ᠲᠦᠩᠯᠢᠶᠣᠤ ᠬᠤᠲᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠤ ᠪᠤᠢ
ᠨᠡᠶᠢᠲᠡᠯᠡᠭᠰᠡᠨ ᠴᠠᠭ᠄
2021/4/13

     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠲᠥᠩᠯᠢᠶᠤᠤ ᠬᠤᠲᠠ ᠶᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠥᠷᠨᠢᠭᠦᠯᠵᠦ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ᠂ ︽ᠴᠢᠬᠡᠴᠢ ᠰᠤᠷᠲᠠᠯ ᠢᠶᠠᠷ ᠬᠥᠲᠥᠯᠥᠨ ᠳᠠᠭᠠᠭᠤᠯᠬᠤ︾᠎ ᠶᠢ ᠠᠬᠢᠭᠤᠯᠬᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ᠂ ᠠᠵᠤ ᠠᠬᠤᠶᠢᠯᠠᠯ ᠲᠠᠢ ᠬᠤᠯᠪᠣᠭᠳᠠᠬᠤ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ ᠨᠥᠭᠦᠴᠡᠯ ᠢ ᠪᠤᠢ ᠪᠣᠯᠭᠠᠬᠤ ᠲᠠᠢ ᠤᠶᠠᠯᠳᠤᠭᠤᠯᠥᠨ ᠪᠣᠳᠠᠲᠤ ᠶᠠᠪᠤᠳᠠᠯ ᠬᠢᠬᠦ ᠪᠠᠷ ᠢᠯᠡ ᠠᠮᠠᠯᠳᠠᠬᠤ ᠠᠵᠢᠯᠯᠠᠭ᠎ᠠ ᠥᠷᠨᠢᠭᠦᠯᠵᠤ ᠪᠠᠶᠢᠨ᠎ᠠ᠃
     ᠲᠤᠰ ᠬᠤᠳᠠ ᠶᠢᠨ ᠡᠯ᠎ᠡ ᠰᠠᠯᠠᠭ᠎ᠠ ᠮᠥᠴᠢᠷ ᠲᠣᠰ ᠪᠡᠶ᠎ᠡ ᠶᠢᠨ ᠡᠭᠦᠷᠭᠡ ᠴᠢᠳᠠᠪᠬᠢ ᠲᠠᠢ ᠪᠠᠨ ᠤᠶᠠᠯᠳᠤᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠪᠡᠷᠬᠡᠰᠢᠶᠡᠯ ᠲᠠᠢ᠂ ᠬᠦᠴᠢᠷ ᠲᠠᠢ᠂ ᠲᠦᠪᠡᠭ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠰᠠᠶᠢᠵᠢᠷᠠᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠢᠯᠡ ᠠᠮᠠᠯᠠᠯᠲᠠ ᠶᠢᠨ ᠵᠦᠢᠯᠡᠰ ᠢᠶᠠᠨ ᠬᠢᠨᠠᠮᠠᠭᠠᠶ ᠰᠤᠳᠤᠯᠵᠤ᠂ ᠰᠢᠰᠲ᠋ᠧᠮ ᠲᠠᠢ ᠡᠮᠬᠢᠯᠡᠨ᠂ ᠲᠧᠯᠸᠢᠰ ᠳᠡᠭᠡᠷ᠎ᠡ ᠨᠡᠪᠲᠡᠷᠡᠭᠦᠯᠬᠦ᠂ ᠰᠣᠨᠢᠨ ᠳᠡᠭᠡᠷ᠎ᠡ ᠨᠡᠶᠢᠲᠡᠯᠡᠬᠦ᠂ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠬᠤ ᠵᠡᠷᠭᠡ ᠠᠷᠭ᠎ᠠ ᠪᠠᠷ ᠨᠡᠶᠢᠭᠡᠮ ᠨᠡᠶᠢᠲᠡ ᠳᠤ ᠪᠣᠳᠠᠲᠤ ᠶᠠᠪᠤᠳᠠᠯ ᠬᠢᠬᠦ ᠠᠮᠠᠯᠠᠯᠲᠠ ᠪᠠᠨ ᠢᠯᠡ ᠨᠡᠶᠢᠲᠡᠯᠡᠵᠤ ᠪᠠᠶᠢᠨ᠎ᠠ᠃
     ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠮᠠᠯᠠᠯᠲᠠ ᠶᠢᠨ ᠠᠵᠢᠯᠯᠠᠭ᠎ᠠ ᠶᠢ ᠨᠠᠩ ᠰᠠᠶᠢᠲᠤᠷ ᠥᠷᠨᠢᠭᠦᠯᠬᠦ ᠶᠢᠨ ᠲᠥᠯᠥᠭᠡ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠠᠮᠠᠯᠠᠯᠲᠠ ᠪᠠᠨ ᠦᠢᠯᠡᠳᠦᠯᠭᠡᠵᠢᠭᠦᠯᠵᠦ᠂ ᠱᠠᠩᠨᠠᠵᠤ ᠲᠣᠷᠭᠠᠬᠤ ᠠᠮᠠᠯᠠᠯᠲᠠ ᠪᠠᠨ ᠭᠦᠢᠴᠡᠳᠬᠡᠨ᠂ ᠠᠮᠠᠯᠠᠯᠲᠠ ᠶᠢᠨ ᠵᠦᠢᠯᠡᠰ ᠢ ᠢᠯᠡ ᠪᠣᠯᠭᠠᠬᠤ ᠶᠢ ᠴᠢᠩᠭ᠎ᠠ ᠠᠩᠬᠠᠷᠴᠤ᠂ ᠠᠵᠢᠯ ᠬᠢᠬᠦ ᠶᠢ ᠲᠡᠷᠢᠭᠦᠨ ᠳᠤ ᠲᠠᠯᠪᠢᠬᠤ᠂ ᠪᠣᠳᠠᠲᠠᠶ ᠬᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠠᠮᠠᠯᠠᠯᠲᠠ ᠶᠢᠨ ᠵᠦᠢᠯᠡᠰ ᠢ ᠠᠬᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠰᠤᠳᠤᠯᠤᠨ ᠮᠠᠭᠠᠳᠯᠠᠵᠤ᠂ ᠠᠮᠠᠯᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠡᠮᠬᠢᠯᠡᠨ ᠳᠢᠭᠯᠡᠵᠦ᠂ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠨ᠂ ᠠᠬᠤᠢ ᠲᠠᠯᠠᠪᠠᠢ ᠳᠤ ᠬᠢᠨᠠᠨ ᠪᠠᠶᠢᠴᠠᠭᠠᠬᠤ᠂ ᠬᠠᠮᠲᠤ ᠪᠠᠷ ᠬᠢᠨᠠᠨ ᠪᠠᠶᠢᠴᠠᠭᠠᠬᠤ᠂ ᠲᠤᠰᠬᠠᠶ ᠬᠢᠨᠠᠨ ᠪᠠᠶᠢᠴᠠᠭᠠᠬᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠵᠡᠷᠭᠡ ᠬᠡᠯᠪᠡᠷᠢ ᠪᠠᠷ ᠡᠯ᠎ᠡ ᠰᠠᠯᠠᠭ᠎ᠠ ᠮᠥᠴᠢᠷ ᠤᠨ ︽ᠠᠮᠠᠯᠠᠯᠲᠠ ᠬᠢᠭᠰᠡᠨ︾ ᠠᠭᠤᠯᠭ᠎ᠠ ᠶᠢ ᠮᠥᠷᠳᠡᠨ ᠪᠠᠶᠢᠴᠠᠭᠠᠵᠤ᠂ ᠪᠥᠬᠦ ᠶᠠᠪᠤᠴᠠ ᠶᠢ ᠬᠢᠨᠠᠨ ᠭᠦᠢᠴᠡᠳᠬᠡᠯᠭᠡᠵᠦ᠂ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠵᠠᠷᠯᠠᠨ ᠮᠡᠳᠡᠭᠳᠡᠵᠤ ᠪᠠᠶᠢᠨ᠎ᠠ᠃
     ᠲᠤᠰ ᠬᠤᠲᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠴᠢᠩᠭ᠎ᠠ ᠬᠠᠷᠢᠭᠤᠴᠠᠯᠭᠠᠲᠤ ᠤᠬᠠᠮᠰᠠᠷ᠂ ᠡᠭᠦᠷᠭᠡᠯᠡᠯ ᠤᠨ ᠤᠬᠠᠮᠰᠠᠷ ᠪᠠ ᠲᠤᠯᠭᠠᠮ ᠰᠡᠳᠬᠢᠯᠭᠡ ᠪᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ︽ᠡᠷᠭᠡ ᠶᠢ ᠲᠠᠯᠪᠢᠬᠤ ᠬᠠᠮᠢᠶᠠᠷᠤᠯᠳᠠ ᠶᠢ ᠴᠢᠩᠭᠠᠳᠬᠠᠬᠤ ᠦᠢᠯᠡᠴᠢᠯᠡᠭᠡ ᠶᠢ ᠰᠠᠶᠢᠵᠢᠷᠠᠭᠤᠯᠬᠤ︾ ᠥᠭᠡᠷᠡᠴᠢᠯᠡᠯᠲᠡ ᠶᠢ ᠠᠬᠢᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠪᠥᠬᠦ ᠰᠡᠳᠬᠢᠯ ᠪᠥᠬᠦ ᠵᠣᠷᠢᠭ ᠢᠶᠠᠷ ᠣᠯᠠᠨ ᠲᠦᠮᠡᠨ ᠳᠤ ᠦᠢᠯᠡᠴᠢᠯᠡᠬᠦ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠨᠠᠩ ᠰᠢᠯᠢᠳᠡᠭ ᠣᠷᠴᠢᠨ ᠨᠥᠬᠦᠴᠡᠯ ᠢᠶᠠᠷ ᠨᠠᠩ ᠴᠢᠩᠭ᠎ᠠ ᠠᠮᠢᠵᠢᠷᠠᠯ ᠤᠨ ᠬᠦᠴᠦᠨ ᠢ ᠬᠦᠭᠵᠢᠭᠡᠨ᠂ ᠲᠡᠦᠬᠡ ᠶᠢ ᠰᠤᠷᠤᠯᠴᠠᠵᠤ ᠶᠣᠰᠣ ᠤᠴᠢᠷ ᠢ ᠣᠶᠢᠯᠠᠭᠠᠬᠤ᠂ ᠲᠡᠦᠬᠡ ᠶᠢ ᠰᠤᠷᠤᠯᠴᠠᠵᠤ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠤ ᠶᠣᠰᠣ ᠮᠣᠷᠠᠯ ᠢ ᠡᠷᠬᠢᠮᠯᠡᠬᠦ᠂ ᠲᠡᠦᠬᠡ ᠶᠢ ᠰᠤᠷᠤᠯᠴᠠᠵᠤ ᠬᠦᠴᠦᠯᠡᠨ ᠴᠢᠷᠮᠠᠶᠢᠬᠤ ᠶᠢ ᠦᠨᠡᠨ ᠬᠦ ᠪᠡᠶᠡᠯᠡᠭᠦᠯᠵᠦ᠂ ᠨᠠᠩ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠥᠨ᠂ ᠲᠤᠰ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠨᠡᠮᠡᠷᠢᠯᠡᠵᠤ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ