ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠬᠤᠷᠢᠶ᠎ᠠ ᠲᠦᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ  ᠱᠢ ᠲᠠᠢ ᠹᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2021/4/12

      4 ᠰᠠᠷ᠎ᠠ ᠶᠢᠨ 9 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠬᠤᠷᠢᠶ᠎ᠠ ᠲᠦᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ᠲᠦᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ᠂ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠡᠨ ᠵᠦᠪᠯᠡᠵᠦ᠂ ᠬᠠᠤᠯᠢᠵᠢᠯ ᠤᠨ ᠪᠠᠶᠢᠭᠤᠯᠤᠯᠳᠠ ᠶᠢᠨ ᠭᠤᠤᠯᠳᠠᠯᠭ᠎ᠠ ᠲᠠᠢ ᠠᠵᠢᠯ ᠤᠨ ᠡᠬᠦᠷᠭᠡ ᠶᠢ ᠰᠤᠳᠤᠯᠤᠨ ᠪᠠᠶᠢᠷᠢᠯᠠᠭᠤᠯᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃
      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠬᠤᠷᠢᠶᠠᠨ ᠤ ᠳᠡᠳ᠋ ᠡᠷᠬᠢᠯᠡᠭᠴᠢ ᠯᠢᠨ ᠱᠤᠤ ᠴᠦᠨ ᠬᠤᠷᠠᠯ ᠳᠤ ᠤᠷᠤᠯᠴᠠᠪᠠ᠃
      ᠬᠤᠷᠠᠯ ᠠᠴᠠ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠰᠠᠨ 2020 ᠣᠨ ᠤ ᠠᠵᠢᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠦ᠂ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠬᠠᠤᠯᠢ ᠲᠤᠭᠳᠠᠭᠠᠬᠤ᠂ ᠬᠠᠤᠯᠢ ᠭᠡᠷᠡᠭᠵᠢᠬᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠵᠤ ᠬᠠᠤᠯᠢ ᠶᠢ ᠲᠦᠭᠡᠮᠡᠯᠵᠢᠬᠦᠯᠬᠦ 4 ᠵᠤᠬᠢᠴᠠᠭᠤᠯᠬᠤ ᠲᠤᠭᠤᠢᠢᠯᠠᠩ ᠤᠨ 2020 ᠣᠨ ᠤ ᠠᠵᠢᠯ ᠤᠨ ᠪᠠᠶᠢᠳᠠᠯ ᠪᠠ 2021 ᠣᠨ ᠤ ᠠᠵᠢᠯ ᠤᠨ ᠲᠤᠬᠢᠷᠠᠭᠤᠯᠤᠯᠳᠠ ᠶᠢᠨ ᠬᠠᠷᠢᠭᠤ ᠮᠡᠳᠡᠬᠦᠯᠦᠯᠳᠠ ᠶᠢ ᠰᠤᠨᠤᠰᠤᠨ᠂ ︽ᠲᠦᠪ ᠤᠨ ᠬᠠᠤᠯᠢ ᠪᠠᠷ ᠤᠯᠤᠰ ᠢᠶᠠᠨ ᠵᠠᠰᠠᠬᠤ ᠠᠯᠪᠡᠨ ᠭᠡᠷ ᠤᠨ ᠱᠠᠯᠠᠪᠳᠠᠭᠤᠯᠤᠨ ᠪᠠᠶᠢᠴᠠᠭᠠᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠦᠰᠦᠯ︾᠂ ︽ᠦᠪᠡᠷᠲᠡᠭᠡᠨ ᠵᠠᠰᠠᠬᠤ ᠤᠷᠤᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠬᠤᠷᠢᠶᠠᠨ ᠤ 2021 ᠣᠨ ᠤ ᠠᠵᠢᠯ ᠤᠨ ᠭᠤᠤᠯᠳᠠᠯᠭ᠎ᠠ︾᠂ ︽︿ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠬᠠᠤᠯᠢᠵᠢᠯ ᠤᠨ ᠪᠠᠶᠢᠭᠤᠯᠤᠯᠳᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠳᠠᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ ᠣᠨ ᠤ ᠲᠤᠰᠢᠶᠠᠯ ᠢᠶᠠᠨ ᠲᠤᠭᠠᠴᠢᠬᠤ ᠠᠭᠤᠯᠭ᠎ᠠ ᠳᠤ ᠤᠷᠤᠭᠤᠯᠬᠤ ᠠᠵᠢᠯ ᠤᠨ ᠲᠤᠬᠠᠢ ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠦᠰᠦᠯ︾ ᠢ ᠬᠢᠨᠡᠨ ᠵᠦᠪᠯᠡᠵᠦ ᠪᠠᠳᠤᠯᠠᠵᠠᠢ᠃
      ᠬᠤᠷᠠᠯ ᠠᠴᠠ᠂ ᠡᠨᠡ ᠵᠢᠯ ᠪᠤᠯ ︽ᠠᠷᠪᠡᠨ ᠲᠦᠷᠪᠡᠳᠦᠭᠡᠷ ᠲᠠᠪᠤᠨ ᠵᠢᠯ︾ ᠤᠨ ᠡᠬᠢᠯᠡᠯᠳᠠ ᠶᠢᠨ ᠵᠢᠯ ᠮᠦᠨ᠂ ᠦᠭᠡᠷᠡᠴᠢᠯᠡᠯᠳᠠ ᠬᠦᠭᠵᠢᠯᠳᠠ ᠲᠤᠭᠳᠠᠭᠤᠨ ᠤ ᠡᠬᠦᠷᠭᠡ ᠪᠡᠷᠭᠡ ᠬᠠᠳᠠᠭᠤᠵᠢᠯᠳᠠᠢ ᠪᠦᠭᠡᠳ ᠬᠦᠨᠳᠦ ᠨᠦᠰᠡᠷ ᠪᠠᠶᠢᠨ᠎ᠠ᠂ ᠡᠷᠭᠡᠪᠰᠢ ᠬᠠᠤᠯᠢᠵᠢᠯ ᠤᠨ ᠪᠠᠶᠢᠭᠤᠯᠤᠯᠳᠠ ᠶᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠨ ᠪᠦᠬᠦ ᠲᠠᠯ᠎ᠠ ᠪᠠᠷ ᠴᠢᠩᠭᠠᠳᠬᠠᠵᠦ᠂ ᠦᠨᠳᠦᠰᠦ ᠶᠢ ᠪᠠᠬᠢᠵᠢᠬᠦᠯᠬᠦ᠂ ᠵᠢᠱᠢᠯᠳᠠ ᠶᠢ ᠲᠤᠭᠳᠠᠪᠤᠷᠢᠵᠢᠭᠤᠯᠬᠤ᠂ ᠠᠯᠤᠰ ᠭᠡᠳᠦ ᠳᠤ ᠠᠰᠢᠬᠳᠠᠢ ᠪᠠᠶᠢᠯᠭᠠᠬᠤ ᠬᠠᠤᠯᠢᠵᠢᠯ ᠤᠨ ᠪᠠᠳᠤᠯᠠᠭ᠎ᠠ ᠶᠢᠨ ᠦᠢᠯᠡᠳᠦᠯ ᠢ ᠬᠦᠢᠴᠡᠳ ᠪᠠᠳᠠᠷᠠᠭᠤᠯᠬᠤ ᠭᠡᠷᠡᠭᠲᠡᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠡᠩ ᠦᠨᠳᠦᠷ ᠵᠤᠬᠰᠤᠴᠠ᠂ ᠨᠡᠩ ᠴᠢᠩᠭ᠎ᠠ ᠪᠠᠷᠢᠮᠵᠢᠶ᠎ᠠ᠂ ᠨᠡᠩ ᠪᠤᠳᠠᠳᠠᠢ ᠠᠷᠭ᠎ᠠ ᠭᠡᠮᠵᠢᠶ᠎ᠠ ᠪᠠᠷ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠡᠯ᠎ᠠ ᠵᠦᠢᠯ ᠤᠨ ᠠᠵᠢᠯ ᠢ ᠲᠦᠯᠦᠪᠵᠢᠬᠦᠯᠦᠨ ᠠᠬᠢᠭᠤᠯᠵᠦ᠂ ᠬᠠᠤᠯᠢ ᠶᠤᠰᠤᠭᠠᠷ ᠵᠠᠰᠠᠬᠤ ᠲᠦᠷᠢᠮ ᠤᠨ ᠲᠠᠪᠠᠭᠤᠯᠢᠬ ᠢ ᠨᠡᠩ ᠰᠠᠶᠢᠨ ᠵᠠᠰᠠᠯᠳᠠ ᠶᠢᠨ ᠦᠢᠯᠡᠳᠦᠯ ᠴᠢᠲᠠᠮᠵᠢ ᠪᠤᠯᠭᠠᠨ ᠬᠤᠪᠢᠷᠠᠭᠤᠯᠵᠤ᠂ ᠨᠡᠩ ᠬᠦᠴᠦᠳᠠᠢ ᠬᠠᠤᠯᠢᠵᠢᠯ ᠤᠨ ᠪᠠᠳᠤᠯᠠᠭ᠎ᠠ ᠪᠠᠷ ᠡᠯ᠎ᠠ ᠵᠦᠢᠯ ᠤᠨ ᠦᠢᠯᠡᠰ ᠤᠨ ᠬᠦᠭᠵᠢᠯᠳᠠ ᠶᠢ ᠠᠬᠢᠭᠤᠯᠬᠤ ᠭᠡᠷᠡᠭᠲᠡᠢ᠃ ᠲᠦᠪ ᠤᠨ ᠬᠠᠤᠯᠢ ᠪᠠᠷ ᠤᠯᠤᠰ ᠢᠶᠠᠨ ᠵᠠᠰᠠᠬᠤ ᠠᠯᠪᠡᠨ ᠭᠡᠷ ᠤᠨ ᠱᠠᠯᠠᠪᠳᠠᠭᠤᠯᠤᠨ ᠪᠠᠶᠢᠴᠠᠭᠠᠵᠦ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠪᠠ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠠᠵᠢᠯ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠴᠢᠬᠤᠯᠠ ᠭᠠᠷᠳᠠᠴᠠ ᠪᠠᠨ ᠪᠤᠯᠭᠠᠵᠦ᠂ ᠴᠡᠭᠴᠡᠯᠡᠨ ᠰᠠᠶᠢᠵᠢᠷᠠᠭᠤᠯᠬᠤ ᠲᠦᠰᠦᠯ ᠪᠠ ᠡᠯ᠎ᠠ ᠲᠦᠷᠦᠯ ᠤᠨ ᠨᠠᠷᠢᠨ ᠲᠠᠩᠰᠠ ᠲᠠᠢ ᠬᠠᠷᠭᠤᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠭᠡᠮᠵᠢᠶ᠎ᠠ ᠶᠢ ᠨᠠᠷᠢᠯᠢᠬᠵᠢᠭᠤᠯᠵᠤ᠂ ᠨᠠᠷᠢᠨ ᠲᠠᠩᠰᠠ ᠶᠢᠨ ᠬᠠᠮᠢᠶᠠᠷᠤᠯᠳᠠ ᠶᠢ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠬᠤ ᠡᠯ᠎ᠠ ᠵᠦᠢᠯ ᠤᠨ ᠠᠵᠢᠯ ᠢ ᠦᠨᠳᠦᠷ ᠪᠠᠷᠢᠮᠵᠢᠶ᠎ᠠ ᠦᠨᠳᠦᠷ ᠪᠦᠳᠦᠮᠵᠢᠳᠠᠢ ᠴᠢᠨᠠᠷ ᠰᠠᠶᠢᠳᠠᠢ ᠪᠠᠷ ᠰᠠᠶᠢᠳᠤᠷ ᠬᠢᠵᠦ᠂ ᠬᠠᠤᠯᠢᠵᠢᠯ ᠤᠨ ᠪᠠᠶᠢᠭᠤᠯᠤᠯᠳᠠ ᠶᠢᠨ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠵᠦ ᠨᠠᠷᠢᠯᠢᠬᠵᠢᠭᠤᠯᠬᠤ ᠶᠢ ᠠᠬᠢᠭᠤᠯᠬᠤ ᠭᠡᠷᠡᠭᠲᠡᠢ ᠭᠡᠵᠦ ᠵᠢᠭᠠᠵᠦ ᠭᠠᠷᠭᠠᠪᠠ᠃
      ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ ᠭᠤᠤᠯᠳᠠᠯᠭ᠎ᠠ ᠲᠠᠢ ᠭᠤᠬᠴᠤᠭ᠎ᠠ ᠶᠢ ᠠᠳᠬᠤᠵᠤ᠂ ᠴᠡᠭ ᠢᠶᠠᠷ ᠪᠦᠬᠦ ᠲᠠᠯ᠎ᠠ ᠶᠢ ᠲᠠᠶᠢᠴᠢᠯᠠᠨ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠠᠵᠢᠯ ᠢ ᠰᠠᠶᠢᠳᠤᠷ ᠬᠢᠬᠦ ᠭᠡᠷᠡᠭᠲᠡᠢ᠃ ᠬᠠᠤᠯᠢ ᠲᠤᠭᠳᠠᠭᠠᠬᠤ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠬᠦᠯᠵᠦ᠂ ᠲᠦᠪ ᠤᠨ ᠵᠤᠷᠢᠭ ᠰᠠᠨᠠᠭ᠎ᠠ ᠶᠢ ᠨᠡᠪᠳᠡᠷᠭᠡᠢ ᠤᠢᠢᠯᠠᠭᠠᠨ᠂ ᠤᠷᠤᠨ ᠤ ᠪᠤᠳᠠᠳᠤ ᠪᠠᠶᠢᠳᠠᠯ ᠢ ᠤᠨᠤᠪᠴᠢᠳᠠᠢ ᠡᠵᠡᠮᠳᠡᠵᠦ᠂ ᠬᠠᠤᠯᠢ ᠲᠤᠭᠳᠠᠭᠠᠬᠤ ᠲᠡᠰ ᠳᠠᠷᠠᠭᠠᠯᠠᠯ ᠢ ᠲᠦᠪ ᠴᠢᠩᠭ᠎ᠠ ᠪᠤᠯᠭᠠᠨ᠂ ᠭᠤᠤᠯᠳᠠᠯᠭ᠎ᠠ ᠲᠠᠢ ᠬᠦᠷᠢᠶ᠎ᠠ ᠶᠢ ᠲᠤᠪᠤᠶᠢᠯᠭᠠᠵᠦ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ᠂ ᠦᠨᠳᠦᠰᠦᠳᠡᠨ ᠤ ᠠᠵᠢᠯ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ᠂ ᠬᠦᠨᠳᠦ ᠶᠡᠭᠡ ᠠᠶᠦᠯ ᠲᠦᠭᠰᠢᠬᠦᠷ ᠶᠢ ᠰᠡᠷᠭᠡᠶᠢᠯᠡᠨ ᠰᠢᠢᠳᠪᠤᠷᠢᠯᠡᠬᠦ ᠵᠡᠷᠭᠡ ᠭᠤᠤᠯᠳᠠᠯᠭ᠎ᠠ ᠲᠠᠢ ᠬᠦᠷᠢᠶᠡᠨ ᠤ ᠬᠠᠤᠯᠢ ᠲᠤᠭᠳᠠᠭᠠᠬᠤ ᠠᠵᠢᠯ ᠢ ᠢᠳᠡᠪᠬᠢᠳᠠᠢ ᠠᠬᠢᠭᠤᠯᠵᠦ᠂ ᠬᠠᠤᠯᠢ ᠲᠤᠭᠳᠠᠭᠠᠯ ᠤᠨ ᠰᠢᠰᠲ᠋ᠧᠮ ᠢ ᠠᠯᠬᠤᠮ ᠠᠯᠬᠤᠮ ᠢᠶᠠᠷ ᠳᠡᠬᠦᠯᠳᠡᠷᠵᠢᠬᠦᠯᠦᠨ᠂ ᠦᠨᠡᠨ ᠬᠦ ᠰᠠᠶᠢᠨ ᠬᠠᠤᠯᠢ ᠪᠠᠷ ᠬᠦᠭᠵᠢᠯᠳᠠ ᠶᠢ ᠠᠬᠢᠭᠤᠯᠤᠨ ᠠᠷᠠᠳ ᠤᠨ ᠠᠮᠢᠳᠤᠷᠠᠯ ᠳᠤ ᠠᠰᠢᠬ ᠬᠦᠷᠳᠡᠭᠡᠵᠦ ᠴᠢᠳᠠᠮᠠᠭᠠᠢ ᠵᠠᠰᠠᠯᠳᠠ ᠶᠢ ᠪᠠᠳᠤᠯᠠᠬᠤ ᠭᠡᠷᠡᠭᠲᠡᠢ᠃ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠳᠦ ᠪᠤᠳᠤᠯᠭ᠎ᠠ ᠲᠤᠭᠲᠠᠭᠠᠬᠤ ᠲᠡᠰ ᠳᠠᠷᠠᠭᠠᠯᠠᠯ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠠ᠂ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠪᠠᠶᠢᠭᠤᠯᠤᠮᠵᠢ ᠶᠢᠨ ᠦᠭᠡᠷᠡᠴᠢᠯᠡᠯᠳᠠ᠂ ᠵᠠᠰᠠᠭ ᠵᠠᠬᠢᠷᠭᠠᠨ ᠤ ᠲᠠᠬᠢᠨ ᠵᠦᠪᠯᠡᠬᠦ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠨᠢᠭᠡᠳᠦᠯᠳᠠᠢ ᠲᠦᠯᠦᠪᠵᠢᠬᠦᠯᠦᠨ ᠠᠬᠢᠭᠤᠯᠵᠦ᠂ ᠡᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠲᠡᠷᠡ ᠶᠤᠰᠤᠭᠠᠷ ᠨᠢ ᠭᠡᠷᠡᠭᠵᠢᠬᠦᠯᠵᠦ᠂ ᠲᠦᠪ ᠭᠤᠤᠯᠴᠢ ᠪᠤᠯᠪᠠᠰᠤᠨ ᠢᠶᠠᠷ ᠬᠠᠤᠯᠢ ᠭᠡᠷᠡᠭᠵᠢᠬᠦᠯᠬᠦ ᠶᠢ ᠴᠢᠩᠳᠠᠯᠠᠨ ᠵᠢᠷᠤᠮᠵᠢᠭᠤᠯᠵᠦ᠂ ᠲᠤᠰᠢᠶᠠᠯ ᠬᠠᠷᠢᠭᠤᠴᠠᠯᠭ᠎ᠠ ᠳᠤᠳᠤᠷᠬᠠᠢ ᠮᠦᠷᠳᠡᠬᠡᠨ ᠬᠠᠤᠯᠢ ᠶᠤᠰᠤᠭᠠᠷ ᠵᠠᠰᠠᠭ ᠶᠠᠪᠤᠭᠤᠯᠤᠭᠰᠠᠨ ᠵᠠᠰᠠᠭ ᠤᠨ ᠤᠷᠳᠤᠨ ᠤ ᠵᠠᠰᠠᠯᠳᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠭᠡᠷᠡᠭᠲᠡᠢ᠃ ᠲᠦᠪ ᠭᠤᠤᠯᠴᠢ ᠪᠠᠷ ᠬᠠᠤᠯᠢ ᠪᠠᠷᠢᠬᠤ ᠶᠢ ᠶᠡᠭᠡ ᠪᠠᠷ ᠠᠬᠢᠭᠤᠯᠵᠦ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠶᠡᠷᠦᠩᠭᠡᠶᠢᠯᠡᠭᠰᠡᠨ ᠪᠦᠷᠢᠨ ᠲᠦᠬᠦᠷ ᠦᠭᠡᠷᠡᠴᠢᠯᠡᠯᠳᠠ ᠶᠢ ᠦᠷᠬᠦᠯᠵᠢᠯᠡᠨ ᠬᠦᠨᠵᠡᠭᠡᠶᠢᠷᠡᠬᠦᠯᠵᠦ᠂ ᠬᠠᠤᠯᠢ ᠴᠠᠭᠠᠵᠠ ᠶᠢᠨ ᠬᠢᠵᠠᠭᠠᠷᠯᠠᠯ ᠤᠨ ᠬᠢᠨᠠᠯᠳᠠ ᠲᠠᠯᠪᠢᠯᠳᠠ ᠶᠢ ᠴᠢᠩᠭᠠᠳᠬᠠᠨ᠂ ᠬᠠᠤᠯᠢ ᠴᠠᠭᠠᠵᠠ ᠶᠢ ᠢᠯᠠ ᠪᠤᠯᠭᠠᠬᠤ ᠠᠵᠢᠯ ᠢ ᠬᠦᠨᠵᠡᠭᠡᠢ ᠠᠬᠢᠭᠤᠯᠵᠦ᠂ ᠨᠡᠭᠡᠭᠡᠯᠳᠠ ᠲᠠᠢ᠂ ᠬᠦᠳᠡᠯᠦᠩᠬᠦᠢ᠂ ᠢᠯᠠ ᠳᠤᠳᠤ᠂ ᠠᠷᠠᠳ ᠲᠤ ᠲᠦᠬᠦᠮ ᠦᠵᠡᠬᠦᠯᠦᠭᠰᠡᠨ ᠢᠯᠠ ᠳᠤᠳᠤᠷᠬᠠᠢ ᠬᠠᠤᠯᠢ ᠴᠠᠭᠠᠵᠠ ᠶᠢᠨ ᠲᠤᠭᠳᠠᠴᠠ ᠶᠢ ᠬᠦᠴᠦᠯᠡᠨ ᠪᠠᠶᠢᠭᠤᠯᠵᠦ᠂ ᠠᠷᠠᠳ ᠤᠯᠠᠨ ᠳᠤ ᠬᠠᠤᠯᠢ ᠴᠠᠭᠠᠵᠠ ᠶᠢᠨ ᠭᠡᠷᠡᠭ ᠪᠤᠯᠭᠠᠨ ᠠᠴᠠ ᠲᠦᠪ ᠭᠤᠤᠯᠴᠢ ᠰᠢᠳᠤᠷᠭᠤ ᠶᠤᠰᠤ ᠶᠢ ᠮᠡᠳᠡᠷᠡᠬᠦᠯᠬᠦ ᠪᠠᠷ ᠴᠢᠷᠮᠠᠶᠢᠬᠤ ᠭᠡᠷᠡᠭᠲᠡᠢ᠃ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠳᠠ ᠶᠢ ᠬᠦᠨᠵᠡᠭᠡᠢ ᠰᠠᠶᠢᠳᠤᠷ ᠠᠳᠬᠤᠵᠦ᠂ ᠦᠪᠡᠷᠲᠡᠭᠡᠨ ᠵᠠᠰᠠᠬᠤ ᠤᠷᠤᠨ ᠤ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠦᠯᠦᠪᠵᠢᠬᠦᠯᠭᠡ ᠶᠢ ᠴᠠᠭ ᠢ ᠠᠮᠵᠢᠨ ᠲᠤᠭᠳᠠᠭᠠᠨ ᠭᠡᠷᠡᠭᠵᠢᠬᠦᠯᠵᠦ᠂ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ᠂ ᠨᠡᠶᠢᠭᠡᠮ ᠤᠨ ᠵᠦᠷᠢᠴᠡᠯ ᠵᠠᠭᠤᠷᠠᠭᠠᠨ ᠢ ᠤᠯᠠᠨ ᠡᠰᠢᠴᠢᠯᠡᠨ ᠡᠶᠡᠳᠡᠬᠦᠯᠵᠤ ᠰᠢᠢᠳᠪᠤᠷᠢᠯᠡᠬᠦ ᠲᠤᠭᠳᠠᠴᠠ ᠶᠢᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠦ᠂ ᠠᠷᠠᠳ ᠤᠯᠠᠨ ᠤ ᠬᠠᠤᠯᠢᠵᠢᠯ ᠤᠨ ᠤᠬᠠᠮᠰᠠᠷ ᠪᠠ ᠬᠠᠤᠯᠢᠵᠢᠯ ᠤᠨ ᠬᠡᠪ ᠪᠤᠯᠪᠠᠰᠤᠷᠠᠯ ᠢ ᠳᠠᠰᠤᠷᠠᠯᠳᠠ ᠦᠭᠡᠢ ᠴᠢᠩᠭᠠᠳᠬᠠᠬᠤ ᠭᠡᠷᠡᠭᠲᠡᠢ᠃ ᠬᠠᠤᠯᠢᠵᠢᠬᠰᠠᠨ ᠬᠤᠳᠠᠯᠳᠤᠭ᠎ᠠ ᠡᠷᠭᠢᠯᠡᠬᠦ ᠤᠷᠴᠢᠨ ᠨᠦᠬᠦᠴᠡᠯ ᠢ ᠬᠦᠴᠦᠯᠡᠨ ᠪᠤᠢ ᠪᠤᠯᠭᠠᠵᠦ᠂ ᠡᠯ᠎ᠠ ᠲᠦᠷᠦᠯ ᠤᠨ ᠦᠮᠴᠢᠯᠡᠯ ᠤᠨ ᠲᠦᠷᠢᠮᠳᠦ ᠠᠵᠤ ᠠᠬᠤᠢᠢᠯᠠᠯ ᠤᠨ ᠬᠠᠤᠯᠢ ᠶᠤᠰᠤᠨ ᠤ ᠡᠷᠭᠡ ᠠᠰᠢᠬ ᠢ ᠬᠠᠤᠯᠢ ᠶᠤᠰᠤᠭᠠᠷ ᠡᠷᠭᠡ ᠲᠡᠭᠰᠢ ᠬᠠᠮᠠᠭᠠᠯᠠᠵᠦ᠂ ᠠᠵᠤ ᠠᠬᠤᠢᠢᠯᠠᠯ ᠤᠨ ᠬᠢᠨ ᠤ ᠲᠤᠰᠬᠠᠯ ᠢᠶᠠᠷ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠳᠤ ᠴᠢᠭᠯᠡᠬᠦᠯᠦᠨ ᠲᠤᠰᠬᠠᠢ ᠴᠡᠭᠴᠡᠯᠡᠨ ᠵᠠᠰᠠᠬᠤ ᠪᠠ ᠶᠡᠷᠦᠩᠭᠡᠶᠢᠯᠡᠨ ᠵᠠᠰᠠᠬᠤ ᠠᠵᠢᠯ ᠢ ᠲᠦᠪᠯᠡᠷᠡᠬᠦᠯᠦᠨ ᠦᠷᠨᠢᠬᠦᠯᠵᠦ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠤᠨ ᠬᠠᠤᠯᠢᠵᠢᠯ ᠤᠨ ᠰᠢᠰᠲ᠋ᠧᠮ ᠢ ᠲᠠᠰᠤᠷᠠᠯᠳᠠ ᠦᠭᠡᠢ ᠳᠡᠬᠦᠯᠳᠡᠷᠵᠢᠬᠦᠯᠦᠨ᠂ ᠵᠠᠬ᠎ᠠ ᠳᠡᠯᠭᠡᠬᠦᠷ ᠤᠨ ᠭᠤᠤᠯ ᠴᠤᠬᠴᠠ ᠶᠢᠨ ᠠᠮᠢᠵᠢᠷᠠᠯ ᠤᠨ ᠬᠦᠴᠦᠨ ᠢ ᠬᠦᠢᠴᠡᠳ ᠬᠦᠭᠵᠢᠭᠡᠬᠦ ᠭᠡᠷᠡᠭᠲᠡᠢ᠃ ᠡᠯ᠎ᠠ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠢᠢᠯᠠᠩ︶ ᠶᠢᠨ ᠬᠢᠨ ᠨᠠᠮ ᠤᠨ ᠤᠳᠤᠷᠢᠳᠤᠯᠭ᠎ᠠ ᠶᠢ ᠬᠠᠤᠯᠢᠵᠢᠯ ᠤᠨ ᠪᠠᠶᠢᠭᠤᠯᠤᠯᠳᠠ ᠶᠢᠨ ᠪᠦᠬᠦ ᠶᠠᠪᠤᠴᠠ ᠪᠠ ᠡᠯ᠎ᠠ ᠲᠠᠯ᠎ᠠ ᠳᠤ ᠢᠯᠡᠷᠡᠬᠦᠯᠬᠦ ᠶᠢ ᠴᠢᠩᠭᠠᠳᠬᠠᠵᠦ᠂ ᠡᠯ᠎ᠠ ᠱᠠᠳᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠬᠠᠤᠯᠢᠵᠢᠯ ᠤᠨ ᠪᠠᠶᠢᠭᠤᠯᠤᠯᠳᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠳᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠳᠤᠷ ᠬᠦᠢᠴᠡᠳᠭᠡᠨ᠂ ᠳᠡᠭᠡᠳᠦ ᠲᠤᠤᠷᠠᠳᠦ ᠱᠠᠳᠤ ᠪᠠᠷ ᠢᠶᠠᠨ ᠨᠡᠪᠳᠡᠷᠡᠯᠴᠡᠭᠰᠡᠨ᠂ ᠭᠡᠷᠡᠭᠵᠢᠬᠦᠯᠦᠯᠳᠠ ᠴᠢᠩᠭ᠎ᠠ ᠬᠦᠴᠦᠳᠠᠢ ᠠᠵᠢᠯ ᠤᠨ ᠲᠤᠭᠳᠠᠴᠠ ᠶᠢ ᠪᠦᠷᠢᠨᠰᠢᠬᠦᠯᠵᠦ᠂ ᠱᠠᠯᠠᠪᠳᠠᠭᠤᠯᠤᠨ ᠪᠠᠶᠢᠴᠠᠭᠠᠬᠤ ︽ᠬᠤᠷᠴᠠ ᠰᠡᠯᠡᠮ᠎ᠠ︾ ᠶᠢ ᠰᠠᠶᠢᠳᠤᠷ ᠠᠰᠢᠬᠯᠠᠨ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠬᠦᠴᠦᠳᠠᠢ ᠠᠳᠬᠤᠵᠦ᠂ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠡᠯ᠎ᠠ ᠵᠦᠢᠯ ᠤᠨ ᠡᠬᠦᠷᠭᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠪᠠ᠃
      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠬᠤᠷᠢᠶᠠᠨ ᠤ ᠭᠡᠰᠢᠬᠦᠨ ᠯᠢᠦ ᠴᠢ ᠹᠠᠨ᠂ ᠪᠠᠢ ᠢᠤᠢ ᠭᠠᠩ᠂ ᠶᠠᠩ ᠸᠧᠢ ᠳ᠋ᠦᠩ᠂ ᠵᠠᠩ ᠱᠤᠤ ᠴᠦᠨ᠂ ᠾᠧᠩ ᠰᠢᠶᠤᠤ ᠹᠠᠨ᠂ ᠸᠧᠢ ᠬᠦᠸᠧ ᠨᠠᠨ᠂ ᠶᠠᠩ ᠽᠦᠩ ᠷᠧᠨ᠂ ᠯᠢ ᠴᠢ ᠯᠢᠨ ᠨᠠᠷ ᠬᠤᠷᠠᠯ ᠳᠤ ᠤᠷᠤᠯᠴᠠᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠬᠤᠷᠢᠶᠠᠨ ᠤ ᠡᠯ᠎ᠠ ᠵᠤᠬᠢᠴᠠᠭᠤᠯᠬᠤ ᠲᠤᠭᠤᠢᠢᠯᠠᠩ ᠤᠨ ᠪᠦᠷᠢᠯᠳᠦᠬᠦᠨ ᠬᠤᠷᠠᠯ ᠳᠤ ᠤᠷᠤᠯᠴᠠᠨ᠂ ᠬᠤᠯᠪᠤᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ