ᠠ᠃
      ᠭᠤᠷᠪᠠ᠂  ︽ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ ︾᠎ ᠨᠢ ᠠᠵᠤ ᠠᠬᠤᠶᠢᠯᠠᠯ ᠣᠯᠠᠨ ᠲᠦᠮᠡᠨ ᠳᠤ ᠬᠡᠷᠬᠢᠨ ᠳᠥᠭᠦᠮ ᠦᠵᠡᠭᠦᠯᠬᠦ ᠪᠤᠶ︖
      ᠣᠳᠣᠬᠠᠨ ᠳᠤ᠂  ︽ᠮᠥᠩᠬᠡ ᠰᠤᠪᠠᠭ ︾ APP ᠨᠢᠭᠡᠨᠲᠡ ᠪᠥᠬᠦ ᠣᠷᠣᠨ ᠤ ᠡᠯ᠎ᠡ ᠱᠠᠲᠤᠨ ᠤ 5000 ᠭᠠᠷᠤᠶ ᠰᠠᠯᠠᠭ᠎ᠠ ᠮᠥᠴᠢᠷ ᠤᠨ 10 ᠲᠦᠮᠡ ᠰᠢᠬᠠᠮ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠨᠡᠶᠢᠲᠡᠯᠡᠵᠦ᠂ ᠬᠡᠰᠡᠭ ᠵᠦᠶᠯᠡᠰ ᠨᠢ ᠨᠢᠭᠡᠨᠳᠡ ᠪᠠᠶᠢᠴᠠᠭᠠᠨ ᠯᠠᠪᠯᠠᠬᠤ᠂ ᠤᠷᠢᠳᠴᠢᠯᠠᠨ ᠪᠣᠯᠵᠣᠬᠤ᠂ ᠭᠦᠶᠴᠡᠳᠬᠡᠬᠦ ᠪᠠ ᠦᠨᠡᠯᠡᠬᠦ ᠦᠶᠯᠡᠴᠢᠯᠡᠭᠡ ᠶᠢ ᠳᠡᠮᠵᠢᠪᠡ᠃ ᠡᠨᠡ ᠬᠦ ᠰᠠᠭᠤᠷᠢᠨ ᠳᠡᠭᠡᠷ᠎ᠡ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠡᠷᠡᠭᠯᠡᠯᠲᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ 500 ᠭᠠᠷᠤᠶ ᠵᠦᠶᠯ ᠤᠨ ᠬᠡᠷᠡᠭᠯᠡᠭᠡᠨ ᠤ ᠦᠶᠯᠡᠴᠢᠯᠡᠭᠡ ᠶᠢ ᠰᠦᠯᠵᠢᠶᠡᠨ ᠳᠤ ᠭᠠᠷᠭᠠᠵᠤ᠂ 16 ᠲᠥᠷᠥᠯ ᠤᠨ ᠡᠯᠧᠺᠲᠷᠣᠨ ᠦᠨᠡᠮᠯᠡᠯ ᠤᠨ ᠪᠠᠶᠢᠴᠠᠭᠠᠨ ᠯᠠᠪᠯᠠᠬᠤ᠂ ᠲᠠᠨᠢᠵᠤ ᠠᠪᠬᠤ ᠦᠶᠯᠡᠴᠢᠯᠡᠭᠡ ᠶᠢ ᠬᠠᠩᠭᠠᠵᠤ᠂ ᠲᠠᠷᠠᠭᠠᠴᠢ ᠶᠢᠨ ᠠᠯᠬᠤᠮ ᠳᠤ ᠠᠵᠤ ᠠᠬᠤᠶᠢᠯᠠᠯ ᠣᠯᠠᠨ ᠲᠦᠮᠡᠨ ᠤ ᠡᠯ᠎ᠡ ᠲᠥᠷᠥᠯ ᠤᠨ ᠠᠵᠢᠯ ᠶᠠᠪᠤᠳᠠᠯ ᠭᠦᠶᠴᠡᠳᠬᠡᠬᠦ ᠭᠤᠭᠴᠤᠭ᠎ᠠ ᠵᠢᠴᠢ ᠠᠳᠠᠯᠢ ᠪᠤᠰᠤ ᠲᠠᠯᠠᠪᠤᠷ ᠲᠠᠬᠢ ᠺᠣᠳ᠋ ᠰᠢᠷᠪᠢᠵᠦ ᠭᠡᠷᠡᠴᠢ ᠭᠠᠷᠭᠠᠬᠤ ᠳᠤ ᠲᠤᠯᠭᠠᠭᠤᠷᠢᠯᠠᠯ ᠬᠠᠩᠭᠠᠨ᠎ᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂  ︽ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠭᠠᠵᠠᠷ ᠤᠨ ᠵᠢᠷᠤᠭ ︾  ︽ᠣᠶᠤᠨᠴᠢ ᠠᠰᠠᠭᠤᠯᠲᠠ ᠬᠠᠷᠢᠭᠤᠯᠲᠠ ︾ ᠵᠡᠷᠭᠡ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠯᠢ ᠣᠯᠠᠨ ᠴᠢᠳᠠᠮᠵᠢ ᠶᠢᠨ ᠬᠡᠷᠡᠭᠯᠡᠯᠲᠡ ᠶᠢ ᠵᠠᠯᠭᠠᠭ᠎ᠠ ᠪᠠᠷ ᠭᠠᠷᠭᠠᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠳᠥᠭᠦᠮᠴᠢᠯᠡᠯᠲᠡ ᠶᠢᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠬᠦᠴᠢᠷᠲᠡᠶ᠂ ᠠᠵᠢᠯ ᠶᠠᠪᠤᠳᠠᠯ ᠭᠦᠶᠴᠡᠳᠬᠡᠬᠦ ᠳᠤ ᠤᠳᠠᠭᠠᠨ᠂ ᠠᠵᠢᠯ ᠶᠠᠪᠤᠳᠠᠯ ᠭᠦᠶᠴᠡᠳᠬᠡᠬᠦ  ᠳᠤ ᠶᠠᠷᠰᠢᠭᠲᠠᠶ ᠵᠡᠷᠭᠡ ᠠᠰᠠᠭᠤᠳᠠᠯ ᠢ ᠰᠢᠶᠳᠪᠦᠷᠢᠯᠡᠬᠦ ᠶᠢ  ᠠᠬᠢᠭᠤᠯᠤᠨ᠎ᠠ᠃
      ᠳᠥᠷᠪᠡ᠂  ︽ᠮᠥᠩᠬᠡ ᠰᠤᠪᠠᠭ · ᠠᠯᠠᠭᠠᠨ ᠳᠡᠭᠡᠷ᠎ᠡ ᠭᠦᠢᠴᠡᠳᠬᠡᠬᠦ ︾ ᠠᠵᠢᠯ ᠢ ᠬᠡᠷᠬᠢᠨ ᠲᠦᠯᠬᠢᠨ ᠠᠬᠢᠭᠤᠯᠬᠤ ᠪᠤᠶ︖
      ᠨᠢᠭᠡ ᠳᠤ  ᠴᠤᠭᠯᠠᠷᠠᠭᠤᠯᠤᠨ ᠨᠢᠭᠡᠳᠭᠡᠬᠦ ᠶᠢ ᠦᠷᠭᠦᠯᠵᠢᠯᠡᠨ ᠠᠬᠢᠭᠤᠯᠤᠨ᠎ᠠ᠃ ᠠᠵᠤ ᠠᠬᠤᠶᠢᠯᠠᠯ᠂ ᠣᠯᠠᠨ ᠲᠦᠮᠡᠨ ᠳᠤ ᠬᠠᠨᠳᠤᠭᠤᠯᠤᠭᠰᠠᠨ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠵᠢᠴᠢ ᠬᠠᠮᠢᠶ᠎ᠠ ᠪᠥᠬᠦᠶ ᠬᠡᠷᠡᠭᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠪᠥᠬᠦ ᠲᠠᠯ᠎ᠠ ᠪᠠᠷ ᠡᠮᠬᠢᠯᠡᠵᠦ᠂ ᠠᠰᠢᠭᠯᠠᠵᠤ ᠪᠣᠯᠬᠤ ᠮᠡᠳᠡᠭᠡ ᠵᠠᠩᠭᠢᠵᠢᠯᠲᠠ ᠶᠢᠨ ᠡᠬᠢ ᠪᠠᠶᠠᠯᠢᠭ ᠤᠨ ᠨᠠᠷᠢᠨ ᠬᠠᠭᠤᠳᠠᠰᠤ ᠶᠢ ᠪᠦᠷᠢᠯᠳᠦᠭᠦᠯᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠵᠠᠯᠭᠠᠰᠤ ᠶᠢᠨ ᠬᠠᠭᠤᠳᠠᠰᠤ ᠶᠢ ᠨᠡᠭᠡᠭᠡᠨ ᠬᠥᠭᠵᠢᠭᠦᠯᠬᠦ ᠶᠢ ᠠᠬᠢᠭᠤᠯᠬᠤ᠂ ᠮᠠᠰᠢ ᠣᠯᠠᠨ ᠰᠠᠯᠠᠭ᠎ᠠ ᠮᠥᠴᠢᠷ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ  ᠳᠤ ᠲᠠᠷᠬᠠᠵᠦ ᠪᠠᠶᠢᠭ᠎ᠠ ᠰᠦᠯᠵᠢᠶ᠎ᠡ ᠪᠠᠷ ᠠᠵᠢᠯ  ᠶᠠᠪᠤᠳᠠᠯ ᠭᠦᠶᠴᠡᠳᠬᠡᠬᠦ ᠦᠶᠯᠡᠴᠢᠯᠡᠭᠡᠨ ᠤ ᠣᠷᠣᠬᠤ ᠡᠭᠦᠳᠡ ᠵᠢᠴᠢ ᠥᠨᠳᠥᠷ ᠳᠠᠪᠲᠠᠮᠵᠢᠲᠤ ᠬᠡᠷᠡᠭᠯᠡᠯᠲᠡ ᠶᠢ ᠪᠦᠯᠦᠭ ᠬᠤᠪᠢᠶᠠᠨ ᠬᠤᠭᠤᠴᠠᠭ᠎ᠠ  ᠠᠯᠤᠰᠠᠯᠵᠦ ︽ᠮᠥᠩᠬᠡ ᠰᠤᠪᠠᠭ ︾ APP᠎ ᠳᠤ ᠣᠷᠣᠭᠤᠯᠤᠨ᠎ᠠ᠃
      ᠬᠤᠶᠠᠷ ᠲᠤ  ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠡᠷᠡᠭᠯᠡᠭᠴᠢ ᠶᠢᠨ ᠬᠡᠷᠡᠭᠴᠡᠭᠡ ᠱᠠᠭᠠᠷᠳᠠᠯᠭ᠎ᠠ ᠶᠢᠨ ᠡᠭᠦᠳᠡᠨ ᠠᠴᠠ ᠡᠭᠦᠰᠴᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠡᠮᠵᠡᠭ ᠭᠠᠵᠠᠷ᠂ ᠲᠦᠪᠡᠭᠲᠡᠢ ᠠᠰᠠᠭᠤᠠᠯ ᠢ ᠤᠨᠢᠯᠠᠨ᠂ ᠡᠯ᠎ᠡ ᠨᠢᠭᠡᠴᠡ ᠶᠢᠨ ᠦᠶᠯᠡᠴᠢᠯᠡᠭᠡᠨ ᠤ ᠠᠭᠤᠯᠭ᠎ᠠ ᠶᠢ ᠠᠭᠤᠰᠤᠯᠴᠠᠭᠤᠯᠤᠨ᠂ ᠬᠡᠷᠡᠭᠴᠡᠭᠡ ᠱᠠᠭᠠᠷᠳᠠᠯᠭ᠎ᠠ ᠲᠣᠭᠲᠠᠭᠠᠬᠤ ᠶᠢ ᠭᠦᠨᠵᠡᠭᠡᠶᠢᠷᠡᠭᠦᠯᠵᠦ᠂ ᠠᠵᠢᠯ ᠶᠠᠪᠤᠳᠠᠯ ᠭᠦᠶᠴᠡᠳᠬᠡᠬᠦ ᠲᠠᠯᠠᠪᠤᠷ ᠪᠠᠷ ᠭᠤᠤᠯ ᠱᠤᠭᠤᠮ ᠪᠣᠯᠭᠠᠨ᠂  ᠠᠩᠬᠠᠷᠤᠮᠵᠢ ᠦᠨᠳᠦᠷ ᠵᠦᠶᠯᠡᠰ ᠲᠤ ᠴᠢᠭᠯᠡᠭᠦᠯᠦᠨ ᠥᠨᠳᠥᠷ ᠳᠠᠪᠲᠠᠮᠵᠢᠲᠤ ᠭᠤᠤᠯ ᠰᠡᠳᠦᠪᠲᠦ ᠦᠶᠯᠡᠴᠢᠯᠡᠭᠡᠨ ᠤ ᠲᠤᠰᠬᠠᠶ ᠲᠣᠭᠤᠷᠢᠭ  ᠢ ᠪᠠᠶᠢᠷᠢᠯᠠᠭᠤᠯᠤᠨ᠎ᠠ᠃
      ᠭᠤᠷᠪᠠ ᠳᠤ ᠪᠦᠬᠦᠯᠢ ᠴᠣᠭᠴᠠ ᠶᠢᠨ ᠪᠣᠷᠣ ᠲᠥᠯᠥᠪ ᠢ ᠲᠦᠷᠭᠡᠪᠴᠢᠯᠡᠨ ᠰᠢᠯᠢᠳᠡᠭᠵᠢᠭᠦᠯᠦᠨ᠎ᠡ᠃ ᠮᠥᠩᠬᠡ ᠰᠤᠪᠠᠭ APP᠎ ᠶᠢᠨ ᠲᠥᠯᠥᠪᠵᠢᠭᠦᠯᠭᠡ ᠶᠢᠨ ᠬᠡᠪ  ᠤᠨ ᠦᠭᠡᠷᠡᠴᠢᠯᠡᠯᠳᠡ ᠶᠢ ᠠᠬᠢᠭᠤᠯᠵᠤ᠂ ᠨᠠᠩ ᠰᠢᠨᠵᠢᠯᠡᠬᠦ ᠤᠬᠠᠭᠠᠨᠴᠢ ᠪᠥᠭᠡᠳ ᠪᠦᠷᠢᠨ ᠪᠦᠲᠦᠨ ᠪᠤᠯᠤᠩ ᠤᠨ ᠪᠦᠲᠦᠴᠡ᠂ ᠠᠭᠤᠯᠭ᠎ᠠ ᠶᠢᠨ ᠪᠠᠶᠢᠷᠢᠰᠢᠭᠤᠯᠤᠯᠲᠠ᠂ ᠴᠢᠳᠠᠮᠵᠢ ᠶᠢᠨ ᠰᠢᠰᠲ᠋ᠧᠮᠵᠢ ᠪᠠ ᠬᠠᠭᠤᠳᠠᠰᠤ ᠶᠢᠨ ᠵᠢᠷᠤᠭ ᠲᠥᠯᠥᠪᠯᠡᠭᠡ ᠶᠢ ᠪᠠᠶᠢᠭᠤᠯᠵᠤ᠂  ︽ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠭᠠᠵᠠᠷ ᠤᠨ ᠵᠢᠷᠤᠭ ︾  ︽ᠣᠶᠤᠨᠴᠢ ᠠᠰᠠᠭᠤᠯᠲᠠ᠂ ᠣᠶᠤᠨᠴᠢ ᠬᠠᠷᠢᠭᠤᠯᠲᠠ᠂ ᠣᠶᠤᠨᠴᠢ ᠬᠠᠶᠢᠯᠲᠠ᠂ ᠣᠶᠤᠨᠴᠢ  ᠭᠦᠢᠴᠡᠳᠭᠡᠯ︾ ᠵᠡᠷᠭᠡ ᠰᠢᠯᠵᠢᠮᠡᠯ ᠣᠶᠤᠨᠴᠢ ᠵᠠᠰᠠᠭ ᠤᠨ ᠶᠠᠪᠤᠳᠠᠯ ᠤᠨ ᠴᠢᠳᠠᠮᠵᠢ ᠶᠢ  ᠵᠦᠢᠴᠢᠯᠡᠨ ᠭᠠᠷᠭᠠᠵᠤ᠂ ᠠᠵᠤ ᠠᠬᠤᠶᠢᠯᠠᠯ ᠣᠯᠠᠨ ᠲᠦᠮᠡᠨ ᠳᠤ ᠣᠶᠤᠨᠴᠢᠯᠠᠭᠰᠠᠨ᠂ ᠣᠨᠣᠪᠴᠢᠯᠠᠭᠰᠠᠨ᠂ ᠥᠪᠡᠷᠮᠢᠴᠡᠵᠢᠭᠰᠡᠨ ᠦᠶᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠬᠦᠷᠭᠡᠬᠦ ᠪᠤᠯᠤᠨ᠎ᠠ᠃
      ᠲᠠᠪᠤ᠂ ︽ᠮᠥᠩᠬᠡ ᠰᠤᠪᠠᠭ ·ᠠᠯᠠᠭᠠᠨ ᠳᠡᠭᠡᠷ᠎ᠡ ᠭᠦᠢᠴᠡᠳᠬᠡᠬᠦ ︾ ᠎ ᠶᠢ ᠬᠡᠷᠬᠢᠨ ᠬᠡᠷᠡᠭᠯᠡᠬᠦ ᠪᠤᠢ︖

123.png

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ