︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ · ᠨᠢᠭᠡ ᠰᠦᠯᠵᠢᠶ᠎ᠡ ᠪᠠᠷ ᠭᠦᠢᠴᠡᠳᠬᠡᠬᠦ﹀ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠣᠪᠴᠢ ᠲᠣᠳᠣᠷᠬᠠᠢ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2021/3/9
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ · ᠨᠢᠭᠡ ᠰᠦᠯᠵᠢᠶ᠎ᠡ ᠪᠠᠷ ᠭᠦᠢᠴᠡᠳᠬᠡᠬᠦ﹀ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠣᠪᠴᠢ ᠲᠣᠳᠣᠷᠬᠠᠢ ᠠᠰᠠᠭᠤᠯᠲᠠ ᠬᠠᠷᠢᠭᠤᠯᠲᠠ      ᠨᠢᠭᠡ᠂ ᠶᠠᠭᠤᠨ ᠳᠤ ︽ᠮᠥᠩᠬᠡ ᠰᠤᠪᠠᠭ ·ᠨᠢᠭᠡ ᠰᠦᠯᠵᠢᠶ᠎ᠡ ᠪᠠᠷ ᠭᠦᠢᠴᠡᠳᠬᠡᠬᠦ︾ ᠶᠢᠨ ᠲᠥᠰᠦᠯ ᠢ ᠲᠣᠭᠲᠠᠭᠠᠭᠰᠠᠨ ᠪᠤᠶ︖      ᠮᠡᠳᠡᠭᠡ ᠵᠠᠩᠭᠢ ᠶᠢᠨ ᠮᠡᠷᠭᠡᠵᠢᠯ ᠤᠨ ᠲᠣᠭᠠᠴᠢᠯᠠᠯᠲᠠ᠂ ᠰᠦᠯᠵᠢᠶᠡᠵᠢᠯᠲᠡ᠂ ᠤᠶᠤᠨᠴᠢᠯᠠᠯᠳᠠ ᠶᠢᠨ ᠬᠥᠭᠵᠢᠯᠲᠡ ᠶᠢ ᠳᠠᠭᠠᠯᠳᠤᠨ᠂ ᠤᠯᠠᠨ ᠲᠦᠮᠡᠨ ᠠᠵᠤ ᠠᠬᠤᠶᠢᠯᠠᠯ ᠤᠨ ᠠᠵᠢᠯ ᠶᠠᠪᠤᠳᠠᠯ  ᠭᠦᠢᠴᠡᠳᠭᠡᠬᠦ ᠠᠷᠭ᠎ᠠ ᠬᠡᠯᠪᠡᠷᠢ ᠪᠠᠰᠠ ᠮᠠᠰᠢ ᠶᠡᠭᠡ ᠬᠤᠪᠢᠷᠠᠯᠲᠠ ᠭᠠᠷᠴᠤ᠂ ᠦᠢᠯᠡᠴᠢᠯᠡᠭᠡᠨ ᠤ ᠬᠡᠯᠪᠡᠷᠢ ᠨᠡᠩ ᠤᠯᠠᠨ ᠡᠰᠢᠴᠢᠯᠡᠭᠰᠡᠨ᠂ ᠳᠥᠭᠦᠮᠴᠢᠯᠡᠭᠰᠡᠨ᠂ ᠤᠶᠤᠨᠴᠢᠯᠠᠬᠰᠠᠨ ᠪᠠᠶᠢᠨ᠎ᠠ᠃ ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ  ᠪᠦᠬᠦ ᠬᠦᠴᠦᠨ ᠢᠶᠠᠷ ᠢᠶᠠᠨ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ  ᠦᠢᠯᠡᠴᠢᠯᠡᠭᠡ︾ ᠶᠢᠨ ᠪᠠᠶᠢᠭᠤᠯᠤᠯᠲᠠ ᠶᠢ ᠠᠬᠢᠭᠤᠯᠵᠤ᠂ ︽ᠮᠥᠩᠬᠡ ᠰᠤᠪᠠᠭ︾ ᠶᠢᠨ ᠦᠶᠯᠡᠴᠢᠯᠡᠭᠡᠨ ᠤ ᠨᠠᠷᠠᠲᠤ ᠲᠡᠮᠳᠡᠭᠲᠦ ᠶᠢ  ᠪᠦᠲᠦᠭᠡᠨ ᠪᠠᠶᠢᠭᠤᠯᠣᠨ᠂ ᠪᠥᠬᠦ ᠣᠷᠣᠨ ᠤ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ  ᠳᠡᠭᠡᠭᠰᠢᠯᠡᠭᠦᠯᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠪᠤᠷᠠᠯ ᠢ ᠳᠠᠬᠢᠨ ᠵᠣᠬᠢᠶᠠᠬᠤ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠠᠬᠢᠭᠤᠯᠤᠨ᠂ ᠨᠢᠭᠡ ᠰᠦᠯᠵᠢᠶ᠎ᠡ ᠪᠠᠷ ᠭᠥᠯᠢᠶᠡᠨ ᠠᠪᠴᠤ ᠬᠠᠮᠵᠢᠯᠴᠠᠨ  ᠭᠦᠢᠴᠡᠳᠭᠡᠵᠦ᠂ ᠶᠡᠷᠦᠩᠬᠡᠶᠢᠯᠡᠨ ᠬᠠᠮᠢᠶᠠᠷᠣᠭᠰᠠᠨ ᠨᠢᠭᠡ  ᠴᠣᠭᠴᠠᠵᠢᠭᠤᠯᠣᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠯᠳᠦᠭᠦᠯᠵᠦ᠂ ᠠᠷᠠᠳ ᠣᠯᠠᠨ ᠢ ᠢᠨᠲ᠋ᠧᠷ ᠰᠦᠯᠵᠢᠶ᠎ᠡ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠨᠠᠩ ᠰᠠᠶᠢᠨ ᠢᠶᠠᠷ ᠬᠠᠮᠲᠦ ᠡᠳ᠋ᠯᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ ·  ᠨᠢᠭᠡ ᠰᠦᠯᠵᠢᠶ᠎ᠡ ᠪᠠᠷ ᠭᠦᠢᠴᠡᠳᠬᠡᠬᠦ﹀ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃      ᠬᠤᠶᠠᠷ᠂  ︽ᠮᠥᠩᠬᠡ ᠰᠤᠪᠠᠭ ·ᠨᠢᠭᠡ ᠰᠦᠯᠵᠢᠶ᠎ᠡ ᠪᠠᠷ ᠭᠦᠢᠴᠡᠳᠬᠡᠬᠦ ︾ ᠨᠢ ᠠᠵᠤ ᠠᠬᠤᠶᠢᠯᠠᠯ ᠣᠯᠠᠨ ᠲᠦᠮᠡᠨ ᠳᠤ ᠬᠡᠷᠬᠢᠨ ᠲᠥᠬᠦᠮ ᠦᠵᠡᠭᠦᠯᠬᠦ ᠪᠣᠶ︖      ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ  ︽ᠣᠯᠠᠨ ᠡᠭᠦᠳᠡ ︾ ᠠᠴᠠ  ︽ᠨᠢᠭᠡ ᠡᠭᠦᠳᠡ ︾ ᠪᠣᠯᠭᠠᠨ ᠬᠤᠪᠢᠷᠠᠭᠤᠯᠬᠤ᠂  ︽ᠣᠯᠠᠨ  ᠴᠣᠩᠬᠤᠪᠴᠢ︾ ᠠᠴᠠ  ︽ᠨᠢᠭᠡ  ᠴᠣᠩᠬᠤᠪᠴᠢ ︾ ᠪᠣᠯᠭᠠᠨ ᠬᠤᠪᠢᠷᠠᠭᠤᠯᠬᠤ᠂  ︽ᠰᠠᠯᠠᠭ᠎ᠠ ᠮᠥᠴᠢᠷ ᠢ ᠡᠷᠢᠬᠦ ︾ ᠪᠠᠶᠢᠭᠰᠠᠨ ᠠᠴᠠ  ︽ᠵᠠᠰᠠᠭ  ᠤᠨ ᠣᠷᠳᠣᠨ ᠢ ᠡᠷᠢᠬᠦ ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠰᠦᠯᠵᠢᠶᠡᠨ ᠳᠡᠭᠡᠷ᠎ᠡ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠰᠦᠯᠵᠢᠶᠡᠨ ᠳᠡᠭᠡᠷ᠎ᠡ ᠭᠦᠶᠴᠡᠳᠬᠡᠵᠦ ᠪᠣᠯᠬᠤ᠂ ᠰᠦᠯᠵᠢᠶᠡᠨ ᠳᠡᠭᠡᠷ᠎ᠡ ᠭᠦᠶᠴᠡᠳᠬᠡᠬᠦ ᠳᠤ ᠬᠢᠯᠪᠠᠷ᠂ ᠰᠦᠯᠵᠢᠶᠡᠨ ᠳᠡᠭᠡᠷ᠎ᠡ ᠭᠦᠶᠴᠡᠳᠬᠡᠬᠦ ᠳᠤ ᠠᠮᠠᠷᠬᠠᠨ ᠪᠠᠶᠢᠬᠤ ᠶᠢ ᠪᠡᠶᠡᠯᠡᠭᠦᠯᠵᠦ᠂ 1 ᠠᠴᠠ 2 ᠵᠢᠯ ᠤᠨ  ᠬᠤᠭᠤᠴᠠᠭᠠᠨ ᠳᠤ ᠂ 90 % ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ  ︽ᠨᠢᠭᠡ ᠰᠦᠯᠵᠢᠶ᠎ᠡ ᠪᠠᠷ ᠭᠦᠢᠴᠡᠳᠬᠡᠬᠦ ︾ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠰᠦᠯᠵᠢᠶᠡᠨ ᠭᠠᠳᠠᠨ᠎ᠠ᠂ ᠡᠯ᠎ᠡ ᠰᠠᠯᠠᠭ᠎ᠠ ᠮᠥᠴᠢᠷ ᠲᠤ ᠲᠠᠷᠬᠠᠵᠤ ᠪᠠᠶᠢᠭ᠎ᠠ ᠦᠶᠯᠡᠴᠢᠯᠡᠭᠡᠨ ᠤ ᠴᠣᠩᠬᠤᠪᠴᠢ ᠶᠢ ᠠᠯᠬᠤᠮ ᠠᠯᠬᠤᠮ  ᠢᠶᠠᠷ ᠡᠮᠬᠢᠯᠡᠨ ᠨᠡᠶᠢᠯᠡᠭᠦᠯᠵᠦ ᠶᠡᠷᠦᠩᠬᠡᠶᠢᠯᠡᠨ ᠭᠥᠯᠢᠶᠡᠨ ᠠᠪᠴᠤ ᠰᠢᠶᠳᠪᠦᠷᠢᠯᠡᠬᠦ ᠴᠣᠩᠬᠤᠪᠴᠢ ᠪᠣᠯᠭᠠᠵᠤ᠂  ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠶᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ ︾ ᠦᠶᠯᠡᠴᠢᠯᠡᠭᠡᠨ ᠤ  ᠬᠡᠯᠪᠡᠷᠢ ᠢ ᠬᠡᠷᠡᠭᠵᠢᠭᠦᠯᠦᠨ᠎ᠡ᠃      ᠭᠤᠷᠪᠠ᠂  ︽ᠮᠥᠩᠬᠡ ᠰᠤᠪᠠᠭ· ᠨᠢᠭᠡ ᠰᠦᠯᠵᠢᠶ᠎ᠡ ᠪᠠᠷ ᠭᠦᠢᠴᠡᠳᠬᠡᠬᠦ ︾ ᠠᠵᠢᠯ ᠢ ᠬᠡᠷᠬᠢᠨ ᠠᠬᠢᠭᠤᠯᠬᠤ ᠪᠤᠶ︖      ᠨᠢᠭᠡ ᠳᠤ᠂ ᠦᠶᠯᠡᠴᠢᠯᠡᠭᠡᠨ ᠤ ᠵᠦᠶᠯᠡᠰ ᠤᠨ ᠪᠠᠷᠢᠮᠵᠢᠶ᠎ᠠ ᠶᠢ ᠨᠢᠭᠡᠳᠬᠡᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ  ︵ᠬᠤᠲᠠ᠂ ᠲᠣᠭᠤᠷᠢᠭ ︶ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠪᠠᠷᠢᠮᠵᠢᠶᠠᠵᠢᠭᠤᠯᠣᠯᠲᠠ ᠶᠢ ᠠᠬᠢᠭᠤᠯᠵᠤ᠂ ᠺᠣᠮᠫᠢᠦ᠋ᠲ᠋ᠧᠷ᠂ ᠭᠠᠷ ᠤᠲᠠᠰᠤ᠂ ᠴᠣᠩᠬᠤᠪᠴᠢ᠂ ᠠᠦ᠋ᠲ᠋ᠣ᠋ ᠮᠠᠰᠢᠨ᠂ ᠲᠧᠯᠸᠢᠰ ᠵᠡᠷᠭᠡ ᠵᠠᠮ ᠮᠥᠷ ᠤᠨ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ᠲᠤᠭ᠎ᠠ ᠪᠠᠷᠢᠮᠲᠠ ᠶᠢ ᠠᠳᠠᠯᠢ ᠰᠤᠷᠪᠤᠯᠵᠢ ᠲᠠᠢ ᠪᠣᠯᠬᠤ ᠶᠢ ᠠᠬᠢᠭᠤᠯᠵᠣ᠂ ᠪᠠᠷᠢᠮᠵᠢᠶᠠᠵᠢᠭᠤᠯᠣᠯᠲᠠ  ᠪᠠᠷ ᠭᠥᠯᠢᠶᠡᠨ ᠠᠪᠴᠤ  ᠰᠢᠢᠳᠪᠦᠷᠢᠯᠡᠨ᠂  ᠵᠢᠷᠣᠮᠵᠢᠭᠤᠯᠣᠯᠲᠠ ᠪᠠᠷ  ᠭᠦᠢᠴᠡᠳᠭᠡᠨ᠎ᠡ᠃      ᠬᠤᠶᠠᠷ ᠲᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠢ ᠨᠢᠭᠡᠳᠬᠡᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ  ︵ᠬᠤᠲᠠ᠂ ᠲᠣᠭᠤᠷᠢᠭ ︶ ᠤ ᠣᠲᠣ ᠶᠢᠨ ᠪᠠᠶᠢᠭ᠎ᠠ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠭᠦᠨᠵᠡᠭᠡᠶ ᠠᠭᠤᠰᠤᠯᠴᠠᠬᠤ ᠶᠢ ᠠᠬᠢᠭᠤᠯᠤᠨ᠂ ᠨᠢᠭᠡ ᠰᠦᠯᠵᠢᠶ᠎ᠡ ᠪᠠᠷ ᠭᠥᠯᠢᠶᠡᠨ ᠠᠪᠴᠤ ᠰᠢᠶᠳᠪᠦᠷᠢᠯᠡᠬᠦ᠂ ᠬᠠᠮᠵᠢᠯᠴᠠᠨ ᠭᠦᠶᠴᠡᠳᠬᠡᠬᠦ᠂ ᠶᠡᠷᠦᠩᠬᠡᠶᠢᠯᠡᠨ ᠬᠠᠮᠢᠶᠠᠷᠬᠤ ᠶᠢ ᠪᠡᠶᠡᠯᠡᠭᠦᠯᠦᠨ᠎ᠡ᠃ 2021 ᠣᠨ ᠤ ᠰᠡᠭᠦᠯᠴᠢ ᠠᠴᠠ ᠡᠮᠦᠨ᠎ᠡ᠂ ᠣᠨᠴᠠᠯᠢᠭᠲᠤ ᠬᠡᠷᠡᠭᠯᠡᠭᠡᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ  ᠰᠦᠯᠵᠢᠶᠡᠨ ᠳᠤ ᠵᠠᠯᠭᠠᠨ ᠣᠷᠣᠭᠤᠯᠬᠤ ᠶᠢ 150 ᠠᠴᠠ ᠳᠤᠲᠠᠭᠤ ᠥᠬᠡᠶ ᠪᠠᠶᠢᠯᠭᠠᠨ᠎ᠠ᠃      ᠭᠤᠷᠪᠠ ᠳᠤ᠂ ᠡᠭᠴᠡ ᠰᠢᠰᠲ᠋ᠧᠮ ᠤᠨ ᠵᠠᠯᠭᠠᠯᠲᠠ ᠶᠢ ᠨᠢᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 14 ᠰᠠᠯᠠᠭ᠎ᠠ ᠮᠥᠴᠢᠷ ᠤᠨ 41 ᠲᠤᠬᠠᠶᠢᠯᠠᠭᠰᠠᠨ ᠠᠵᠢᠯ ᠤᠨ ᠰᠢᠰᠲ᠋ᠧᠮ ᠢ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠯᠤᠭ᠎ᠠ ᠵᠣᠯᠭᠠᠭᠤᠯᠬᠤ ᠶᠢ ᠠᠬᠢᠭᠤᠯᠵᠤ᠂ ᠰᠦᠯᠵᠢᠶ᠎ᠡ᠂ ᠲᠤᠭ᠎ᠠ ᠪᠠᠷᠢᠮᠲᠠ᠂ ᠲᠤᠬᠠᠶᠢᠯᠠᠭᠰᠠᠨ ᠠᠵᠢᠯ ᠪᠠ ᠬᠡᠷᠡᠭᠯᠡᠭᠴᠢ ᠶᠢᠨ ᠰᠢᠰᠲ᠋ᠧᠮᠵᠢ ᠯᠦᠭᠡ ᠵᠣᠯᠭᠠᠭᠤᠯᠬᠤ ᠪᠠᠷ ᠳᠠᠮᠵᠢᠭᠤᠯᠤᠨ᠂ ᠬᠥᠨᠳᠡᠯᠡᠨ ᠢᠶᠠᠷ ᠰᠢᠰᠲ᠋ᠧᠮ  ᠤᠨ ᠬᠠᠷᠢᠯᠴᠠᠨ ᠬᠤᠯᠪᠣᠬᠤ᠂ ᠭᠤᠯᠳᠤ ᠪᠠᠷ ᠲᠤᠭ᠎ᠠ ᠪᠠᠷᠢᠮᠲᠠ ᠨᠡᠪᠲᠡᠷᠡᠭᠦᠯᠬᠦ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ  ︽ᠨᠢᠭᠡ ᠰᠦᠯᠵᠢᠶ᠎ᠡ  ᠪᠠᠷ ᠨᠡᠶᠢᠳᠡᠮ  ᠭᠦᠢᠴᠡᠳᠭᠡᠨ᠎ᠡ ︾᠃      ᠳᠥᠷᠪᠡ ᠳᠤ ᠂ ᠶᠡᠷᠦᠩᠬᠡᠶᠢᠯᠡᠨ ᠭᠥᠯᠢᠶᠡᠨ ᠠᠪᠴᠤ ᠰᠢᠶᠳᠪᠦᠷᠢᠯᠡᠬᠦ ᠰᠢᠰᠲ᠋ᠧᠮ ᠢ ᠨᠢᠭᠡᠳᠬᠡᠨ᠎ᠡ᠃ ᠪᠥᠬᠦ ᠣᠷᠣᠨ ᠳᠤ  ︽ᠶᠡᠷᠦᠩᠬᠡᠶᠢᠯᠡᠭᠰᠡᠨ ᠨᠢᠭᠡ ᠴᠣᠩᠬᠤᠪᠴᠢ  ᠪᠠᠷ ᠭᠥᠯᠢᠶᠡᠨ ᠠᠪᠴᠤ ᠰᠢᠶᠳᠪᠦᠷᠢᠯᠡᠬᠦ ︾ ᠰᠢᠰᠲ᠋ᠧᠮ ᠤᠨ ᠬᠡᠷᠡᠭᠯᠡᠯᠲᠡ ᠶᠢ ᠬᠡᠷᠡᠭᠵᠢᠭᠦᠯᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ  ᠳᠤ  ︽ᠡᠮᠦᠨ᠎ᠡ ᠲᠠᠪᠴᠠᠩ ᠳᠤ ᠨᠢᠭᠡᠳᠦᠯᠲᠡᠶ ᠭᠥᠯᠢᠶᠡᠨ ᠠᠪᠴᠤ ᠰᠢᠶᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠭᠦᠶᠴᠡᠳᠬᠡᠬᠦ᠂ ᠶᠡᠷᠦᠩᠬᠡᠶᠢᠯᠡᠭᠰᠡᠨ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ ︾  ︽ᠶᠡᠷᠦᠩᠬᠡᠶᠢᠯᠡᠭᠰᠡᠨ ᠨᠢᠭᠡ ᠴᠣᠩᠬᠤᠪᠴᠢ ︾᠂  ︽ᠪᠥᠬᠦ ᠣᠷᠣᠨ ᠳᠤ ᠨᠡᠶᠢᠳᠡᠮ ᠭᠦᠶᠴᠡᠳᠬᠡᠬᠦ ︾᠂  ︽ᠮᠤᠵᠢ ᠠᠯᠤᠰᠯᠠᠨ ᠨᠡᠶᠢᠳᠡᠮ ᠭᠦᠶᠴᠡᠳᠬᠡᠬᠦ ︾ ᠦᠶᠯᠡᠴᠢᠯᠡᠭᠡ  ᠬᠡᠷᠡᠭᠵᠢᠭᠦᠯᠬᠦ ᠳᠤ ᠮᠡᠷᠭᠡᠵᠢᠯ ᠤᠨ ᠲᠤᠯᠭᠠᠭᠤᠷᠢᠯᠠᠯ ᠢ ᠬᠠᠩᠭᠠᠨ᠎ᠠ᠃      ᠲᠠᠪᠤ ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠯ ᠢ ᠠᠬᠢᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠥᠪᠡᠰᠦᠪᠡᠨ ᠲᠤᠰᠬᠠᠶ ᠰᠦᠯᠵᠢᠶ᠎ᠡ ᠪᠠᠶᠢᠭᠤᠯᠬᠤ ᠪᠠ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠬᠠᠷᠢᠯᠴᠠᠨ  ᠬᠤᠯᠪᠣᠭᠠᠯᠠᠨ ᠨᠡᠪᠲᠡᠷᠡᠯᠴᠡᠵᠦ᠂ ᠥᠪᠡᠷᠲᠡᠭᠡᠨ ᠵᠠᠰᠠᠬᠤ ᠣᠷᠣᠨ  ᠤ ᠰᠠᠯᠠᠭ᠎ᠠ ᠮᠥᠴᠢᠷ ᠤᠨ ᠡᠭᠴᠡ ᠪᠠᠶᠢᠭᠤᠯᠤᠭᠰᠠᠨ ᠲᠤᠬᠠᠶᠢᠯᠠᠭᠰᠠᠨ ᠠᠵᠢᠯ ᠤᠨ ᠰᠢᠰᠲ᠋ᠧᠮ ᠬᠢᠭᠡᠳ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠭᠥᠯᠢᠶᠡᠨ ᠠᠪᠴᠤ ᠰᠢᠶᠳᠪᠦᠷᠢᠯᠡᠭᠰᠡᠨ ᠲᠤᠭ᠎ᠠ ᠪᠠᠷᠢᠮᠲᠠ᠂ ᠲᠤᠰᠢᠶᠠᠭᠰᠠᠨ ᠮᠠᠲ᠋ᠧᠷᠢᠶᠠᠯ᠂ ᠠᠵᠢᠯ ᠶᠠᠪᠤᠳᠠᠯ ᠭᠦᠶᠴᠡᠳᠬᠡᠭᠰᠡᠨ ᠠᠬᠢᠴᠠ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ  ᠰᠣᠯᠢᠯᠴᠠᠨ  ᠬᠠᠮᠲᠣ  ᠡᠳ᠋ᠯᠡᠬᠦ  ᠶᠢ ᠪᠡᠶᠡᠯᠡᠭᠦᠯᠦᠨ᠎ᠡ᠃      ᠵᠢᠷᠭᠤᠭ᠎ᠠ ᠳᠤ᠂ ᠡᠯᠸᠺᠲᠷᠦᠠ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢ  ᠤᠷᠳᠣᠳᠬᠠᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ  ︵ᠬᠤᠲᠠ᠂ ᠲᠣᠭᠤᠷᠢᠭ ︶᠂ ᠰᠤᠮᠤ ᠰᠢᠶᠠᠩ ᠪᠠᠯᠭᠠᠰᠤ  ︵ᠵᠡᠭᠡᠯᠢ ᠭᠤᠳᠤᠮᠵᠢ ︶ ᠳᠥᠷᠪᠡᠨ ᠱᠠᠲᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠬᠥᠨᠳᠡᠯᠡᠨ ᠭᠤᠯᠳᠤ ᠪᠠᠷ ᠪᠥᠷᠬᠦᠭᠦᠯᠵᠦ᠂  ︽ᠡᠮᠬᠢᠯᠡᠨ ᠨᠡᠶᠢᠯᠡᠭᠦᠯᠬᠦ ᠪᠣᠯ ᠵᠠᠷᠴᠢᠮ᠂ ᠥᠨᠥᠴᠢᠨ ᠰᠦᠯᠵᠢᠶ᠎ᠡ ᠪᠣᠯ ᠣᠨᠴᠣᠭᠤᠶ ᠪᠠᠶᠢᠳᠠᠯ ︾ ᠭᠡᠬᠦ ᠵᠠᠷᠴᠢᠮ ᠢᠶᠠᠷ ᠬᠠᠷᠢᠯᠴᠠᠨ ᠬᠤᠯᠪᠣᠭᠠᠯᠠᠨ ᠬᠠᠷᠢᠯᠴᠠᠨ ᠨᠡᠪᠲᠡᠷᠡᠯᠴᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠳᠤ ᠰᠠᠭᠤᠷᠢ ᠲᠤᠯᠭᠠᠭᠤᠷᠢᠯᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠠ᠃      ᠳᠣᠯᠤᠭ᠎ᠠ ᠳᠤ᠂ ᠲᠤᠭ᠎ᠠ ᠪᠠᠷᠢᠮᠲᠠ ᠶᠢ ᠡᠮᠬᠢ ᠵᠢᠷᠤᠮ ᠲᠠᠢ ᠪᠠᠷ ᠬᠠᠮᠲᠣ ᠡᠳ᠋ᠯᠡᠬᠦ ᠶᠢ ᠠᠬᠢᠭᠤᠯᠤᠨ᠎ᠠ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠮᠣ ᠳ᠋ᠠᠶᠢᠲ᠋ᠠ ᠶᠢᠨ ᠲᠥᠪ ᠢᠶᠠᠷ ᠳᠠᠮᠵᠢᠭᠤᠯᠤᠨ᠂  ᠬᠡᠷᠡᠭᠯᠡᠯᠲᠡ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠵᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠲᠤᠭ᠎ᠠ ᠪᠠᠷᠢᠮᠲᠠ ᠶᠢ ᠬᠡᠷᠡᠭᠴᠡᠭᠡ ᠶᠣᠰᠣᠭᠠᠷ ᠬᠠᠮᠲᠤ ᠡᠳ᠋ᠯᠡᠬᠦ᠂ ᠡᠮᠬᠢ ᠵᠢᠷᠤᠮ ᠲᠠᠢ ᠨᠡᠭᠡᠭᠡᠯᠲᠡ ᠬᠢᠬᠦ ᠶᠢ ᠠᠬᠢᠭᠤᠯᠤᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠲᠤᠭ᠎ᠠ ᠪᠠᠷᠢᠮᠲᠠ ᠶᠢ ᠬᠠᠮᠲᠤ ᠡᠳ᠋ᠯᠡᠬᠦ ᠬᠡᠷᠡᠭᠴᠡᠭᠡ ᠱᠠᠭᠠᠷᠳᠠᠯᠭ᠎ᠠ ᠪᠠ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠬᠡᠷᠡᠭᠴᠡᠭᠡ ᠶᠢ ᠪᠦᠲᠦᠮᠵᠢᠲᠡᠶ ᠬᠠᠩᠭᠠᠨ᠎ᠠ᠃      ᠨᠠᠢᠮᠠ ᠳᠤ ᠂ ᠲᠤᠯᠭᠠᠭᠤᠷᠢᠯᠠᠬᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠬᠡᠨ᠎ᠡ᠃ 2021 ᠣᠨ ᠤ ᠰᠡᠭᠦᠯᠴᠢ ᠠᠴᠠ ᠡᠮᠦᠨ᠎ᠡ ᠨᠢᠭᠡᠳᠦᠯᠲᠡᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠡᠭᠦᠳᠡ ᠡᠷᠦᠬᠡ ᠶᠢᠨ ᠬᠠᠮᠤᠷᠬᠤ ᠬᠡᠪᠴᠢᠶ᠎ᠡ ᠶᠢ 100 % ᠳᠤ ᠬᠦᠷᠦᠭᠦᠯᠦᠨ᠎ᠡ᠃ 2021 ᠣᠨ ᠤ ᠰᠡᠭᠦᠯᠴᠢ ᠠᠴᠠ ᠡᠮᠦᠨ᠎ᠡ ᠨᠢᠭᠡᠳᠦᠯᠲᠡᠶ ᠪᠡᠶ᠎ᠡ ᠭᠠᠷᠤᠯ ᠤᠨ ᠭᠡᠷᠡᠴᠢᠯᠡᠭᠡ ᠶᠢᠨ ᠰᠢᠰᠲ᠋ᠧᠮ ᠤᠨ ᠬᠤᠲᠠ ᠪᠠᠯᠭᠠᠰᠤ ᠶᠢᠨ ᠬᠥᠮᠦᠨ ᠠᠮᠠ ᠶᠢᠨ  ᠳᠡᠩᠰᠡᠯᠡᠯᠲᠡ ᠶᠢᠨ ᠨᠣᠷᠮ᠎ᠠ ᠶᠢ 85 % ᠠᠴᠠ ᠳᠡᠭᠡᠭᠰᠢ ᠳᠤ ᠬᠦᠷᠦᠭᠦᠯᠵᠦ᠂ ᠠᠵᠤ ᠠᠬᠤᠶᠢᠯᠠᠯ ᠤᠨ ᠳᠡᠩᠰᠡᠯᠡᠯᠲᠡ ᠶᠢᠨ ᠨᠣᠷᠮ᠎ᠠ ᠶᠢ 70 % ᠠᠴᠠ ᠳᠡᠭᠡᠭᠰᠢ ᠳᠤ ᠬᠦᠷᠦᠭᠦᠯᠦᠨ᠎ᠡ᠃ ᠰᠠᠯᠠᠭ᠎ᠠ ᠮᠥᠴᠢᠷ ᠤᠨ ᠡᠯᠧᠺᠲᠷᠣᠨ ᠦᠨᠡᠮᠯᠡᠯ ᠤᠨ ᠰᠢᠰᠲ᠋ᠧᠮ ᠢ ᠵᠣᠯᠭᠠᠭᠤᠯᠬᠤ ᠪᠠ ᠲᠤᠭ᠎ᠠ ᠪᠠᠷᠢᠮᠲᠠ ᠶᠢ ᠬᠠᠮᠲᠤ ᠡᠳ᠋ᠯᠡᠬᠦ ᠶᠢ ᠲᠦᠷᠭᠡᠳᠬᠡᠵᠦ᠂  ︽ᠮᠥᠩᠬᠡ ᠰᠤᠪᠠᠭ ︾ ᠤᠨ ᠰᠢᠯᠵᠢᠮᠡᠯ ᠦᠵᠦᠭᠦᠷ ᠤᠨ ᠬᠤᠯᠪᠣᠯᠲᠠ ᠶᠢᠨ 14 ᠲᠥᠷᠥᠯ ᠤᠨ ᠡᠯᠧᠺᠲᠷᠣᠨ ᠦᠨᠡᠮᠯᠡᠯ ᠢ ᠠᠵᠢᠯ ᠶᠠᠪᠤᠳᠠᠯ ᠭᠦᠶᠴᠡᠳᠬᠡᠬᠦ ᠶᠠᠪᠤᠴᠠ ᠳᠤ ᠲᠤᠰᠢᠶᠠᠬᠤ ᠠᠴᠠ ᠭᠡᠯᠳᠦᠷᠢᠭᠦᠯᠦᠨ᠎ᠡ᠃      ᠶᠢᠰᠦ ᠳᠤ ᠂  ︽ᠰᠠᠶᠢᠨ ᠮᠠᠭᠤ ᠦᠨᠡᠯᠡᠯᠲᠡ ︾ ᠶᠢᠨ ᠲᠦᠷᠢᠮ ᠢ ᠨᠢᠭᠡᠳᠬᠡᠨ᠎ᠡ᠃ ᠤᠤᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠦᠨᠡᠯᠡᠬᠦ ᠠᠷᠭ᠎ᠠ ᠵᠠᠮ ᠢ ᠡᠮᠬᠢᠯᠡᠨ ᠨᠡᠶᠢᠯᠡᠭᠦᠯᠵᠦ᠂ ᠦᠶᠯᠡᠴᠢᠯᠡᠭᠡ ᠶᠢ ᠦᠨᠡᠯᠡᠬᠦ᠂ ᠴᠠᠭ ᠲᠤᠬᠠᠶ ᠳᠤᠨᠢ ᠳᠡᠭᠡᠭᠰᠢ ᠮᠡᠳᠡᠭᠦᠯᠬᠦ᠂ ᠮᠠᠭᠤ ᠦᠨᠡᠯᠡᠯᠲᠡ ᠢ ᠬᠠᠷᠢᠭᠤ ᠰᠤᠷᠪᠤᠯᠵᠢᠯᠠᠬᠤ᠂ ᠴᠡᠭᠴᠡᠯᠡᠨ ᠰᠠᠶᠢᠵᠢᠷᠠᠭᠤᠯᠵᠤ ᠬᠠᠷᠢᠭᠤ ᠲᠤᠰᠬᠠᠬᠤ ᠪᠥᠬᠦ ᠴᠤᠪᠤᠷᠠᠯ ᠳᠤ ᠪᠢᠲᠡᠭᠦᠮᠵᠢᠯᠡᠭᠰᠡᠨ ᠠᠵᠢᠯ ᠤᠨ ᠲᠣᠭᠲᠠᠴᠠ ᠶᠢ ᠪᠠᠶᠢᠭᠤᠯᠵᠤ᠂  ︽ᠰᠠᠶᠢᠨ ᠮᠠᠭᠤ ᠦᠨᠡᠯᠡᠯᠲᠡ ︾ ᠶᠢᠨ ᠠᠷᠭ᠎ᠠ ᠵᠠᠮ ᠢ ᠪᠦᠷᠢᠨ ᠪᠥᠷᠬᠦᠭᠦᠯᠬᠦ᠂ ᠮᠡᠳᠡᠭᠡ ᠵᠠᠩᠭᠢ ᠶᠢ ᠪᠦᠷᠢᠨ ᠬᠤᠯᠪᠣᠭᠳᠠᠭᠤᠯᠬᠤ᠂ ᠲᠤᠭ᠎ᠠ ᠪᠠᠷᠢᠮᠲᠠ ᠶᠢ ᠪᠦᠷᠢᠨ ᠴᠤᠭᠯᠠᠭᠤᠯᠬᠤ᠂ ᠦᠷ᠎ᠡ ᠳ᠋ᠦᠩ ᠢ ᠪᠦᠷᠢᠨ ᠢᠯᠡ ᠪᠣᠯᠭᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠰᠢᠭ ᠭᠥᠷᠳᠡᠭᠰᠡᠨ ᠲᠥᠷᠥᠭᠳᠡᠯ ᠢ ᠴᠢᠩᠭᠠᠷᠠᠭᠤᠯᠤᠨ᠎ᠠ᠃      ᠳᠥᠷᠪᠡ᠂ ᠵᠠᠩᠭᠢᠯᠠᠭ᠎ᠠ ᠶᠢᠨ  ᠦᠭᠡᠰ ᠤᠨ  ᠲᠠᠶᠢᠯᠪᠦᠷᠢᠯᠡᠯᠲᠡ      ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ᠄ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠪᠠᠭᠲᠠᠨ᠎ᠠ᠂ ᠡᠭᠦᠨ ᠳᠤ᠂ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠭᠡᠳᠡᠭ ᠨᠢ ᠭᠤᠤᠯᠳᠠᠭᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠣᠯᠭᠤᠨ ᠥᠭᠬᠦ᠂ ᠵᠠᠰᠠᠭ ᠵᠠᠬᠢᠷᠭᠠᠨ ᠤ ᠨᠤᠲᠠᠯᠠᠨ ᠵᠥᠪᠰᠢᠶᠡᠷᠡᠬᠦ᠂ ᠵᠠᠰᠠᠭ ᠵᠠᠬᠢᠷᠭᠠᠨ ᠤ ᠱᠠᠩᠨᠠᠯ ᠬᠥᠬᠢᠭᠦᠯᠦᠯ᠂ ᠵᠠᠰᠠᠭ ᠵᠠᠬᠢᠷᠭᠠᠨ ᠤ  ᠲᠠᠰᠣᠯᠣᠯᠲᠠ᠂ ᠵᠠᠰᠠᠭ ᠵᠠᠬᠢᠷᠭᠠᠨ ᠤ  ᠳᠡᠩᠰᠡᠯᠡᠯᠲᠡ ᠵᠡᠷᠭᠡ ᠭᠤᠶᠤᠴᠢᠯᠠᠬᠤ ᠲᠥᠷᠥᠯ ᠤᠨ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ ᠵᠢᠭᠠᠵᠤ ᠪᠣᠶ᠃ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠭᠡᠳᠡᠭ ᠨᠢ ᠭᠤᠤᠯᠳᠠᠭᠤ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠠᠴᠠ ᠭᠠᠳᠠᠨ᠎ᠠ᠂ ᠠᠷᠠᠳ ᠢᠷᠭᠡᠨ᠂ ᠬᠠᠤᠯᠢ ᠶᠢᠨ ᠡᠷᠬᠡᠲᠡᠨ᠂ ᠪᠤᠰᠤᠳ ᠵᠣᠬᠢᠶᠠᠨ ᠪᠠᠶᠢᠭᠤᠯᠤᠯᠲᠠ  ᠳᠤ ᠰᠢᠭᠤᠳ ᠬᠠᠨᠳᠤᠭᠤᠯᠤᠨ ᠭᠦᠶᠴᠡᠳᠬᠡᠭᠰᠡᠨ ᠰᠤᠷᠭᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ᠂ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠨᠡᠶᠢᠲᠡ  ᠶᠢᠨ ᠬᠠᠤᠯᠢ ᠴᠠᠭᠠᠵᠠ ᠶᠢᠨ ᠦᠶᠯᠡᠴᠢᠯᠡᠭᠡ᠂ ᠬᠥᠳᠡᠯᠮᠦᠷᠢ ᠠᠵᠢᠯ ᠣᠯᠭᠤᠯᠲᠠ᠂ ᠰᠣᠶᠣᠯ ᠲᠠᠮᠢᠷ᠂ ᠣᠨᠴᠣᠭᠤᠶ ᠬᠥᠮᠦᠰ ᠤᠨ ᠪᠠᠲᠤᠯᠠᠭ᠎ᠠ ᠵᠡᠷᠭᠡ ᠢ ᠪᠠᠭᠲᠠᠭᠠᠭᠰᠠᠨ‌ᠡᠳᠦᠷ ᠲᠤᠲᠤᠮ ᠤᠨ ᠦᠶᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭᠳᠠᠬᠤ ᠠᠰᠢᠭ ᠣᠯᠭᠤᠬᠤ ᠴᠢᠨᠠᠷᠲᠠᠶ ᠪᠠ ᠦᠶᠯᠡᠴᠢᠯᠡᠭᠡᠨ ᠤ ᠴᠢᠨᠠᠷᠲᠠᠶ ᠵᠦᠶᠯᠡᠰ  ᠢ ᠵᠢᠭᠠᠵᠤ ᠪᠣᠶ᠃      ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡ᠄ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠡᠭᠦᠳᠡ ᠡᠷᠦᠬᠡ᠂ ᠰᠢᠯᠵᠢᠮᠡᠯ ᠦᠵᠦᠭᠦᠷ᠂ ᠭᠤᠷᠪᠠᠳᠠᠬᠢ ᠡᠲᠡᠭᠡᠳ ᠤᠨ ᠢᠨᠲ᠋ᠧᠷ ᠰᠦᠯᠵᠢᠶᠡᠨ ᠳᠤ ᠣᠷᠣᠬᠤ ᠡᠭᠦᠳᠡ ᠵᠡᠷᠭᠡ ᠢᠨᠲ᠋ᠧᠷ ᠰᠦᠯᠵᠢᠶᠡᠨ ᠤ ᠦᠶᠯᠡᠴᠢᠯᠡᠭᠡᠨ ᠤ ᠠᠷᠭ᠎ᠠ ᠵᠠᠮ ᠢᠶᠠᠷ ᠳᠠᠮᠵᠢᠭᠤᠯᠤᠨ ᠬᠠᠩᠭᠠᠭᠰᠠᠨ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡ ᠪᠣᠯᠤᠨ᠎ᠠ᠃      ᠰᠦᠯᠵᠢᠶᠡᠨ ᠭᠠᠳᠠᠨᠠᠬᠢ ᠵᠠᠰᠠᠭ ᠤᠨ ᠶᠠᠪᠤᠳᠠᠯ ᠤᠨ ᠦᠶᠯᠡᠴᠢᠯᠡᠭᠡ᠄ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠡᠷᠦᠩᠬᠡᠶᠢᠯᠡᠭᠰᠡᠨ ᠪᠣᠳᠠᠲᠤ ᠴᠣᠭᠴᠠ ᠶᠢᠨ ᠲᠢᠩᠬᠢᠮ᠂ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯ ᠤᠨ ᠲᠢᠩᠬᠢᠮ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠡᠭ᠂ ᠠᠦ᠋ᠲ᠋ᠣ᠋ ᠦᠵᠦᠭᠦᠷ ᠵᠡᠷᠭᠡ ᠦᠶᠯᠡᠴᠢᠯᠡᠭᠡᠨ ᠤ ᠠᠷᠭ᠎ᠠ ᠵᠠᠮ ᠢᠶᠠᠷ ᠳᠠᠮᠵᠢᠭᠤᠯᠤᠨ᠂ ᠲᠤᠬᠠᠶ ᠶᠢᠨ ᠲᠠᠯᠠᠪᠠᠶ ᠳᠤ ᠬᠠᠩᠭᠠᠭᠰᠠᠨ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡ ᠪᠣᠯᠤᠨ᠎ᠠ᠃      ᠣᠨᠴᠠᠯᠢᠭᠲᠤ ᠬᠡᠷᠡᠭᠯᠡᠭᠡᠨ᠄ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠳᠤ ᠬᠠᠩᠭᠠᠭᠰᠠᠨ ᠡᠯ᠎ᠡ ᠲᠥᠷᠥᠯ ᠤᠨ ᠰᠦᠯᠵᠢᠶᠡᠨ ᠳᠡᠭᠡᠷ᠎ᠡ ᠲᠦᠷᠭᠡᠨ  ᠦᠢᠯᠡᠴᠢᠯᠡᠭᠡ ᠶᠢ ᠵᠢᠭᠠᠵᠤ ᠪᠣᠶ᠂ ᠵᠢᠱᠢᠶᠡᠯᠡᠪᠡᠯ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ  ᠰᠣᠷᠣᠯᠭ᠎ᠠ ᠵᠢᠨ‌ᠨᠠᠮᠲᠠᠷ ᠤᠨ ᠦᠨᠡᠮᠯᠡᠯ ᠢ ᠪᠠᠶᠢᠴᠠᠭᠠᠨ ᠯᠠᠪᠯᠠᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠪᠠᠶᠢᠴᠠᠭᠠᠨ ᠯᠠᠪᠯᠠᠬᠤ᠂ ᠮᠠᠰᠢᠨᠲᠤ  ᠲᠡᠷᠭᠡᠨ ᠤ ᠰᠢᠯᠭᠠᠨ  ᠪᠠᠶᠢᠴᠠᠭᠠᠯᠲᠠ ᠶᠢ ᠪᠣᠯᠵᠣᠬᠤ ᠵᠡᠷᠭᠡ  ᠣᠨᠴᠠᠯᠢᠭᠲᠣ ᠡᠭᠦᠳᠡᠯᠲᠡ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ  ᠬᠡᠷᠡᠭᠯᠡᠭᠡ᠃      ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ  ︽ᠰᠠᠶᠢᠨ ᠮᠠᠭᠤ ᠦᠨᠡᠯᠡᠯᠲᠡ ︾᠄ ᠠᠵᠤ ᠠᠬᠤᠶᠢᠯᠠᠯ ᠪᠠ ᠣᠯᠠᠨ ᠲᠦᠮᠡᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠶᠢᠭᠤᠯᠤᠮᠵᠢ  ︵ᠶᠡᠭᠡ ᠲᠢᠩᠬᠢᠮ᠂ ᠲᠥᠪ᠂ ᠥᠷᠲᠡᠭᠡ ᠴᠡᠭ᠂ ᠴᠣᠩᠬᠤᠪᠴᠢ ᠵᠡᠷᠭᠡ ᠪᠠᠭᠲᠠᠨ᠎ᠠ ︶᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ  ︵ᠲᠤᠬᠠᠶᠢᠯᠠᠭᠰᠠᠨ ᠠᠵᠢᠯ ᠤᠨ ᠰᠢᠰᠲ᠋ᠧᠮ᠂ ᠬᠠᠯᠠᠮᠰᠢᠯ ᠣᠲᠠᠰᠣ ᠶᠢᠨ ᠲᠠᠪᠴᠠᠩ᠂ ᠰᠢᠯᠵᠢᠮᠡᠯ ᠦᠶᠯᠡᠴᠢᠯᠡᠭᠡᠨ ᠤ ᠦᠵᠦᠭᠦᠷ᠂ ᠠᠦ᠋ᠲ᠋ᠣ᠋ ᠦᠵᠦᠭᠦᠷ ᠵᠡᠷᠭᠡ ᠪᠠᠭᠲᠠᠨ᠎ᠠ ︶ ᠳᠤ ᠠᠵᠢᠯ ᠶᠠᠪᠤᠳᠠᠯ ᠭᠦᠶᠴᠡᠳᠬᠡᠭᠰᠡᠨ ᠤ ᠳᠠᠷᠠᠭ᠎ᠠ᠂ ᠴᠥᠮ ᠦᠶᠯᠡᠴᠢᠯᠡᠭᠡᠨ ᠤ ᠵᠦᠶᠯᠡᠰ᠂ ᠠᠵᠢᠯ ᠶᠠᠪᠤᠳᠠᠯ ᠭᠦᠶᠴᠡᠳᠬᠡᠬᠦ ᠴᠤᠪᠤᠷᠠᠯ᠂ ᠦᠶᠯᠡᠴᠢᠯᠡᠭᠡᠨ ᠤ ᠵᠢᠷᠤᠮᠵᠢᠯ᠂ ᠦᠶᠯᠡᠴᠢᠯᠡᠭᠡᠨ ᠤ ᠶᠠᠰᠤ ᠴᠢᠨᠠᠷ ᠵᠡᠷᠭᠡ ᠲᠠᠯ᠎ᠠ ᠳᠤ ᠦᠨᠡᠯᠡᠯᠲᠡ ᠬᠢᠬᠦ ᠶᠢ ᠵᠢᠭᠠᠵᠤ ᠪᠣᠶ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ