︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ﹀ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢ | ᠬᠡᠷᠡᠭᠵᠢᠭᠦᠯᠬᠦ ᠲᠥᠰᠦᠯ ︾ ᠤᠨ ᠲᠥᠷᠥ ᠶᠢᠨ ᠪᠣᠳᠣᠯᠭ᠎ᠠ ᠶᠢᠨ ᠲᠣᠪᠴᠢ ᠲᠣᠳᠣᠷᠬᠠᠶ ᠠᠰᠠᠭᠤᠯᠲᠠ ᠬᠠᠷᠢᠭᠤᠯᠲᠠ | ᠨᠢᠭᠡ᠂ ᠶᠠᠭᠤᠨ ᠳᠤ ︽ᠮᠥᠩᠬᠡ ᠰᠤᠪᠠᠭ ·ᠠᠯᠠᠭᠠᠨ ᠲᠡᠭᠡᠷ᠎ᠡ ᠭᠦᠢᠴᠡᠳᠭᠡᠬᠦ ︾ ᠲᠥᠰᠦᠯ ᠢ ᠲᠤᠭᠳᠠᠭᠠᠭᠰᠠᠨ ᠪᠣᠶ︖ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠶᠯᠡᠴᠢᠯᠡᠬᠦ ︾ ᠥᠭᠡᠷᠡᠴᠢᠯᠡᠯᠲᠡ ᠶᠢᠨ ᠡᠷᠴᠢᠮ ᠬᠦᠴᠦᠨ ᠢ | ᠲᠦᠯᠬᠢᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠪᠣᠳᠠᠲᠠᠶ ᠬᠡᠷᠡᠭᠴᠡᠭᠡ ᠳᠤ ᠰᠠᠭᠤᠷᠢᠯᠠᠨ᠂ ᠰᠢᠯᠵᠢᠮᠡᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠲᠠᠪᠴᠠᠩ ᠤᠨ ᠪᠠᠶᠢᠭᠤᠯᠤᠯᠲᠠ ᠶᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠰᠢᠯᠵᠢᠮᠡᠯ ᠦᠵᠦᠭᠦᠷ ᠳᠠᠰᠢ ᠤᠷᠲᠤᠳᠬᠠᠬᠤ ᠶᠢ ᠦᠷᠭᠦᠯᠵᠢᠯᠡᠨ | ᠠᠬᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠳᠡᠮᠵᠢ ᠶᠢᠨ ᠲᠥᠷᠥᠭᠳᠡᠯ ᠢ ᠨᠡᠮᠡᠭᠳᠡᠭᠦᠯᠵᠦ᠂ ᠠᠷᠠᠳ ᠲᠦᠮᠡᠨ ᠰᠡᠳᠬᠢᠯ ᠬᠠᠨᠤᠮᠵᠢᠲᠠᠶ ᠦᠶᠯᠡᠴᠢᠯᠡᠭᠡᠨ ᠤ | ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠤ ︿ᠮᠥᠩᠬᠡ ᠰᠤᠪᠠᠭ ·ᠠᠯᠠᠭᠠᠨ ᠲᠡᠭᠡᠷ᠎ᠡ ᠭᠦᠢᠴᠡᠳᠭᠡᠬᠦ ﹀ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢ ᠬᠡᠷᠡᠭᠵᠢᠭᠦᠯᠬᠦ ᠲᠥᠰᠦᠯ ︾ ᠢ ᠲᠣᠭᠲᠠᠭᠠᠪᠠ᠃ | ᠬᠤᠶᠠᠷ᠂ ︽ᠮᠥᠩᠬᠡ ᠰᠤᠪᠠᠭ ·ᠠᠯᠠᠭᠠᠨ ᠲᠡᠭᠡᠷ᠎ᠡ ᠭᠦᠢᠴᠡᠳᠭᠡᠬᠦ ︾ ᠭᠡᠳᠡᠭ ᠨᠢ ᠶᠠᠭᠤ ᠪᠤᠶ︖ | ︽ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ ︾ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠤᠭᠠᠴᠢᠯᠠᠭᠰᠠᠨ ᠬᠡᠯᠪᠡᠷᠢ ᠶᠢᠨ ᠬᠤᠪᠢᠷᠠᠯᠳᠠ ᠶᠢᠨ ᠴᠢᠬᠤᠯᠠ ᠦᠶᠯᠡᠳᠦᠯᠭᠡ ᠶᠢᠨ ᠦᠷ᠎ᠡ ᠪᠦᠲᠦᠭᠡᠯ ᠪᠣᠯᠤᠭᠰᠠᠨ ᠤ ᠬᠤᠪᠢ ᠳᠤ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ᠬᠠᠮᠲᠤ ᠪᠠᠷ ᠪᠠᠶᠢᠭᠤᠯᠵᠤ | ᠬᠠᠮᠲᠤ ᠪᠠᠷ ᠬᠡᠷᠡᠭᠯᠡᠭᠰᠡᠨ ᠰᠢᠯᠵᠢᠮᠡᠯ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ︵︽ᠮᠥᠩᠬᠡ ᠰᠤᠪᠠᠭ᠂ ᠠᠯᠠᠭᠠᠨ ᠲᠡᠭᠡᠷ᠎ᠡ ᠭᠦᠢᠴᠡᠳᠭᠡᠬᠦ ︾ APP | ᠭᠡᠵᠦ ᠲᠣᠪᠴᠢᠯᠠᠨ᠎ᠠ ︶ ᠢ ᠵᠢᠭᠠᠵᠤ ᠪᠣᠶ᠂ ᠡᠭᠦᠨ ᠳᠤ ᠰᠢᠯᠵᠢᠮᠡᠯ ᠦᠵᠦᠭᠦᠷ ᠤᠨ ᠬᠡᠷᠡᠭᠯᠡᠭᠡᠨ ᠵᠢᠴᠢ ᠵᠢᠵᠢᠭ ᠫᠷᠤᠭ᠍ᠷᠠᠮ ᠢ ᠪᠠᠭᠲᠠᠭᠠᠨ᠎ᠠ᠃ ︽ᠮᠥᠩᠬᠡ ᠰᠤᠪᠠᠭ · | ᠠᠯᠠᠭᠠᠨ ᠲᠡᠭᠡᠷ᠎ᠡ ᠭᠦᠢᠴᠡᠳᠭᠡᠬᠦ ︾ ᠠᠵᠢᠯ ᠢ ᠠᠬᠢᠭᠤᠯᠬᠤ ᠶᠢᠨ ᠵᠣᠷᠢᠯᠭ᠎ᠠ ᠨᠢ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠶᠴᠡᠳᠬᠡᠬᠦ ᠳᠤ ︽ | ᠨᠢᠭᠡ ᠥᠷᠲᠡᠭᠡ ᠮᠠᠶ᠋ᠢᠭ ︾ ᠤᠨ ᠠᠯᠠᠭᠠᠨ ᠳᠡᠭᠡᠷ᠎ᠡ ᠪᠠᠶᠢᠴᠠᠭᠠᠨ ᠯᠠᠪᠯᠠᠬᠤ᠂ ᠠᠯᠠᠭᠠᠨ ᠳᠡᠭᠡᠷ᠎ᠡ ᠤᠷᠢᠳᠴᠢᠯᠠᠨ ᠪᠣᠯᠵᠣᠬᠤ᠂ ᠠᠯᠠᠭᠠᠨ ᠳᠡᠭᠡᠷ᠎ᠡ ᠭᠦᠶᠴᠡᠳᠬᠡᠬᠦ᠂ ᠠᠯᠠᠭᠠᠨ | ᠳᠡᠭᠡᠷ᠎ᠡ ᠦᠨᠡᠯᠡᠬᠦ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠩᠭᠠᠬᠤ ᠶᠢᠨ ᠲᠥᠯᠥᠭᠡ ᠶᠤᠮ᠃ ᠡᠭᠦᠨ ᠤ ᠬᠠᠮᠲᠤ᠂ ︽ᠮᠥᠩᠬᠡ ᠰᠤᠪᠠᠭ ︾ | APP ᠪᠠᠰᠠ ᠠᠷᠠᠳ ᠲᠤ ᠲᠥᠬᠦᠮ ᠦᠵᠡᠭᠦᠯᠬᠦ ᠣᠯᠠᠨ ᠵᠦᠶᠯ ᠤᠨ ᠦᠶᠯᠡᠴᠢᠯᠡᠭᠡ ᠬᠠᠩᠭᠠᠵᠤ᠂ ᠣᠯᠠᠨ ᠲᠦᠮᠡᠨ ᠢ ᠬᠡᠷ ᠠᠴᠠ ᠪᠠᠨ ᠭᠠᠷᠬᠤ ᠥᠬᠡᠶ ᠪᠠᠷ ᠠᠮᠢᠳᠤᠷᠠᠯ | ᠤᠨ ᠲᠥᠬᠦᠮ ᠢ ᠪᠦᠷᠢᠨ ᠡᠳ᠋ᠯᠡᠬᠦ ᠪᠤᠯᠭᠠᠨ᠎ᠠ᠃ ᠠᠵᠤ ᠠᠬᠤᠶᠢᠯᠠᠯ ᠣᠯᠠᠨ ᠲᠦᠮᠡᠨ ︽ᠮᠥᠩᠬᠡ ᠰᠤᠪᠠᠭ ︾ APP ᠶᠢ ᠪᠠᠭᠤᠯᠭᠠᠬᠤ ᠪᠤᠶᠤ ᠸᠢᠴᠠᠲ᠂ ᡁᠢ ᠹᠦ᠋ | ᠪᠤᠤ ᠵᠢᠵᠢᠭ ᠫᠷᠤᠭ᠍ᠷᠠᠮ ᠳᠤ ᠨᠡᠪᠳᠡᠷᠡᠬᠦ ᠪᠠᠷ ᠲᠠᠮᠵᠢᠨ᠂ ᠠᠳᠠᠯᠢ ᠪᠤᠰᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ︵ᠵᠠᠰᠠᠭ ᠵᠠᠬᠢᠷᠭᠠᠨ ᠤ ᠡᠷᠬᠡ ᠪᠠ ᠣᠯᠠᠨ | ᠨᠡᠶᠢᠲᠡ ᠶᠢᠨ ᠦᠶᠯᠡᠴᠢᠯᠡᠭᠡ ᠪᠠᠭᠲᠠᠨ᠎ᠠ︶ ᠢ ᠦᠨᠳᠦᠰᠦᠯᠡᠨ᠂ 24 ᠴᠠᠭ ᠤᠨ ︽ᠠᠯᠠᠭᠠᠨ ᠳᠡᠭᠡᠷᠡᠬᠢ︾ ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠩᠭᠠᠵᠤ᠂ | ᠴᠣᠩᠬᠤᠪᠴᠢ ᠳᠤ ᠬᠦᠷᠴᠦ ︽ᠭᠦᠶᠦᠯᠭᠡᠬᠦ ︾ ᠠᠵᠢᠯ ᠶᠠᠪᠤᠳᠠᠯ ᠭᠦᠶᠴᠡᠳᠬᠡᠬᠦ ᠳᠠᠷᠤᠭᠠᠰᠤ ᠶᠢ ᠶᠡᠭᠡ ᠪᠠᠷ ᠬᠥᠩᠭᠡᠷᠡᠭᠦᠯᠬᠦ ᠪᠣᠯᠤᠨ᠎ᠠ᠃ | ᠭᠤᠷᠪᠠ᠂ ︽ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ ︾ ᠨᠢ ᠠᠵᠤ ᠠᠬᠤᠶᠢᠯᠠᠯ ᠣᠯᠠᠨ ᠲᠦᠮᠡᠨ ᠳᠤ ᠬᠡᠷᠬᠢᠨ ᠳᠥᠭᠦᠮ ᠦᠵᠡᠭᠦᠯᠬᠦ ᠪᠤᠶ︖ | ᠣᠳᠣᠬᠠᠨ ᠳᠤ᠂ ︽ᠮᠥᠩᠬᠡ ᠰᠤᠪᠠᠭ ︾ APP ᠨᠢᠭᠡᠨᠲᠡ ᠪᠥᠬᠦ ᠣᠷᠣᠨ ᠤ ᠡᠯ᠎ᠡ ᠱᠠᠲᠤᠨ ᠤ 5000 ᠭᠠᠷᠤᠶ ᠰᠠᠯᠠᠭ᠎ᠠ ᠮᠥᠴᠢᠷ ᠤᠨ 10 ᠲᠦᠮᠡ | ᠰᠢᠬᠠᠮ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠨᠡᠶᠢᠲᠡᠯᠡᠵᠦ᠂ ᠬᠡᠰᠡᠭ ᠵᠦᠶᠯᠡᠰ ᠨᠢ ᠨᠢᠭᠡᠨᠳᠡ ᠪᠠᠶᠢᠴᠠᠭᠠᠨ ᠯᠠᠪᠯᠠᠬᠤ᠂ ᠤᠷᠢᠳᠴᠢᠯᠠᠨ ᠪᠣᠯᠵᠣᠬᠤ᠂ | ᠭᠦᠶᠴᠡᠳᠬᠡᠬᠦ ᠪᠠ ᠦᠨᠡᠯᠡᠬᠦ ᠦᠶᠯᠡᠴᠢᠯᠡᠭᠡ ᠶᠢ ᠳᠡᠮᠵᠢᠪᠡ᠃ ᠡᠨᠡ ᠬᠦ ᠰᠠᠭᠤᠷᠢᠨ ᠳᠡᠭᠡᠷ᠎ᠡ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠡᠷᠡᠭᠯᠡᠯᠲᠡ ᠶᠢ ᠤᠯᠠᠮ ᠨᠢᠭᠡ | ᠠᠯᠬᠤᠮ ᠪᠠᠶᠠᠯᠢᠭᠵᠢᠭᠤᠯᠵᠤ᠂ 500 ᠭᠠᠷᠤᠶ ᠵᠦᠶᠯ ᠤᠨ ᠬᠡᠷᠡᠭᠯᠡᠭᠡᠨ ᠤ ᠦᠶᠯᠡᠴᠢᠯᠡᠭᠡ ᠶᠢ ᠰᠦᠯᠵᠢᠶᠡᠨ ᠳᠤ ᠭᠠᠷᠭᠠᠵᠤ᠂ 16 ᠲᠥᠷᠥᠯ ᠤᠨ ᠡᠯᠧᠺᠲᠷᠣᠨ | ᠦᠨᠡᠮᠯᠡᠯ ᠤᠨ ᠪᠠᠶᠢᠴᠠᠭᠠᠨ ᠯᠠᠪᠯᠠᠬᠤ᠂ ᠲᠠᠨᠢᠵᠤ ᠠᠪᠬᠤ ᠦᠶᠯᠡᠴᠢᠯᠡᠭᠡ ᠶᠢ ᠬᠠᠩᠭᠠᠵᠤ᠂ ᠲᠠᠷᠠᠭᠠᠴᠢ ᠶᠢᠨ ᠠᠯᠬᠤᠮ ᠳᠤ ᠠᠵᠤ ᠠᠬᠤᠶᠢᠯᠠᠯ ᠣᠯᠠᠨ ᠲᠦᠮᠡᠨ ᠤ ᠡᠯ᠎ᠡ | ᠲᠥᠷᠥᠯ ᠤᠨ ᠠᠵᠢᠯ ᠶᠠᠪᠤᠳᠠᠯ ᠭᠦᠶᠴᠡᠳᠬᠡᠬᠦ ᠭᠤᠭᠴᠤᠭ᠎ᠠ ᠵᠢᠴᠢ ᠠᠳᠠᠯᠢ ᠪᠤᠰᠤ ᠲᠠᠯᠠᠪᠤᠷ ᠲᠠᠬᠢ ᠺᠣᠳ᠋ ᠰᠢᠷᠪᠢᠵᠦ ᠭᠡᠷᠡᠴᠢ ᠭᠠᠷᠭᠠᠬᠤ ᠳᠤ ᠲᠤᠯᠭᠠᠭᠤᠷᠢᠯᠠᠯ ᠬᠠᠩᠭᠠᠨ᠎ᠠ᠃ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠭᠠᠵᠠᠷ | ᠤᠨ ᠵᠢᠷᠤᠭ ︾ ︽ᠣᠶᠤᠨᠴᠢ ᠠᠰᠠᠭᠤᠯᠲᠠ ᠬᠠᠷᠢᠭᠤᠯᠲᠠ ︾ ᠵᠡᠷᠭᠡ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠯᠢ ᠣᠯᠠᠨ | ᠴᠢᠳᠠᠮᠵᠢ ᠶᠢᠨ ᠬᠡᠷᠡᠭᠯᠡᠯᠲᠡ ᠶᠢ ᠵᠠᠯᠭᠠᠭ᠎ᠠ ᠪᠠᠷ ᠭᠠᠷᠭᠠᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠳᠥᠭᠦᠮᠴᠢᠯᠡᠯᠲᠡ ᠶᠢᠨ ᠬᠡᠮᠵᠢᠶ᠎ᠡ ᠶᠢ | ᠪᠦᠲᠦᠮᠵᠢᠲᠡᠶ ᠳᠡᠭᠡᠭᠰᠢᠯᠡᠭᠦᠯᠵᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠬᠦᠴᠢᠷᠲᠡᠶ᠂ ᠠᠵᠢᠯ ᠶᠠᠪᠤᠳᠠᠯ ᠭᠦᠶᠴᠡᠳᠬᠡᠬᠦ ᠳᠤ | ᠤᠳᠠᠭᠠᠨ᠂ ᠠᠵᠢᠯ ᠶᠠᠪᠤᠳᠠᠯ ᠭᠦᠶᠴᠡᠳᠬᠡᠬᠦ ᠳᠤ ᠶᠠᠷᠰᠢᠭᠲᠠᠶ ᠵᠡᠷᠭᠡ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠤᠨ᠎ᠠ᠃ | ᠳᠥᠷᠪᠡ᠂ ︽ᠮᠥᠩᠬᠡ ᠰᠤᠪᠠᠭ · ᠠᠯᠠᠭᠠᠨ ᠳᠡᠭᠡᠷ᠎ᠡ ᠭᠦᠢᠴᠡᠳᠬᠡᠬᠦ ︾ ᠠᠵᠢᠯ ᠢ ᠬᠡᠷᠬᠢᠨ ᠲᠦᠯᠬᠢᠨ ᠠᠬᠢᠭᠤᠯᠬᠤ ᠪᠤᠶ︖ | ᠨᠢᠭᠡ ᠳᠤ ᠴᠤᠭᠯᠠᠷᠠᠭᠤᠯᠤᠨ ᠨᠢᠭᠡᠳᠭᠡᠬᠦ ᠶᠢ ᠦᠷᠭᠦᠯᠵᠢᠯᠡᠨ ᠠᠬᠢᠭᠤᠯᠤᠨ᠎ᠠ᠃ ᠠᠵᠤ ᠠᠬᠤᠶᠢᠯᠠᠯ᠂ ᠣᠯᠠᠨ ᠲᠦᠮᠡᠨ ᠳᠤ ᠬᠠᠨᠳᠤᠭᠤᠯᠤᠭᠰᠠᠨ ᠵᠠᠰᠠᠭ ᠵᠠᠬᠢᠷᠭᠠᠨ | ᠤ ᠡᠷᠬᠡ ᠶᠢᠨ ᠵᠦᠶᠯᠡᠰ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠵᠢᠴᠢ ᠬᠠᠮᠢᠶ᠎ᠠ ᠪᠥᠬᠦᠶ ᠬᠡᠷᠡᠭᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯᠯᠠᠭᠠᠨ | ᠤ ᠪᠠᠶᠢᠳᠠᠯ ᠢ ᠪᠥᠬᠦ ᠲᠠᠯ᠎ᠠ ᠪᠠᠷ ᠡᠮᠬᠢᠯᠡᠵᠦ᠂ ᠠᠰᠢᠭᠯᠠᠵᠤ ᠪᠣᠯᠬᠤ ᠮᠡᠳᠡᠭᠡ ᠵᠠᠩᠭᠢᠵᠢᠯᠲᠠ ᠶᠢᠨ ᠡᠬᠢ ᠪᠠᠶᠠᠯᠢᠭ ᠤᠨ ᠨᠠᠷᠢᠨ ᠬᠠᠭᠤᠳᠠᠰᠤ ᠶᠢ ᠪᠦᠷᠢᠯᠳᠦᠭᠦᠯᠦᠨ᠂ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠵᠠᠯᠭᠠᠰᠤ ᠶᠢᠨ ᠬᠠᠭᠤᠳᠠᠰᠤ ᠶᠢ ᠨᠡᠭᠡᠭᠡᠨ ᠬᠥᠭᠵᠢᠭᠦᠯᠬᠦ ᠶᠢ ᠠᠬᠢᠭᠤᠯᠬᠤ᠂ ᠮᠠᠰᠢ ᠣᠯᠠᠨ ᠰᠠᠯᠠᠭ᠎ᠠ ᠮᠥᠴᠢᠷ᠂ ᠤᠯᠤᠰ ᠤᠨ ᠥᠮᠴᠢᠯᠡᠯᠲᠦ | ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠳᠤ ᠲᠠᠷᠬᠠᠵᠦ ᠪᠠᠶᠢᠭ᠎ᠠ ᠰᠦᠯᠵᠢᠶ᠎ᠡ ᠪᠠᠷ ᠠᠵᠢᠯ ᠶᠠᠪᠤᠳᠠᠯ ᠭᠦᠶᠴᠡᠳᠬᠡᠬᠦ ᠦᠶᠯᠡᠴᠢᠯᠡᠭᠡᠨ ᠤ ᠣᠷᠣᠬᠤ ᠡᠭᠦᠳᠡ ᠵᠢᠴᠢ | ᠥᠨᠳᠥᠷ ᠳᠠᠪᠲᠠᠮᠵᠢᠲᠤ ᠬᠡᠷᠡᠭᠯᠡᠯᠲᠡ ᠶᠢ ᠪᠦᠯᠦᠭ ᠬᠤᠪᠢᠶᠠᠨ ᠬᠤᠭᠤᠴᠠᠭ᠎ᠠ ᠠᠯᠤᠰᠠᠯᠵᠦ ︽ᠮᠥᠩᠬᠡ ᠰᠤᠪᠠᠭ ︾ APP ᠳᠤ ᠣᠷᠣᠭᠤᠯᠤᠨ᠎ᠠ᠃ | ᠬᠤᠶᠠᠷ ᠲᠤ ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠡᠷᠡᠭᠯᠡᠭᠴᠢ ᠶᠢᠨ ᠬᠡᠷᠡᠭᠴᠡᠭᠡ ᠱᠠᠭᠠᠷᠳᠠᠯᠭ᠎ᠠ ᠶᠢᠨ ᠡᠭᠦᠳᠡᠨ ᠠᠴᠠ | ᠡᠭᠦᠰᠴᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠡᠮᠵᠡᠭ ᠭᠠᠵᠠᠷ᠂ ᠲᠦᠪᠡᠭᠲᠡᠢ ᠠᠰᠠᠭᠤᠠᠯ ᠢ ᠤᠨᠢᠯᠠᠨ᠂ ᠡᠯ᠎ᠡ ᠨᠢᠭᠡᠴᠡ ᠶᠢᠨ | ᠦᠶᠯᠡᠴᠢᠯᠡᠭᠡᠨ ᠤ ᠠᠭᠤᠯᠭ᠎ᠠ ᠶᠢ ᠠᠭᠤᠰᠤᠯᠴᠠᠭᠤᠯᠤᠨ᠂ ᠬᠡᠷᠡᠭᠴᠡᠭᠡ ᠱᠠᠭᠠᠷᠳᠠᠯᠭ᠎ᠠ ᠲᠣᠭᠲᠠᠭᠠᠬᠤ ᠶᠢ ᠭᠦᠨᠵᠡᠭᠡᠶᠢᠷᠡᠭᠦᠯᠵᠦ᠂ ᠠᠵᠢᠯ ᠶᠠᠪᠤᠳᠠᠯ ᠭᠦᠶᠴᠡᠳᠬᠡᠬᠦ ᠲᠠᠯᠠᠪᠤᠷ | ᠪᠠᠷ ᠭᠤᠤᠯ ᠱᠤᠭᠤᠮ ᠪᠣᠯᠭᠠᠨ᠂ ᠠᠩᠬᠠᠷᠤᠮᠵᠢ ᠦᠨᠳᠦᠷ ᠵᠦᠶᠯᠡᠰ ᠲᠤ ᠴᠢᠭᠯᠡᠭᠦᠯᠦᠨ ᠥᠨᠳᠥᠷ ᠳᠠᠪᠲᠠᠮᠵᠢᠲᠤ ᠭᠤᠤᠯ ᠰᠡᠳᠦᠪᠲᠦ ᠦᠶᠯᠡᠴᠢᠯᠡᠭᠡᠨ ᠤ ᠲᠤᠰᠬᠠᠶ | ᠲᠣᠭᠤᠷᠢᠭ ᠢ ᠪᠠᠶᠢᠷᠢᠯᠠᠭᠤᠯᠤᠨ᠎ᠠ᠃ | ᠭᠤᠷᠪᠠ ᠳᠤ ᠪᠦᠬᠦᠯᠢ ᠴᠣᠭᠴᠠ ᠶᠢᠨ ᠪᠣᠷᠣ ᠲᠥᠯᠥᠪ ᠢ ᠲᠦᠷᠭᠡᠪᠴᠢᠯᠡᠨ ᠰᠢᠯᠢᠳᠡᠭᠵᠢᠭᠦᠯᠦᠨ᠎ᠡ᠃ ᠮᠥᠩᠬᠡ ᠰᠤᠪᠠᠭ APP ᠶᠢᠨ ᠲᠥᠯᠥᠪᠵᠢᠭᠦᠯᠭᠡ ᠶᠢᠨ ᠬᠡᠪ | ᠤᠨ ᠦᠭᠡᠷᠡᠴᠢᠯᠡᠯᠳᠡ ᠶᠢ ᠠᠬᠢᠭᠤᠯᠵᠤ᠂ ᠨᠠᠩ ᠰᠢᠨᠵᠢᠯᠡᠬᠦ ᠤᠬᠠᠭᠠᠨᠴᠢ ᠪᠥᠭᠡᠳ ᠪᠦᠷᠢᠨ ᠪᠦᠲᠦᠨ ᠪᠤᠯᠤᠩ ᠤᠨ ᠪᠦᠲᠦᠴᠡ᠂ ᠠᠭᠤᠯᠭ᠎ᠠ ᠶᠢᠨ ᠪᠠᠶᠢᠷᠢᠰᠢᠭᠤᠯᠤᠯᠲᠠ᠂ | ᠴᠢᠳᠠᠮᠵᠢ ᠶᠢᠨ ᠰᠢᠰᠲ᠋ᠧᠮᠵᠢ ᠪᠠ ᠬᠠᠭᠤᠳᠠᠰᠤ ᠶᠢᠨ ᠵᠢᠷᠤᠭ ᠲᠥᠯᠥᠪᠯᠡᠭᠡ ᠶᠢ ᠪᠠᠶᠢᠭᠤᠯᠵᠤ᠂ ︽ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠭᠠᠵᠠᠷ ᠤᠨ ᠵᠢᠷᠤᠭ ︾ | ︽ᠣᠶᠤᠨᠴᠢ ᠠᠰᠠᠭᠤᠯᠲᠠ᠂ ᠣᠶᠤᠨᠴᠢ ᠬᠠᠷᠢᠭᠤᠯᠲᠠ᠂ ᠣᠶᠤᠨᠴᠢ ᠬᠠᠶᠢᠯᠲᠠ᠂ ᠣᠶᠤᠨᠴᠢ ᠭᠦᠢᠴᠡᠳᠭᠡᠯ︾ ᠵᠡᠷᠭᠡ ᠰᠢᠯᠵᠢᠮᠡᠯ ᠣᠶᠤᠨᠴᠢ ᠵᠠᠰᠠᠭ ᠤᠨ ᠶᠠᠪᠤᠳᠠᠯ ᠤᠨ | ᠴᠢᠳᠠᠮᠵᠢ ᠶᠢ ᠵᠦᠢᠴᠢᠯᠡᠨ ᠭᠠᠷᠭᠠᠵᠤ᠂ ᠠᠵᠤ ᠠᠬᠤᠶᠢᠯᠠᠯ ᠣᠯᠠᠨ ᠲᠦᠮᠡᠨ ᠳᠤ ᠣᠶᠤᠨᠴᠢᠯᠠᠭᠰᠠᠨ᠂ ᠣᠨᠣᠪᠴᠢᠯᠠᠭᠰᠠᠨ᠂ ᠥᠪᠡᠷᠮᠢᠴᠡᠵᠢᠭᠰᠡᠨ ᠦᠶᠯᠡᠴᠢᠯᠡᠭᠡ ᠶᠢ | ᠰᠠᠨᠠᠭᠠᠴᠢᠯᠠᠭ᠎ᠠ ᠠᠴᠠ ᠪᠠᠨ ᠬᠦᠷᠭᠡᠬᠦ ᠪᠤᠯᠤᠨ᠎ᠠ᠃ | ᠲᠠᠪᠤ᠂ ︽ᠮᠥᠩᠬᠡ ᠰᠤᠪᠠᠭ ·ᠠᠯᠠᠭᠠᠨ ᠳᠡᠭᠡᠷ᠎ᠡ ᠭᠦᠢᠴᠡᠳᠬᠡᠬᠦ ︾ ᠶᠢ ᠬᠡᠷᠬᠢᠨ ᠬᠡᠷᠡᠭᠯᠡᠬᠦ ᠪᠤᠢ︖ | | |