ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠥᠪᠥᠷ ᠮᠣᠩᠭᠤᠯ ᠳᠤ ᠢᠷᠡᠵᠦ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠱᠠᠯᠠᠪᠳᠠᠭᠤᠯᠤᠨ ᠵᠢᠯᠣᠭᠤᠳᠪᠠ  ᠴᠧ ᠵᠢᠶᠦ᠋ᠨ  ᠱᠢ ᠲᠠᠢ ᠹᠧᠩ ᠠᠭᠤᠯᠵᠠᠨ ᠪᠠᠶᠢᠳᠠᠯ ᠢᠶᠠᠨ ᠤᠯᠤᠯᠴᠠᠬᠤ ᠬᠤᠷᠠᠯ ᠪᠠ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2021/4/1
      ᠲᠥᠪ ᠤᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠥᠪᠥᠷ ᠮᠣᠩᠭᠤᠯ ᠳᠤ ᠢᠷᠡᠵᠦ᠂ ᠭᠤᠷᠪᠠᠨ ᠰᠠᠷ᠎ᠠ ᠶᠢᠨ ᠬᠤᠭᠤᠴᠠᠭ᠎ᠠ ᠲᠠᠢ ᠪᠠᠷ ᠴᠡᠭ ᠲᠤ ᠰᠠᠭᠤᠵᠤ ᠱᠠᠯᠠᠪᠳᠠᠭᠤᠯᠤᠨ ᠵᠢᠯᠣᠭᠤᠳᠬᠤ ᠠᠵᠢᠯ ᠥᠷᠨᠢᠭᠦᠯᠬᠦ ᠪᠠᠷ ᠪᠤᠯᠪᠠ᠃ 3 ᠰᠠᠷ᠎ᠠ ᠶᠢᠨ 31 ᠤ ᠡᠳᠦᠷ᠂ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨ ᠲᠠᠢ ᠠᠭᠤᠯᠵᠠᠨ ᠪᠠᠶᠢᠳᠠᠯ ᠢᠶᠠᠨ ᠤᠯᠤᠯᠴᠠᠬᠤ ᠬᠤᠷᠠᠯ ᠪᠠ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠶᠢᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠴᠧ ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠦᠨᠳᠦᠰᠦᠲᠡᠨ ᠪᠠ ᠱᠠᠰᠢᠨ ᠰᠤᠷᠲᠠᠬᠤᠨ ᠤ ᠵᠥᠪᠯᠡᠯ ᠤᠨ ᠭᠡᠰᠢᠭᠦᠨ ᠹᠠᠨ ᠰᠢᠤᠢ ᠶᠢᠨ ᠬᠤᠷᠠᠯ ᠳᠤ ᠣᠷᠣᠯᠴᠠᠪᠠ᠃
0401中央第四督导组进驻内蒙古督导政法队伍教育整顿工作.jpg
      ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠯᠢᠨ ᠱᠤᠤ ᠴᠦᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠳᠠ᠂ ᠬᠤᠰᠢᠭᠤ ᠰᠢᠶᠠᠨ︵ᠬᠤᠳᠠ᠂ ᠲᠣᠭᠤᠷᠢᠭ︶ ᠬᠤᠶᠠᠷ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢᠨ ᠦᠨᠳᠦᠰᠦᠨ ᠪᠠᠶᠢᠳᠠᠯ ᠪᠣᠯᠤᠨ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠬᠠᠷᠢᠭᠤ ᠮᠡᠳᠡᠭᠦᠯᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠦ ᠴᠢ ᠹᠠᠨ᠂ ᠶᠠᠩ ᠸᠧᠢ ᠳ᠋ᠦᠩ᠂ ᠾᠧᠩ ᠰᠢᠶᠤᠤ ᠹᠠᠨ᠂ ᠶᠠᠩ ᠽᠦᠩ ᠷᠧᠨ᠂ ᠯᠢ ᠴᠢ ᠯᠢᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃
0401中央第四督导组进驻内蒙古督导政法队伍教育整顿工作2.jpg
      ᠴᠧ ᠵᠢᠶᠦ᠋ᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠥᠷᠨᠢᠭᠦᠯᠬᠦ ᠲᠤᠬᠠᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠱᠠᠯᠠᠪᠳᠠᠭᠤᠯᠤᠨ ᠵᠢᠯᠣᠭᠤᠳᠬᠤ ᠡᠭᠦᠷᠭᠡ ᠪᠣᠯᠤᠨ ᠲᠤᠬᠢᠷᠠᠭᠤᠯᠤᠯᠳᠠ ᠶᠢ ᠮᠡᠳᠡᠭᠳᠡᠵᠦ᠂ ᠬᠥᠮᠦᠵᠢᠯ ᠴᠡᠭᠴᠡᠯᠡᠯᠲᠡ ᠶᠢ ᠠᠬᠢᠭᠤᠯᠬᠤ ᠲᠤᠬᠠᠢ ᠱᠢ ᠲᠠᠢ ᠹᠧᠩ ᠨᠠᠷ ᠲᠠᠢ ᠰᠠᠨᠠᠯ ᠢᠶᠠᠨ ᠰᠣᠯᠢᠯᠴᠠᠪᠠ᠃ ᠴᠧ ᠵᠢᠶᠦ᠋ᠨ ᠥᠪᠥᠷ ᠮᠣᠩᠭᠤᠯ ᠤᠨ ᠦᠩᠭᠡᠷᠡᠭᠰᠡᠨ ᠱᠠᠲᠤᠨ ᠤ ᠬᠥᠮᠦᠵᠢᠯ ᠴᠡᠭᠴᠡᠯᠡᠯᠲᠡ ᠳᠤ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠭᠰᠠᠨ ᠪᠥᠭᠡᠳ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠶ ᠱᠠᠭᠠᠷᠳᠠᠯᠭ᠎ᠠ ᠳᠤᠷᠠᠳᠪᠠ᠃      ᠴᠧ ᠵᠢᠶᠦ᠋ᠨ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠣᠯ ᠨᠠᠮ ᠤᠨ ᠲᠥᠪ ᠬᠤᠷᠢᠶᠠᠨ ᠤ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠦᠨᠳᠦᠷᠴᠡ ᠠᠴᠠ ᠪᠤᠳᠤᠯᠬᠢᠯᠠᠨ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠃ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠳᠤ ᠠᠴᠠ ᠡᠬᠢᠯᠡᠨ 6 ᠰᠠᠷ᠎ᠠ ᠶᠢᠨ ᠰᠡᠭᠦᠯᠴᠢ ᠪᠣᠯᠲᠠᠯ᠎ᠠ᠂ ᠲᠥᠪ ᠤᠨ ᠱᠠᠭᠠᠷᠳᠠᠯᠭ᠎ᠠ ᠶᠣᠰᠣᠭᠠᠷ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠨᠢᠭᠡᠳᠦᠯᠲᠡᠢ ᠲᠥᠯᠥᠪᠵᠢᠭᠦᠯᠦᠨ ᠤᠶᠠᠯᠳᠤᠭᠤᠯᠬᠤ᠂ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠠᠷᠬᠠᠭ ᠭᠡᠮ ᠢ ᠴᠡᠭᠴᠡᠯᠡᠨ ᠵᠠᠰᠠᠬᠤ᠂ ᠠᠬᠢᠴᠠ ᠪᠠ ᠪᠣᠳᠠᠲᠤ ᠦᠷ᠎ᠡ ᠪᠦᠲᠦᠮᠵᠢ ᠵᠡᠷᠭᠡ 6 ᠲᠠᠯ᠎ᠠ ᠶᠢᠨ ᠲᠣᠭᠤᠷᠢᠨ ᠳᠤ ᠠᠬᠢᠴᠠ ᠶᠢ ᠱᠠᠯᠠᠪᠳᠠᠭᠤᠯᠤᠨ᠂ ᠠᠰᠠᠭᠤᠳᠠᠯ ᠢ ᠪᠠᠶᠢᠴᠠᠭᠠᠵᠤ᠂ ᠦᠷ᠎ᠡ ᠪᠦᠲᠦᠮᠵᠢ ᠶᠢ ᠦᠵᠡᠵᠦ᠂ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠠᠯᠳᠠᠭ᠎ᠠ ᠪᠤᠷᠤᠭᠤ ᠶᠢ ᠵᠠᠯᠠᠷᠠᠭᠤᠯᠤᠨ᠂ ᠰᠠᠨᠠᠭᠤᠯᠭ᠎ᠠ ᠳᠤᠷᠠᠳᠴᠤ᠂ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠡᠬᠡᠷ᠎ᠡ ᠦᠨᠡᠨ ᠬᠦ ᠨᠢᠭᠡᠳᠬᠡᠵᠦ᠂ ᠬᠥᠮᠦᠵᠢᠯ ᠴᠡᠭᠴᠡᠯᠡᠯᠲᠡ ᠥᠷᠨᠢᠭᠦᠯᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠨ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠳᠤᠷᠢᠳᠬᠤ ᠳᠤᠭᠤᠶᠢᠯᠠᠩ ᠤᠨ ᠡᠭᠦᠷᠭᠡ ᠴᠢᠳᠠᠪᠬᠢ ᠦᠢᠯᠡᠳᠦᠯ ᠢ ᠰᠠᠶᠢᠲᠤᠷ ᠪᠠᠳᠠᠷᠠᠭᠤᠯᠤᠨ᠂ ᠬᠥᠮᠦᠵᠢᠯ ᠴᠡᠭᠴᠡᠯᠡᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠡᠷᠡᠰ ᠰᠠᠶᠢᠲᠤᠷ ᠪᠡᠶᠡᠯᠡᠭᠦᠯᠬᠦ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠪᠠᠷᠢᠮᠵᠢᠶᠠᠯᠠᠨ ᠬᠠᠷᠭᠤᠭᠤᠯᠵᠤ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ᠎ᠠ ᠶᠢᠨ ᠠᠵᠢᠯ ᠢ ᠰᠠᠶᠢᠲᠤᠷ ᠲᠥᠯᠥᠪᠵᠢᠭᠦᠯᠤᠨ᠂ ᠬᠥᠮᠦᠵᠢᠯ ᠴᠡᠭᠴᠡᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃ ᠲᠡᠷᠡ᠂ ᠬᠥᠮᠦᠵᠢᠯ ᠴᠡᠭᠴᠡᠯᠡᠯᠲᠡ ᠶᠢ ᠱᠠᠯᠠᠪᠳᠠᠭᠤᠯᠤᠨ ᠵᠢᠯᠣᠭᠤᠳᠬᠤ ᠠᠵᠢᠯ ᠢ ᠰᠠᠶᠢᠲᠤᠷ ᠬᠢᠬᠦ ᠪᠣᠯ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠪᠣᠯᠤᠨ ᠱᠠᠯᠠᠪᠳᠠᠭᠤᠯᠤᠨ ᠵᠢᠯᠣᠭᠤᠳᠬᠤ ᠶᠢ ᠬᠦᠯᠢᠶᠡᠬᠦ ᠭᠠᠵᠠᠷ ᠣᠷᠣᠨ ᠤ ᠬᠠᠮᠲᠤ ᠶᠢᠨ ᠤᠯᠤᠰ ᠲᠦᠷᠦ ᠶᠢᠨ ᠬᠠᠷᠢᠭᠤᠴᠠᠯᠭ᠎ᠠ ᠮᠥᠨ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠪᠣᠯᠤᠨ ᠥᠪᠡᠷᠲᠡᠭᠡᠨ ᠵᠠᠰᠠᠬᠤ ᠣᠷᠣᠨ ᠤ ᠬᠢᠨ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠱᠠᠯᠠᠪᠳᠠᠭᠤᠯᠤᠨ ᠵᠢᠯᠣᠭᠤᠳᠬᠤ ᠠᠵᠢᠯ ᠤᠨ ᠪᠦᠬᠦᠯᠢ ᠴᠣᠭᠴᠠ ᠪᠠᠷ ᠬᠤᠯᠪᠣᠭᠠᠯᠠᠨ ᠬᠥᠳᠡᠯᠦᠯᠴᠡᠵᠦ᠂ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠬᠠᠮᠰᠠᠷ ᠠᠴᠠ ᠪᠠᠨ ᠱᠠᠯᠠᠪᠳᠠᠭᠤᠯᠤᠨ ᠵᠢᠯᠣᠭᠤᠳᠬᠤ ᠶᠢ ᠬᠦᠯᠢᠶᠡᠵᠦ᠂ ᠱᠠᠯᠠᠪᠳᠠᠭᠤᠯᠤᠨ ᠵᠢᠯᠣᠭᠤᠳᠴᠤ ᠴᠡᠭᠴᠡᠯᠡᠨ ᠰᠠᠶᠢᠵᠢᠷᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠲᠠᠢ ᠬᠠᠮᠲᠤ ᠪᠠᠷ ᠨᠠᠮ ᠤᠨ ᠲᠥᠪ ᠬᠤᠷᠢᠶᠠᠨ ᠤ ᠲᠤᠰᠢᠶᠠᠭᠰᠠᠨ ᠬᠥᠮᠦᠵᠢᠯ ᠴᠡᠭᠴᠡᠯᠡᠯᠲᠡ ᠶᠢ ᠱᠠᠯᠠᠪᠳᠠᠭᠤᠯᠤᠨ ᠵᠢᠯᠣᠭᠤᠳᠬᠤ ᠡᠭᠦᠷᠭᠡ ᠶᠢ ᠰᠠᠶᠢᠲᠤᠷ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠤ ᠴᠢᠬᠤᠯᠠᠴᠢᠯᠠᠵᠠᠢ᠃
0401中央第四督导组进驻内蒙古督导政法队伍教育整顿工作3.jpg
      ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠮᠦᠨ᠎ᠡ ᠠᠴᠠ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠯᠠᠪᠲᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠭᠦᠢᠴᠡᠳᠭᠡᠬᠦ ᠶᠢ ᠪᠠᠷᠢᠮᠲᠠᠯᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠰᠠᠶᠢᠲᠤᠷ ᠠᠳᠬᠤᠵᠤ᠂ ᠡᠨᠡ ᠤᠲᠠᠭᠠᠠ ᠤ ᠬᠢᠳᠤᠭᠠᠨ ᠢᠷ ᠢ ᠳᠣᠲᠣᠭᠰᠢ ᠬᠠᠨᠳᠤᠭᠤᠯᠤᠨ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠣᠯᠤᠨ ᠦᠷ᠎ᠡ ᠪᠦᠲᠦᠮᠵᠢ ᠪᠠᠷ ᠢᠶᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠶᠢ ᠲᠤᠳᠤᠷᠬᠠᠢᠢᠯᠠᠨ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠦᠨ᠎ᠡ᠃ ᠪᠥᠬᠦ ᠣᠷᠣᠨ ᠤ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠥᠪ ᠤᠨ ᠱᠠᠯᠠᠪᠳᠠᠭᠤᠯᠤᠨ ᠵᠢᠯᠣᠭᠤᠳᠬᠤ ᠶᠢ ᠲᠥᠪ ᠴᠢᠩᠭ᠎ᠠ ᠴᠢᠩ ᠦᠨᠡᠨᠴᠢ ᠪᠠᠷ ᠬᠦᠯᠢᠶᠡᠵᠦ᠂ ᠪᠥᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠳᠤ ᠰᠠᠶᠢᠲᠤᠷ ᠦᠢᠯᠡᠴᠢᠯᠡᠨ ᠰᠠᠶᠢᠳᠤᠷ ᠪᠠᠳᠤᠯᠠᠬᠤ ᠬᠡᠷᠡᠭᠲᠡᠶ᠃ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠱᠠᠭᠠᠷᠳᠠᠯᠭ᠎ᠠ ᠶᠣᠰᠣᠭᠠᠷ᠂ ᠠᠰᠠᠭᠤᠳᠠᠯ ᠳᠤ ᠵᠥᠪ ᠢᠶᠠᠷ ᠬᠠᠨᠳᠤᠵᠤ᠂ ᠬᠠᠷᠢᠭᠤᠴᠠᠯᠭ᠎ᠠ ᠪᠠᠨ ᠪᠠᠬᠢᠵᠢᠭᠦᠯᠵᠦ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠡᠯ᠎ᠡ ᠵᠦᠢᠯ ᠤᠨ ᠠᠵᠢᠯ ᠢ ᠣᠨᠣᠴᠠᠲᠠᠢ ᠯᠠᠪᠳᠠᠭᠤᠨ ᠪᠠᠲᠤᠲᠠᠢ ᠨᠠᠷᠢᠯᠢᠭ ᠰᠠᠶᠢᠲᠤᠷ ᠠᠳᠬᠤᠵᠤ᠂ ᠦᠵᠡᠯ ᠰᠠᠨᠠᠭ᠎ᠠ ᠤᠯᠤᠰ ᠲᠦᠷᠦ ᠶᠢᠨ ᠲᠠᠯ᠎ᠠ ᠪᠠᠷ ᠬᠦᠲᠦᠯᠦᠨ ᠳᠠᠭᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠲᠤᠪᠤᠶᠢᠮ᠎ᠠ ᠠᠰᠠᠭᠤᠳᠠᠯ ᠢ ᠶᠡᠭᠡ ᠪᠠᠷ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠵᠤ᠂ ᠳ᠋ᠦᠩᠨᠡᠨ ᠪᠠᠬᠢᠵᠢᠭᠦᠯᠵᠦ ᠳᠡᠭᠡᠭᠰᠢᠯᠡᠭᠦᠯᠬᠦ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠨ ᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠡᠷᠡᠭᠦᠯ ᠢᠶᠠᠷ ᠥᠷᠨᠢᠵᠦ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠡᠯ᠎ᠡ ᠵᠦᠢᠯ ᠤᠨ ᠰᠠᠨᠠᠯ ᠱᠠᠭᠠᠷᠳᠠᠯᠭ᠎ᠠ ᠶᠢ ᠡᠷᠡᠰ ᠡᠷᠴᠢᠮᠳᠠᠢ ᠰᠠᠶᠢᠲᠤᠷ ᠨᠠᠶᠢᠳᠠᠪᠤᠷᠢᠵᠢᠭᠤᠯᠤᠨ᠂ ᠢᠯᠡᠷᠡᠭᠦᠯᠦᠭᠰᠡᠨ ᠪᠠ ᠬᠠᠷᠢᠭᠤ ᠲᠤᠰᠬᠠᠭᠰᠠᠨ ᠪᠣᠶ ᠪᠥᠬᠦᠶ ᠠᠰᠠᠭᠤᠳᠠᠯ ᠢ ᠨᠢᠭᠡᠳ ᠨᠢᠭᠡ ᠪᠠᠷ ᠳᠠᠷᠤᠢ ᠲᠦᠷᠭᠡᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠳᠤᠮᠳᠠ ᠬᠤᠶᠢᠷᠭᠤᠰᠢᠨ ᠴᠠᠯᠠᠭᠠᠶᠢᠷᠠᠵᠤ᠂ ᠨᠠᠵᠠᠭᠠᠶ ᠪᠠᠷ ᠬᠠᠨᠳᠤᠭᠰᠠᠳ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠂ ᠬᠦᠮᠦᠵᠢᠯ ᠴᠡᠭᠴᠡᠯᠡᠯᠳᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠲᠥᠪ ᠤᠨ ᠱᠠᠯᠠᠪᠳᠠᠭᠤᠯᠤᠨ ᠵᠢᠯᠣᠭᠤᠳᠬᠤ ᠠᠵᠢᠯᠯᠠᠭ᠎ᠠ ᠶᠢ ᠠᠵᠢᠯ ᠢᠶᠠᠨ ᠴᠢᠩᠭᠠᠳᠬᠠᠨ ᠰᠠᠶᠢᠵᠢᠷᠠᠭᠤᠯᠬᠤ ᠣᠯᠳᠠᠰᠢ ᠦᠭᠡᠢ ᠠᠵᠠ ᠲᠣᠬᠢᠶᠠᠯ ᠪᠤᠯᠭᠠᠨ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠪᠠᠷ ᠰᠦᠪᠡᠭᠴᠢ ᠪᠣᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠨᠠᠭᠰᠢᠳᠠ ᠴᠢᠩᠭᠠᠳᠬᠠᠨ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠢᠯᠡᠳᠭᠡᠪᠡ᠃      ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ