ᠮᠠᠨᠵᠤᠤᠷ ᠬᠤᠳᠠ ᠭᠠᠯ ᠤᠨ ᠠᠶᠤᠯ ᠠᠴᠠ ᠰᠡᠷᠭᠡᠶᠢᠯᠡᠬᠦ ᠡᠳ᠋ ᠪᠣᠳᠠᠰ ᠢ ᠰᠢᠯᠵᠢᠭᠦᠯᠦᠨ ᠥᠭᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2021/4/1

      ᠬᠠᠪᠤᠷ ᠤᠨ ᠤᠯᠠᠷᠢᠯ ᠵᠢᠴᠢ ︽ᠬᠠᠩᠰᠢ ᠶᠢᠨ ᠡᠳᠦᠷ︾ ᠤᠨ ᠭᠠᠯ ᠢ ᠰᠡᠷᠭᠡᠶᠢᠯᠡᠬᠦ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠬᠡᠭᠡᠷ᠎ᠡ ᠶᠢᠨ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠡᠯ᠎ᠡ ᠬᠠᠷᠢᠶᠠᠲᠤ‌‍ᠲ᠋ᠣᠭᠤᠷᠢᠭ ᠤᠨ ᠭᠠᠯ ᠢ ᠰᠡᠷᠭᠡᠶᠢᠯᠡᠨ ᠤᠨᠲᠠᠷᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 3 ᠳ᠋ᠤᠭᠠᠷ ᠰᠠᠷ᠎ᠠ ᠶᠢᠨ 22 ᠤᠨ ᠡᠳᠦᠷ ᠠᠴᠠ 26 ᠤ ᠡᠳᠦᠷ ᠪᠣᠯᠲᠠᠯ᠎ᠠ᠂ ᠮᠠᠨᠵᠤᠤᠷ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠡᠯ᠎ᠡ ᠬᠠᠷᠢᠶᠠᠲᠤ ᠲᠣᠭᠤᠷᠢᠭ ᠵᠢᠴᠢ ᠭᠠᠯ ᠢ ᠰᠡᠷᠭᠡᠶᠢᠯᠡᠬᠦ ᠵᠢᠯᠤᠭᠤᠳᠬᠤ ᠭᠠᠵᠠᠷ ᠤᠨ ᠪᠦᠷᠢᠯᠳᠦᠬᠦᠨ ᠨᠢᠭᠡᠴᠢ ᠳᠤ ᠨᠢᠭᠡ ᠪᠦᠯᠦᠭ ᠭᠠᠯ ᠢ ᠰᠡᠷᠭᠡᠶᠢᠯᠡᠬᠦ ᠲᠥᠬᠦᠭᠡᠷᠦᠮᠵᠢ ᠵᠢᠴᠢ ᠡᠳ᠋ ᠪᠣᠳᠠᠰ ᠢ ᠪᠠᠴᠢᠮ ᠰᠢᠯᠵᠢᠭᠦᠯᠦᠨ ᠲᠣᠬᠢᠷᠠᠭᠤᠯᠪᠠ᠃
     ᠮᠠᠨᠵᠤᠤᠷ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠯ ᠢ ᠰᠡᠷᠭᠡᠶᠢᠯᠡᠬᠦ ᠠᠵᠢᠯ ᠤᠨ ᠠᠯᠪᠠᠨ ᠭᠡᠷ ᠠᠴᠠ 5 ᠬᠠᠷᠢᠶ᠎ᠠ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠣᠯᠤᠨ 2 ᠭᠠᠯ ᠢ ᠰᠡᠷᠭᠡᠶᠢᠯᠡᠬᠦ ᠵᠢᠯᠤᠭᠤᠳᠬᠤ ᠭᠠᠵᠠᠷ ᠤᠨ ᠪᠦᠷᠢᠯᠳᠦᠬᠦᠨ ᠨᠢᠭᠡᠴᠢ ᠳᠤ ᠰᠠᠯᠬᠢᠨ ᠬᠦᠴᠦᠨ ᠢᠶᠠᠷ ᠭᠠᠯ ᠤᠨᠲᠠᠷᠠᠭᠠᠬᠤ ᠮᠠᠰᠢᠨ᠂ ᠬᠤᠶᠠᠳᠤᠭᠠᠷ ᠨᠣᠮᠧᠷᠲᠦ ᠪᠠᠭᠠᠵᠢ ᠵᠡᠷᠭᠡ ᠭᠠᠯ ᠢ ᠰᠡᠷᠭᠡᠶᠢᠯᠡᠬᠦ ᠡᠳ᠋ ᠪᠣᠳᠠᠰ ᠢ ᠰᠢᠯᠵᠢᠭᠦᠯᠦᠨ ᠥᠭᠴᠦ᠂ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠢᠯᠢ ᠬᠢᠵᠠᠭᠠᠷ ᠤᠨ ᠭᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭ᠎ᠠ ᠠᠪᠬᠤ ᠦᠷᠳᠡᠭᠡ ᠠᠴᠠ ᠵᠡᠪᠰᠡᠭᠲᠦ ᠴᠠᠭᠳᠠᠭ᠎ᠠ ᠶᠢᠨ ᠳᠥᠷᠪᠡᠳᠦᠭᠡᠷ ᠶᠡᠭᠡ ᠠᠩᠬᠢ ᠳᠤ 20 ᠰᠠᠯᠬᠢᠨ ᠬᠦᠴᠦᠨ ᠢᠶᠠᠷ ᠭᠠᠯ ᠤᠨᠲᠠᠷᠠᠭᠠᠬᠤ ᠮᠠᠰᠢᠨ ᠰᠢᠯᠵᠢᠭᠦᠯᠦᠨ ᠲᠤᠬᠢᠷᠠᠭᠤᠯᠪᠠ᠃ ᠡᠭᠦᠨ ᠤ ᠵᠡᠷᠭᠡᠴᠡᠭᠡ ᠪᠠᠷ ᠡᠯ᠎ᠡ ᠲᠣᠭᠤᠷᠢᠭ᠂ ᠡᠯ᠎ᠡ ᠨᠢᠭᠡᠴᠢ ᠠᠴᠠ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠡᠳ᠋ ᠪᠣᠳᠠᠰ ᠢ ᠬᠤᠪᠢᠶᠠᠷᠢᠯᠠᠨ ᠰᠠᠯᠭᠠᠵᠤ ᠳᠠᠩᠰᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠭᠠᠯ ᠤᠨᠲᠠᠷᠠᠭᠠᠬᠤ ᠮᠠᠰᠢᠨ ᠪᠠᠭᠠᠵᠢ ᠲᠥᠬᠦᠭᠡᠷᠦᠮᠵᠢ ᠶᠢ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠨ᠂ ᠰᠠᠶᠢᠲᠤᠷ ᠠᠷᠠᠴᠢᠯᠠᠵᠤ᠂ ᠲᠠᠶᠢᠨ ᠤ ᠪᠡᠯᠡᠳᠬᠡᠯ ᠤᠨ ᠪᠠᠶᠢᠳᠠᠯ ᠢ ᠰᠠᠶᠢᠲᠤᠷ ᠪᠠᠲᠤᠯᠠᠬᠤ ᠬᠡᠷᠡᠭᠲᠡᠶ᠃ ᠭᠠᠯ ᠤᠨᠲᠠᠷᠠᠭᠠᠬᠤ ᠲᠥᠬᠦᠭᠡᠷᠦᠮᠵᠢ ᠶᠢᠨ ᠴᠢᠳᠠᠮᠵᠢ ᠪᠠ ᠦᠢᠯᠡᠳᠦᠯ ᠢ ᠭᠦᠢᠴᠡᠳ ᠪᠠᠳᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠡᠩᠨᠡᠭᠡ ᠶᠢᠨ ᠪᠣᠳᠠᠲᠤ ᠳᠠᠶᠢᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠵᠠᠢ᠃
     ᠲᠣᠰ ᠤᠳᠠᠭᠠᠨ ᠤ ᠭᠠᠯ ᠢ ᠰᠡᠷᠭᠡᠶᠢᠯᠡᠬᠦ ᠡᠳ᠋ ᠪᠣᠳᠠᠰ ᠤᠨ ᠲᠣᠬᠢᠷᠠᠭᠤᠯᠤᠯᠲᠠ ᠨᠢ ᠡᠯ᠎ᠡ ᠲᠣᠭᠤᠷᠢᠭ ᠤᠨ ᠭᠠᠯ ᠢ ᠰᠡᠷᠭᠡᠶᠢᠯᠡᠨ ᠤᠨᠲᠠᠷᠠᠭᠠᠬᠤ ᠡᠳ᠋ ᠪᠣᠳᠠᠰ ᠤᠨ ᠨᠥᠭᠡᠴᠡ ᠶᠢ ᠴᠠᠭ ᠲᠤᠬᠠᠶ ᠳᠤ ᠨᠢ ᠲᠡᠭᠦᠯᠳᠡᠷᠵᠢᠭᠦᠯᠵᠦ᠂ ᠪᠥᠬᠦ ᠬᠤᠲᠠ ᠶᠢᠨ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠥᠷᠨᠢᠭᠦᠯᠬᠦ ᠳᠤ ᠡᠳ᠋ ᠪᠣᠳᠠᠰ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ