ᠵᠢᠯ ᠤᠨ ᠡᠴᠦᠰ ᠪᠣᠯᠬᠤ ᠳᠤ ᠥᠪᠥᠷ ᠮᠣᠩᠭᠤᠯ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠲᠤᠭ᠎ᠠ ᠬᠡᠮᠵᠢᠶ᠎ᠡ ᠶᠢ 400 ᠳᠤ ᠬᠦᠷᠦᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2021/4/12

      4 ᠳ᠋ᠦ᠋ᠭᠡᠷ ᠰᠠᠷ᠎ᠠ ᠶᠢᠨ 8 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠪᠥᠬᠦ ᠣᠷᠣᠨ ᠤ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠪᠦᠷᠢᠳᠬᠡᠨ ᠳᠡᠩᠰᠡᠯᠡᠵᠦ ᠨᠡᠶᠢᠳᠡᠮ ᠪᠠᠶᠢᠴᠠᠭᠠᠵᠤ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠪᠠᠲᠤᠯᠠᠵᠤ᠂ ᠡᠨᠡ ᠵᠢᠯ ᠤᠨ ᠡᠴᠦᠰ ᠪᠣᠯᠬᠤ ᠳᠤ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠲᠤᠭ᠎ᠠ ᠬᠡᠮᠵᠢᠶ᠎ᠡ ᠶᠢ 400 ᠳᠤ ᠬᠦᠷᠦᠭᠦᠯᠬᠦ ᠪᠠᠷ ᠪᠠᠶᠢᠨ᠎ᠠ᠃
      ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠪᠥᠬᠦ ᠣᠷᠣᠨ ᠤ ᠨᠡᠶᠢᠲᠡ 274 ᠪᠦᠲᠦᠭᠡᠭᠳᠡᠬᠦᠨ ᠳᠤ ᠨᠤᠲᠠᠯᠠᠯᠲᠠ ᠬᠢᠬᠦ ᠪᠠᠷ ᠳᠠᠮᠵᠢᠨ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ︾ ᠳᠤ ᠣᠷᠣᠭᠤᠯᠵᠤ᠂ ᠪᠥᠬᠦ ᠤᠯᠤᠰ ᠤᠨ ᠨᠢᠭᠡᠳᠦᠭᠡᠷ ᠲᠤ ᠣᠷᠣᠵᠤ᠂ ᠦᠢᠯᠡᠳᠪᠦᠷᠢᠯᠡᠯ ᠤᠨ ᠬᠡᠪᠴᠢᠶ᠎ᠡ᠂ ᠦᠢᠯᠡᠳᠪᠦᠷᠢᠯᠡᠯ ᠤᠨ ᠠᠵᠤ ᠠᠬᠤᠶᠢᠯᠠᠯ ᠨᠢ ᠴᠥᠮ ᠪᠥᠬᠦ ᠤᠯᠤᠰ ᠤᠨ ᠲᠡᠷᠢᠭᠦᠨ ᠤ ᠡᠩᠨᠡᠭᠡᠨ ᠳᠤ ᠤᠷᠤᠭᠰᠠᠨ ᠪᠠᠶᠢᠨ᠎ᠠ᠃ ᠰᠣᠩᠭᠤᠭᠳᠠᠭᠰᠠᠨ ᠪᠦᠲᠦᠭᠡᠭᠳᠡᠬᠦᠨ ᠨᠢ ᠴᠥᠮ ᠡᠯ᠎ᠡ ᠠᠶᠢᠮᠠᠭ ᠬᠤᠳᠠ ᠲᠤᠬᠠᠢ ᠶᠢᠨ ᠭᠠᠵᠠᠷ ᠤᠨ ᠣᠨᠴᠠᠭᠠᠢ ᠡᠬᠢ ᠪᠠᠶᠠᠯᠢᠭ ᠲᠤ ᠪᠠᠨ ᠲᠦᠰᠢᠭᠯᠡᠨ ᠦᠢᠯᠡᠳᠪᠦᠷᠢᠯᠡᠵᠦ᠂ ᠥᠪᠡᠷᠮᠢᠴᠡ ᠰᠢᠮ᠎ᠡ ᠲᠡᠵᠢᠭᠡᠯ ᠤᠨ ᠴᠢᠨᠠᠷ ᠤᠨ ᠣᠨᠴᠠᠯᠢᠭ ᠲᠠᠢ᠂ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠪᠠ ᠦᠷᠢᠰᠦᠯᠳᠦᠬᠦ ᠬᠦᠴᠦᠨ ᠢᠶᠠᠷ ᠮᠠᠰᠢ ᠴᠢᠩᠭ᠎ᠠ ᠪᠦᠲᠦᠭᠡᠭᠳᠡᠬᠦᠨ ᠪᠣᠯᠤᠨ᠎ᠠ᠃ ᠲᠠᠷᠢᠶᠠᠯᠠᠩ᠂ ᠮᠠᠯ ᠵᠢᠭᠦᠷᠲᠡᠨ᠂ ᠤᠰᠤᠨ ᠭᠠᠷᠤᠯᠲᠠ ᠪᠠ ᠴᠠᠭᠠᠨ ᠢᠳᠡᠭᠡᠨ ᠤ ᠵᠦᠢᠯ ᠵᠡᠷᠭᠡ 4 ᠶᠡᠭᠡ ᠲᠥᠷᠥᠯ ᠢ ᠬᠠᠮᠤᠷᠴᠤ᠂ ᠡᠭᠦᠨ ᠳᠤ ᠲᠠᠷᠢᠮᠠᠯ ᠤᠨ ᠵᠦᠢᠯᠡᠰ 189 ᠪᠠᠶᠢᠵᠤ᠂ ᠲᠣᠭᠲᠠᠬᠤ ᠰᠢᠶᠠᠨ ᠤ ᠯᠠᠵᠤᠤ᠂ ᠴᠢᠩ ᠱᠦᠶ ᠾᠧ ᠶᠢᠨ ᠠᠮᠤ᠂ ᠳ᠋ᠧᠩᠺᠸᠦ ᠰᠢᠶᠠᠨ ᠤ ᠬᠤᠸᠠ ᠯᠠᠢ ᠱᠢ ᠪᠠᠯᠲᠤ ᠬᠡᠮᠬᠡ᠂ ᠰᠢᠨᠬᠤᠸᠠ ᠭᠤᠭᠤᠳ ᠵᠡᠷᠭᠡ ᠣᠯᠠᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠰᠣᠩᠭᠤᠭᠳᠠᠨ ᠣᠷᠣᠵᠠᠢ᠃ ᠲᠡᠵᠢᠭᠡᠨ ᠦᠷᠡᠵᠢᠭᠦᠯᠬᠦ ᠦᠢᠯᠡᠰ ᠲᠤ ᠥᠪᠥᠷ ᠮᠣᠩᠭᠤᠯ ᠤᠨ ᠳᠠᠪᠠᠭᠤᠯᠢᠭ ᠣᠨᠴᠠᠯᠢᠭ ᠲᠠᠢ ᠦᠵᠦᠮᠦᠴᠢᠨ ᠬᠤᠨᠢᠨ ᠮᠢᠬ᠎ᠠ᠂ ᠬᠤᠷᠴᠢᠨ ᠦᠬᠡᠷ ᠤᠨ ᠪᠣᠷᠴᠠ᠂ ᠠᠷᠪᠠᠰ ᠢᠮᠠᠭᠠᠨ ᠮᠢᠬ᠎ᠠ᠂ ᠰᠠᠨ ᠾᠧ ᠦᠬᠡᠷ ᠵᠡᠷᠭᠡ 67 ᠵᠦᠢᠯ ᠤᠨ ᠪᠦᠲᠦᠭᠡᠭᠳᠡᠬᠦᠨ ᠰᠣᠩᠭᠤᠭᠳᠠᠪᠠ᠃ ᠵᠢᠭᠠᠰᠤᠨ ᠠᠵᠤ ᠠᠬᠤᠶ ᠳᠤ ᠤᠯᠠᠭᠠᠨᠰᠤᠬᠠᠶ ᠶᠢᠨ ᠬᠡᠯᠲᠡᠭᠡ ᠵᠢᠭᠠᠰᠤ᠂ ᠲᠣᠭᠲᠠᠬᠤ ᠰᠢᠶᠠᠨ ᠤ ᠬᠠᠲᠤᠨ ᠭᠤᠤᠯ ᠤᠨ ᠮᠥᠷᠭᠦ ᠵᠢᠭᠠᠰᠤ ᠵᠡᠷᠭᠡ 9 ᠪᠦᠲᠦᠭᠡᠭᠳᠡᠬᠦᠨ ᠪᠣᠶ᠂ ᠡᠭᠦᠨ ᠠᠴᠠ ᠭᠠᠳᠠᠨ᠎ᠠ ᠪᠠᠰᠠ ᠬᠡᠷᠡᠭᠯᠡᠭᠴᠢᠳ ᠤᠨ ᠲᠠᠭᠠᠰᠢᠶᠠᠯ ᠢ ᠣᠯᠤᠭᠰᠠᠨ ᠪᠠᠭᠠᠷᠢᠨ ᠪᠠᠷᠠᠭᠤᠨ ᠬᠤᠰᠢᠭᠤᠨ ᠤ ᠬᠤᠷᠤᠳ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠷ᠎ᠠ ᠲᠣᠰᠣ᠂ ᠦᠦᠰᠢᠨ ᠤ ᠥᠷᠥᠮ᠎ᠡ ᠵᠡᠷᠭᠡ 9 ᠠᠩᠬ᠎ᠠ ᠡᠳ᠋ᠰᠢᠭᠦᠯᠭᠡ ᠶᠢᠨ ᠴᠠᠭᠠᠨ ᠢᠳᠡᠭᠡ ᠪᠠᠭᠲᠠᠵᠤ ᠪᠣᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ