ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠪᠤᠯᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠥᠭᠦᠯᠡᠯᠳᠠ ᠶᠢ ᠰᠤᠷᠤᠯᠴᠠᠨ ᠲᠤᠭᠤᠰᠢᠯᠠᠭᠤᠯᠵᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠵᠠᠢ
ᠨᠡᠶᠢᠲᠡᠯᠡᠭᠰᠡᠨ ᠴᠠᠭ᠄
2021/4/12

      4 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠪᠣᠯᠤᠨ ᠪᠦᠬᠦ ᠤᠯᠤᠰ ᠤᠨ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠵᠤ᠂ ᠮᠠᠨ ᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠬᠢᠴᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃

1.jpg


2.jpg


      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ᠂ ᠰᠤᠷᠤᠯᠴᠠᠬᠤ ᠠᠭᠤᠯᠭ᠎ᠠ᠂ ᠠᠷᠭ᠎ᠠ ᠬᠡᠮᠵᠢᠶ᠎ᠡ ᠠᠯᠬᠤᠮ ᠳᠠᠷᠠᠭ᠎ᠠ᠂ ᠭᠤᠤᠯᠳᠠᠯᠭ᠎ᠠ ᠲᠠᠢ ᠡᠭᠦᠷᠭᠡ ᠶᠢ ᠪᠠᠲᠤ ᠡᠵᠡᠮᠳᠡᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠳᠠᠢ ᠦᠨᠳᠦᠷ ᠪᠠᠷᠢᠮᠵᠢᠶ᠎ᠠ ᠪᠠᠷ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ᠳᠠᠮᠵᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠬᠠᠢ ᠣᠶᠢᠯᠠᠭᠠᠯᠲᠠ ᠪᠠᠨ ᠴᠢᠨᠠᠬᠰᠢᠳᠠ ᠭᠦᠨᠵᠡᠭᠡᠶᠢᠷᠡᠭᠦᠯᠵᠦ᠂ ᠦᠵᠡᠯ ᠰᠠᠨᠠᠭᠠᠨ ᠤ ᠠᠤᠭ᠎ᠠ ᠬᠦᠴᠦᠨ ᠢ ᠨᠡᠩ ᠰᠠᠶᠢᠲᠤᠷ ᠤᠬᠠᠵᠤ᠂ ᠨᠡᠩ ᠡᠷᠡᠰ ᠪᠠᠲᠤ ᠤᠬᠠᠮᠰᠠᠷ ᠢᠶᠠᠷ ᠨᠠᠮ ᠤᠨ ᠰᠢᠨ᠎ᠡ ᠶᠢ ᠡᠭᠦᠳᠦᠭᠰᠡᠡ ᠤᠨᠤᠯ ᠤᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠨ ᠦᠢᠯᠡᠳᠦᠯᠭᠡ ᠪᠠᠨ ᠵᠢᠯᠤᠭᠤᠳᠤᠭᠤᠯᠵᠤ ᠠᠵᠢᠯ ᠢᠶᠠᠨ ᠠᠬᠢᠭᠤᠯᠬᠤ ᠬᠡᠷᠡᠭᠲᠡᠢ᠃ ᠰᠤᠷᠤᠯᠴᠠᠯᠭ᠎ᠠ ᠶᠢᠨ ᠡᠨᠡ ᠬᠦ ᠰᠠᠭᠤᠷᠢ ᠶᠢ ᠪᠠᠬᠢᠵᠢᠭᠦᠯᠤᠨ ᠤᠳᠤᠷᠢᠳᠬᠤ ᠺᠠᠳ᠋ᠷ ᠤᠨ ᠡᠨᠡ ᠬᠦ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠪᠣᠯᠤᠨ ᠲᠣᠭᠲᠠᠭᠰᠠᠨ ᠰᠤᠷᠤᠯᠴᠠᠬᠤ ᠮᠠᠲ᠋ᠧᠷᠢᠶᠠᠯ ᠢ ᠲᠡᠷᠡ ᠶᠤᠰᠤᠭᠠᠷ ᠨᠢ ᠨᠠᠷᠢᠨ ᠬᠢᠨᠠᠮᠠᠭᠠᠶ ᠰᠤᠷᠤᠯᠴᠠᠭᠤᠯᠵᠤ᠂ ᠰᠡᠳᠬᠢᠯ ᠲᠠᠯᠪᠢᠨ ᠥᠪᠡᠷ ᠢᠶᠠᠨ ᠰᠤᠷᠤᠯᠴᠠᠬᠤ ᠳᠤᠮᠳᠠ ᠰᠤᠷᠤᠯᠴᠠᠪᠠᠯ ᠰᠡᠳᠬᠢᠬᠦ᠂ ᠰᠤᠷᠤᠯᠴᠠᠪᠠᠯ ᠣᠶᠢᠯᠠᠭᠠᠬᠤ᠂ ᠰᠤᠷᠤᠯᠴᠠᠪᠠᠯ ᠤᠯᠤᠯᠳᠠ ᠲᠠᠢ ᠪᠣᠯᠭᠠᠵᠤ᠂ ᠰᠤᠷᠤᠯᠴᠠᠯᠭ᠎ᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠵᠠᠭᠤᠨ ᠵᠢᠯ ᠤᠨ ᠨᠠᠮ ᠤᠨ ᠲᠡᠦᠬᠡ ᠶᠢ ᠰᠤᠷᠤᠯᠴᠠᠬᠤ ᠳᠤ ᠵᠠᠪᠠᠯ ᠪᠦᠬᠦ ᠲᠠᠯ᠎ᠠ ᠪᠠᠷ ᠰᠤᠷᠤᠯᠴᠠᠵᠤ᠂ ᠰᠢᠰᠲ᠋ᠧᠮ ᠲᠠᠢ ᠪᠠᠷ ᠰᠤᠷᠤᠯᠴᠠᠨ᠂ ᠨᠡᠪᠳᠡᠷᠡᠳᠡᠯ᠎ᠠ ᠰᠤᠷᠤᠯᠴᠠᠬᠤ ᠬᠡᠷᠡᠭᠲᠡᠢ᠂ ᠰᠣᠩᠭᠤᠯᠲᠠ ᠲᠠᠢ ᠪᠠᠷ᠂ ᠬᠡᠰᠡᠭ ᠪᠤᠰᠠᠭ ᠢᠶᠠᠷ ᠰᠤᠷᠤᠯᠴᠠᠵᠤ ᠪᠣᠯᠬᠤ ᠦᠭᠡᠢ᠂ ᠨᠡᠩ ᠴᠤ ᠦᠭᠡ ᠥᠭᠦᠯᠡᠪᠦᠷᠢ ᠶᠢ ᠲᠠᠰᠤᠳᠠᠨ ᠤᠳᠬ᠎ᠠ ᠰᠠᠨᠠᠭ᠎ᠠ ᠶᠢ ᠭᠠᠵᠢᠭᠤᠳᠠᠭᠤᠯᠵᠤ᠂ ᠭᠡᠰᠡᠭ ᠲᠠᠯ᠎ᠡ ᠪᠠᠷ ᠪᠦᠬᠦ ᠲᠠᠯ᠎ᠡ ᠶᠢ ᠤᠷᠤᠯᠠᠭᠤᠯᠤᠨ ᠰᠤᠷᠤᠯᠴᠠᠵᠤ ᠪᠣᠯᠬᠤ ᠦᠭᠡᠢ᠃ ᠵᠥᠪ ᠤᠨᠤᠪᠴᠢᠳᠠᠢ ᠨᠠᠮ ᠤᠨ ᠲᠡᠦᠬᠡ ᠶᠢᠨ ᠦᠵᠡᠯᠲᠡ ᠶᠢ ᠪᠠᠷᠢᠮᠲᠠᠯᠠᠨ᠂ ᠨᠠᠮ ᠤᠨ ᠲᠡᠦᠬᠡ ᠶᠢᠨ ᠬᠥᠭᠵᠢᠯᠲᠡ ᠶᠢᠨ ᠭᠤᠣᠯ ᠰᠡᠳᠦᠪ ᠪᠠ ᠭᠤᠣᠯ ᠰᠢᠵᠢᠮ᠂ ᠭᠤᠣᠯ ᠤᠷᠤᠰᠬᠠᠯ ᠪᠠ ᠮᠥᠨ ᠴᠢᠨᠠᠷ ᠢ ᠪᠠᠲᠤ ᠡᠵᠡᠮᠳᠡᠵᠦ᠂ ᠲᠡᠦᠬᠡ ᠶᠢᠨ ᠦᠭᠡᠶᠢᠰᠬᠡᠬᠦ ᠦᠵᠡᠯ ᠢ ᠲᠤᠭ ᠲᠡᠮᠳᠡᠭ ᠲᠣᠳᠣᠷᠬᠠᠢ ᠪᠠᠷ ᠡᠰᠡᠷᠭᠦᠴᠡᠨ᠂ ᠪᠤᠷᠤᠭᠤ ᠵᠠᠮ ᠳᠤ ᠣᠷᠣᠬᠤ ᠶᠢ ᠰᠡᠷᠭᠡᠶᠢᠯᠡᠬᠦ ᠬᠡᠷᠡᠭᠲᠡᠢ᠃ ᠢᠳᠡᠪᠬᠢᠲᠡᠢ ᠪᠠᠷ ᠠᠷᠭ᠎ᠠ ᠬᠡᠯᠪᠡᠷᠢ ᠠᠷᠭ᠎ᠠ   ᠬᠡᠮᠵᠢᠶ᠎ᠡ ᠪᠠᠨ ᠰᠢᠨᠡᠴᠢᠯᠡᠨ᠂ ᠦᠨᠳᠦᠰᠦᠨ ᠱᠠᠲᠤᠨ ᠳᠤ ᠤᠬᠠᠭᠤᠯᠤᠨ ᠲᠠᠶᠢᠯᠪᠤᠷᠢᠯᠠᠬᠤ ᠶᠢᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠦᠨᠡᠨ ᠬᠦ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ︽ᠳᠦᠷᠪᠡᠨ ᠲᠡᠦᠬᠡ︾ ᠶᠢᠨ ᠬᠥᠮᠦᠵᠢᠯ ᠢ ᠤᠯᠠᠨ ᠲᠦᠮᠡᠨ ᠤ ᠳᠤᠮᠳᠠ ᠭᠦᠨᠵᠡᠭᠡᠶᠢᠷᠡᠬᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠬᠦᠯᠤᠨ᠂ ᠬᠥᠮᠦᠰ ᠤᠨ ᠰᠡᠳᠬᠢᠯ ᠳᠤ ᠬᠠᠳᠠᠩᠰᠢᠭᠤᠯᠵᠦ᠂ ᠨᠠᠮ ᠤᠨ ᠲᠡᠦᠬᠡ ᠶᠢ ᠰᠤᠷᠤᠯᠴᠠᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ ᠥᠳᠬᠡᠨ ᠵᠤᠵᠠᠭᠠᠨ ᠠᠭᠤᠷ ᠠᠮᠢᠰᠬᠤᠯ ᠢ ᠦᠨᠡᠨ ᠬᠦ ᠪᠤᠢ ᠪᠣᠯᠭᠠᠬᠤ ᠬᠡᠷᠡᠭᠲᠡᠢ᠃ ︽ᠪᠢ ᠤᠯᠠᠨ ᠲᠦᠮᠡᠨ ᠳᠤ ᠪᠣᠳᠠᠳᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠪᠠ ᠦᠢᠯᠡᠳᠦᠯᠭᠡ ᠶᠢ ᠤᠶᠠᠯᠳᠤᠭᠤᠯᠤᠨ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠬᠦ ᠳᠤᠮᠳᠠ ᠨᠠᠮᠴᠢ ᠴᠢᠨᠠᠷ ᠤᠨ ᠬᠡᠪ ᠪᠤᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠵᠤ᠂ ᠨᠠᠮ ᠪᠠ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ ᠬᠡᠷᠡᠭᠲᠡᠢ᠃ ᠪᠣᠳᠠᠲᠤ ᠶᠠᠪᠤᠳᠠᠯ ᠬᠢᠵᠦ ᠦᠭᠬᠦ ᠳᠤ ᠯᠠᠷᠵᠢᠶ᠎ᠠ ᠶᠠᠩᠪᠠ ᠲᠠᠲᠠᠵᠤ᠂ ᠠᠯᠪᠠ ᠶᠢᠨ ᠳᠡᠳᠦᠢ ᠬᠢᠵᠦ ᠪᠣᠯᠬᠤ ᠦᠭᠡᠢ᠂ ᠡᠷᠬᠡᠪᠰᠢ ᠤᠯᠠᠨ ᠲᠦᠮᠡᠨ ᠤ ᠠᠩᠬᠠᠷᠴᠤ ᠪᠠᠶᠢᠭ᠎ᠠ ᠪᠣᠳᠠᠲᠠᠢ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠬᠦ ᠶᠢ ᠴᠢᠬᠤᠯᠠᠴᠢᠯᠠᠵᠤ᠂ ᠬᠦᠪᠬᠦᠴᠢᠯᠡᠬᠦ᠂ ᠬᠢᠯᠪᠠᠷᠴᠢᠯᠠᠬᠤ᠂ ᠪᠤᠯᠬᠢᠴᠢᠯᠠᠬᠤ ᠠᠴᠠ ᠰᠡᠷᠭᠡᠶᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃



      ᠬᠤᠷᠠᠯ ᠠᠴᠠ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠨᠢ ᠮᠠᠨ ᠤ ᠨᠠᠮ ᠤᠨ ᠢᠷᠠᠭᠤ ᠠᠯᠳᠠᠷᠲᠤ ᠲᠡᠦᠬᠡ ᠶᠢ ᠰᠢᠩᠭᠡᠬᠡᠵᠦ᠂ ᠬᠤᠪᠢᠰᠬᠠᠯ ᠤᠨ ᠤᠯᠠᠮᠵᠢᠯᠠᠯ ᠪᠣᠯᠤᠨ ᠬᠤᠪᠢᠰᠬᠠᠯ ᠤᠨ ᠤᠳᠤᠮᠰᠢᠯ ᠢ ᠠᠴᠢᠶᠠᠯᠠᠵᠤ ᠪᠠᠶᠢᠳᠠᠭ᠂ ᠡᠨᠡ ᠪᠣᠯ ᠨᠠᠮ ᠪᠣᠯᠤᠨ ᠤᠯᠤᠰ ᠤᠨ ᠡᠷᠬᠢᠮ ᠨᠠᠨᠳᠢᠨ ᠥᠪ ᠬᠦᠷᠦᠩᠭᠡ ᠮᠥᠨ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠬᠤᠪᠢᠰᠬᠠᠯ ᠤᠨ ᠲᠡᠤᠭᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ᠂ ᠬᠠᠮᠢᠶᠠᠷᠬᠤ ᠪᠠ ᠬᠡᠷᠡᠭᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠬᠤᠪᠢᠰᠬᠠᠯ ᠤᠨ ᠲᠡᠤᠭᠡ ᠶᠢᠨ ᠳᠤᠷᠠᠰᠬᠠᠯᠲᠤ ᠵᠦᠢᠯ ᠤᠨ ᠦᠨ᠎ᠡ ᠥᠷᠲᠡᠭ ᠢ ᠠᠭᠤᠳᠠᠯᠬᠤ ᠪᠠ ᠠᠰᠢᠬᠯᠠᠬᠤ ᠲᠠᠯ᠎ᠠ ᠪᠠᠷ ᠰᠢᠨ᠎ᠡ ᠶᠢ ᠡᠭᠦᠳᠬᠦ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠤᠪᠢᠰᠬᠠᠯ ᠤᠨ ᠡᠬᠢ ᠪᠠᠶᠠᠯᠢᠭ ᠢ ᠦᠨᠡᠨ ᠬᠦ ᠰᠠᠶᠢᠲᠤᠷ ᠠᠰᠢᠬᠯᠠᠨ᠂ ᠬᠤᠪᠢᠰᠬᠠᠯ ᠤᠨ ᠤᠯᠠᠮᠵᠢᠯᠠᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠬᠤᠪᠢᠰᠬᠠᠯ ᠤᠨ ᠤᠳᠤᠮᠰᠢᠯ ᠢ ᠦᠨᠡᠨ ᠬᠦ ᠰᠠᠶᠢᠲᠤᠷ ᠤᠯᠠᠮᠵᠢᠯᠠᠨ ᠵᠠᠯᠭᠠᠮᠵᠢᠯᠠᠬᠤ ᠬᠡᠷᠡᠭᠲᠡᠶ᠃ ᠬᠠᠮᠠᠭᠠᠯᠠᠬᠤ ᠳᠤ ᠰᠠᠭᠤᠷᠢᠯᠠᠬᠤ᠂ ᠬᠠᠮᠠᠭᠠᠯᠠᠬᠤ ᠪᠠ ᠬᠡᠷᠡᠭᠯᠡᠬᠦ ᠶᠢ ᠤᠶᠠᠯᠳᠤᠭᠤᠯᠬᠤ ᠶᠢ ᠪᠠᠷᠢᠮᠳᠠᠯᠠᠵᠦ᠂ ᠤᠳᠤᠷᠢᠳᠤᠮᠵᠢ ᠢᠯᠡ ᠲᠣᠳᠣᠷᠬᠠᠢ᠂ ᠴᠡᠭ ᠪᠠ ᠲᠠᠯ᠎ᠡ ᠶᠢ ᠤᠶᠠᠯᠳᠤᠭᠤᠯᠤᠭᠰᠠᠨ᠂ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠦᠭᠰᠡᠨ᠂ ᠭᠡᠷᠡᠭᠵᠢᠬᠦᠯᠬᠦ ᠳᠤ ᠠᠰᠢᠬᠳᠠᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠲᠥᠯᠥᠪᠵᠢᠭᠦᠯᠭᠡ ᠶᠢ ᠲᠤᠭᠳᠠᠭᠠᠵᠦ᠂ ᠲᠥᠯᠥᠪᠵᠢᠭᠦᠯᠭᠡ ᠶᠢᠨ ᠬᠢᠵᠠᠭᠠᠷᠯᠠᠬᠤ ᠬᠦᠴᠦᠨ ᠢ ᠴᠢᠩᠭᠠᠷᠠᠭᠤᠯᠤᠨ᠂ ᠪᠦᠲᠦᠭᠡᠨ ᠪᠠᠶᠢᠭᠤᠯᠤᠯᠲᠠ ᠶᠢᠨ ᠴᠢᠨᠠᠷᠲᠠᠢ ᠡᠪᠳᠡᠯᠡᠭᠡ ᠬᠢᠬᠦ ᠶᠢ ᠡᠷᠡᠰ ᠰᠡᠷᠭᠡᠶᠢᠯᠡᠬᠦ ᠬᠡᠷᠡᠭᠲᠡᠢ᠃ ᠬᠤᠪᠢᠰᠬᠠᠯ ᠤᠨ ᠲᠡᠤᠭᠡ ᠶᠢᠨ ᠳᠤᠷᠠᠰᠬᠠᠯᠲᠤ ᠵᠦᠢᠯ ᠤᠨ ᠳᠣᠲᠣᠷᠠᠬᠢ ᠦᠯᠢᠬᠡᠷ᠂ ᠦᠯᠢᠬᠡᠷ ᠤᠨ ᠳᠣᠲᠣᠷᠠᠬᠢ ᠨᠠᠷᠢᠨ ᠵᠦᠢᠯ᠂ ᠨᠠᠷᠢᠨ ᠵᠦᠢᠯᠡᠰ ᠲᠠᠬᠢ ᠵᠣᠷᠢᠭ ᠰᠠᠨᠠᠭ᠎ᠠ ᠶᠢ ᠰᠠᠶᠢᠲᠤᠷ ᠠᠭᠤᠳᠠᠯᠵᠤ᠂ ᠨᠠᠮ ᠤᠨ ᠲᠡᠦᠬᠡ ᠶᠢ ᠠᠮᠢᠳᠤᠯᠢᠭ ᠢᠶᠠᠷ ᠰᠠᠶᠢᠲᠤᠷ ᠶᠠᠷᠢᠵᠤ᠂ ᠨᠠᠮ ᠤᠨ ᠥᠪᠥᠷ ᠮᠣᠩᠭᠤᠯ ᠳᠠᠬᠢ ᠲᠡᠦᠬᠡ ᠶᠢ ᠰᠠᠶᠢᠲᠤᠷ ᠶᠠᠷᠢᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠬᠤᠪᠢᠰᠬᠠᠯ ᠤᠨ ᠤᠯᠠᠮᠵᠢᠯᠠᠯ ᠤᠨ ᠬᠥᠮᠦᠵᠢᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠵᠡᠷᠭᠡ ᠲᠠᠯ᠎ᠠ ᠪᠠᠷ ᠬᠢ ᠴᠢᠬᠤᠯᠠ ᠦᠢᠯᠡᠳᠦᠯ ᠢ ᠨᠢ ᠦᠨᠡᠨ ᠬᠦ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃
      ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠤᠬᠠᠮᠰᠠᠷ ᠠᠴᠠ ᠪᠠᠨ ᠰᠠᠶᠢᠲᠤᠷ ᠰᠤᠷᠤᠯᠴᠠᠨ ᠣᠶᠢᠯᠠᠭᠠᠵᠤ᠂ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠤᠳᠤ ᠦᠶ᠎ᠡ ᠶᠢᠨ ᠠᠵᠤ ᠠᠬᠤᠢ ᠶᠢᠨ ᠠᠵᠢᠯ ᠢ ᠤᠳᠤᠷᠢᠳᠤᠨ ᠠᠬᠢᠭᠤᠯᠬᠤ ︽ᠵᠠᠪᠠᠯ ᠰᠤᠷᠬᠤ ᠬᠢᠴᠢᠶᠡᠯ︾ ᠪᠣᠯᠭᠠᠨ᠂ ᠨᠠᠷᠢᠨ ᠬᠢᠨᠠᠮᠠᠭᠠᠢ ᠰᠤᠷᠤᠯᠴᠠᠨ ᠨᠠᠷᠢᠨ ᠬᠢᠨᠠᠮᠠᠭᠠᠢ ᠰᠡᠳᠬᠢᠵᠤ ᠨᠠᠷᠢᠨ ᠬᠢᠨᠠᠮᠠᠭᠠᠢ ᠦᠢᠯᠡᠳᠦᠯᠭᠡᠵᠢᠭᠦᠯᠤᠨ ᠨᠠᠷᠢᠨ ᠬᠢᠨᠠᠮᠠᠭᠠᠢ ᠣᠶᠢᠯᠠᠭᠠᠵᠤ᠂ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠵᠢᠱᠢᠯᠳᠠᠲᠦ ᠴᠢᠨᠠᠷ ᠪᠠ ᠰᠠᠨᠠᠭᠠᠴᠢᠯᠠᠭᠠᠲᠤ ᠴᠢᠨᠠᠷ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠥᠷᠭᠡᠨ ᠤᠯᠠᠨ ᠲᠤᠭ᠎ᠠ ᠪᠦᠷᠢᠳᠬᠡᠯ ᠤᠨ ᠠᠵᠢᠯᠳᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠪᠠᠳᠤ ᠦᠢᠯᠡᠳᠦᠯᠭᠡᠵᠢᠬᠦᠯᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠤᠨ ᠲᠤᠭ᠎ᠠ ᠪᠦᠷᠢᠳᠬᠡᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠲᠥᠯᠥᠭᠡ ᠲᠤᠭ᠎ᠠ ᠪᠦᠷᠢᠳᠬᠡᠯ ᠬᠢᠵᠦ ᠠᠷᠠᠳ ᠤᠨ ᠲᠥᠯᠥᠭᠡ ᠪᠠᠶᠢᠴᠠᠭᠠᠯᠲᠠ ᠬᠢᠬᠦ ᠬᠡᠷᠡᠭᠲᠡᠢ᠃ ᠡᠯ᠎ᠡ ᠱᠠᠲᠤᠨ ᠤ ᠬᠢᠨ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠭᠤ ᠲᠤᠰᠬᠠᠭᠰᠠᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠲᠠᠨᠢᠬᠤ ᠪᠠ ᠲᠡᠭᠦᠨ ᠳᠤ ᠬᠠᠨᠳᠤᠵᠤ᠂ ᠡᠷᠡᠰ ᠴᠡᠭᠴᠡᠯᠡᠨ ᠰᠠᠶᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠴᠢᠩᠭ᠎ᠠ ᠰᠠᠶᠢᠵᠢᠷᠠᠭᠤᠯᠤᠨ ᠪᠣᠳᠠᠲᠠᠶ ᠰᠠᠶᠢᠵᠢᠷᠠᠭᠤᠯᠵᠤ᠂ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ  ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠮᠠᠨ ᠤ ᠣᠷᠣᠨ ᠳᠤ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠰᠢᠨᠵᠢᠯᠡᠬᠦ ᠤᠬᠠᠭᠠᠨᠴᠢ ᠪᠥᠭᠡᠳ ᠪᠦᠷᠢᠨ ᠲᠡᠭᠦᠯᠳᠡᠷ ᠲᠤᠭ᠎ᠠ ᠪᠦᠷᠢᠳᠬᠡᠯ ᠤᠨ ᠭᠦᠶ᠋ᠴᠡᠳᠬᠡᠯ ᠲᠤᠭ᠎ᠠ ᠶᠢᠨ ᠰᠢᠰᠲ᠋ᠧᠮ ᠪᠣᠯᠤᠨ ᠬᠠᠮᠢᠶ᠎ᠠ ᠪᠥᠬᠦᠶ ᠪᠠᠶᠢᠴᠠᠭᠠᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠲᠤᠭ᠎ᠠ ᠪᠦᠷᠢᠳᠬᠡᠯ ᠤᠨ ᠬᠠᠤᠯᠢ ᠲᠣᠭᠲᠠᠭᠠᠯ ᠤᠨ ᠰᠢᠰᠲ᠋ᠧᠮ ᠢ ᠴᠢᠨᠠᠬᠰᠢᠳᠠ ᠲᠡᠭᠦᠯᠳᠡᠷᠵᠢᠭᠦᠯᠦᠨ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠲᠠᠯ ᠬᠡᠯᠡᠵᠤ ᠬᠤᠯᠤ ᠲᠠᠷᠢᠬᠤ  ᠦᠢᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠴᠢᠩᠭ᠎ᠠ ᠵᠠᠯᠬᠠᠭᠠᠨ ᠰᠢᠶ᠋ᠳᠬᠡᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠲᠥᠪ ᠴᠢᠩᠭ᠎ᠠ ᠴᠢᠨᠠᠷ᠂ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠦᠨ᠂ ᠦᠨᠡᠨ ᠬᠦ ᠴᠢᠨᠠᠷ ᠰᠠᠶᠢᠲᠠᠶ ᠲᠤᠭ᠎ᠠ ᠪᠦᠷᠢᠳᠬᠡᠯ ᠤᠨ  ᠦᠢᠯᠡᠴᠢᠯᠡᠭᠡ ᠪᠠᠷ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃
      ᠬᠤᠷᠠᠯ ᠠᠴᠠ ︽ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠯᠣᠭᠤᠳᠬᠤ ᠰᠠᠨᠠᠯ︾ ᠢ ᠬᠢᠨᠠᠨ ᠵᠥᠪᠯᠡᠵᠡᠢ᠃
      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ