ᠪᠥᠬᠦ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ︽ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠰᠡᠳᠦᠪᠲᠦ ᠬᠦᠮᠦᠵᠢᠯ ᠤᠨ ᠦᠷ᠎ᠡ ᠪᠦᠲᠦᠭᠡᠯ ᠢ ᠰᠤᠷᠤᠯᠴᠠᠨ ᠰᠣᠯᠢᠯᠴᠠᠪᠠ
ᠨᠡᠶᠢᠲᠡᠯᠡᠭᠰᠡᠨ ᠴᠠᠭ᠄
2021/4/13

      ᠲᠦᠷᠦᠬᠦᠬᠡᠨ᠂ ᠪᠥᠬᠦ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠰᠡᠳᠦᠪᠲᠦ ᠬᠥᠮᠦᠵᠢᠯ ᠤᠨ ᠰᠤᠷᠤᠯᠴᠠᠨ ᠰᠣᠯᠢᠯᠴᠠᠬᠤ ᠶᠠᠷᠢᠯᠴᠠᠬᠤ ᠬᠤᠷᠠᠯ ᠪᠤᠭᠤᠲᠤ ᠬᠤᠲᠠ ᠳᠤ ᠬᠤᠷᠠᠯᠳᠤᠪᠠ᠃
      ᠬᠤᠷᠠᠯ ᠠᠴᠠ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠬᠥᠮᠦᠵᠢᠯ ᠪᠣᠯ ᠰᠢᠨ᠎ᠡ ᠴᠠᠭ ᠦᠶ᠎ᠡ ᠶᠢᠨ ᠪᠦᠬᠦ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ᠬᠢᠨ ᠤ ᠤᠯᠤᠰ ᠲᠦᠷᠦ ᠶᠢᠨ ᠵᠤᠭᠰᠤᠯᠳᠠ ᠪᠠᠨ ᠳᠡᠭᠡᠭᠰᠢᠯᠡᠭᠦᠯᠬᠦ᠂ ᠤᠨᠤᠯ ᠤᠨ ᠵᠡᠪᠰᠡᠭᠯᠡᠯ ᠢᠶᠠᠨ ᠭᠦᠨᠵᠡᠭᠡᠶᠢᠷᠡᠭᠦᠯᠬᠦ᠂ ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠪᠣᠳᠠᠲᠤ ᠠᠵᠢᠯᠯᠠᠭ᠎ᠠ ᠪᠠᠶᠢᠵᠤ᠂ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠢᠮᠠᠭᠲᠠ ᠪᠦᠬᠦ ᠤᠯᠤᠰ ᠤᠨ ᠡᠮᠦᠨ᠎ᠡ ᠡᠩᠨᠡᠭᠡᠨ ᠳᠤ ᠬᠤᠰᠢᠭᠤᠷᠠᠬᠤ ᠶᠢ ᠠᠬᠢᠭᠤᠯᠤᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠵᠤ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠵᠤ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠬᠠᠮᠲᠤᠷᠠᠯ ᠬᠦᠴᠦᠨ ᠢ ᠨᠢᠭᠲᠠᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠤᠯᠤᠨ᠎ᠠ᠃ ᠡᠷᠭᠡᠪᠰᠢ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠪᠳᠡᠷᠡᠳᠠᠯ᠎ᠠ ᠣᠶᠢᠯᠠᠭᠠᠬᠤ ᠶᠢ ᠦᠷᠭᠦᠯᠵᠢᠯᠡᠨ ᠠᠬᠢᠭᠤᠯᠵᠤ᠂ ᠭᠤᠣᠯ ᠰᠡᠳᠦᠪᠲᠦ ᠬᠥᠮᠦᠵᠢᠯ ᠥᠷᠨᠢᠭᠦᠯᠬᠦ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠠᠭᠤᠰᠤᠯᠴᠠᠭᠤᠯᠤᠨ᠂ ᠠᠭᠤᠯᠭ᠎ᠠ ᠪᠠᠨ ᠪᠠᠶᠠᠯᠢᠭᠵᠢᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠪᠦᠬᠦ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠤᠯᠤᠰ ᠲᠦᠷᠦ ᠶᠢᠨ ᠵᠣᠭᠰᠣᠯᠳᠠ ᠪᠠᠨ ᠳᠡᠭᠡᠭᠰᠢᠯᠡᠭᠦᠯᠬᠦ᠂ ᠤᠯᠤᠰ ᠲᠦᠷᠦ ᠶᠢᠨ ᠵᠢᠯᠤᠭᠤᠳᠤᠯᠭ᠎ᠠ ᠪᠠᠨ ᠴᠢᠩᠭᠠᠳᠬᠠᠬᠤ᠂ ᠦᠵᠡᠯ ᠰᠠᠨᠠᠭᠠᠨ ᠤ ᠰᠠᠭᠤᠷᠢ ᠪᠠᠨ ᠪᠠᠬᠢᠵᠢᠭᠦᠯᠬᠦ ᠤᠯᠤᠰ ᠲᠦᠷᠦ ᠶᠢᠨ ᠡᠭᠦᠷᠭᠡ ᠪᠣᠯᠭᠠᠨ ᠰᠤᠯᠠᠷᠠᠰᠢ ᠦᠭᠡᠢ ᠠᠳᠬᠤᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠬᠡᠵᠤ ᠵᠢᠭᠠᠵᠤ ᠭᠠᠷᠭᠠᠪᠠ᠃
      ᠬᠤᠷᠠᠯ ᠳᠤ ᠤᠷᠤᠯᠴᠠᠭᠰᠠᠨ ᠲᠦᠯᠦᠭᠡᠯᠡᠭᠴᠢᠳ ᠪᠦᠬᠦ ᠤᠯᠤᠰ ᠤᠨ ᠦᠨᠳᠤᠰᠤᠳᠠᠨ ᠤ ᠪᠦᠯᠬᠦᠮᠳᠠᠯ ᠲᠠᠪᠰᠢᠯᠳᠠ ᠶᠢᠨ ᠵᠢᠱᠢᠶᠠᠴᠢ ᠬᠠᠮᠳᠤ ᠨᠢᠭᠡᠴᠢ ᠪᠤᠭᠤᠳᠤ ᠶᠢᠨ ᠪᠤᠯᠤᠳ ᠲᠠᠮᠤᠷ ᠤᠨ ᠪᠦᠯᠦᠭᠯᠡᠯ ᠺᠤᠮᠫᠠᠨᠢ᠂ ᠪᠦᠬᠦ ᠤᠷᠤᠨ ᠤ ᠲᠤᠮᠳᠠᠳᠤ ᠶᠢᠨ ᠦᠨᠳᠤᠰᠤᠳᠠᠨ ᠤ ᠬᠠᠮᠳᠤ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠰᠤᠷᠭᠠᠭᠤᠯᠢ ᠶᠢᠨ ᠬᠦᠷᠢᠶᠠᠨ ᠳᠤ ᠤᠷᠤᠭᠤᠯᠬᠤ ᠶᠢᠨ ᠲᠤᠷᠰᠢᠯᠳᠠ ᠶᠢᠨ ᠴᠡᠭ ᠪᠤᠯᠬᠤ ᠪᠤᠭᠤᠳᠤ ᠬᠤᠳᠠ ᠶᠢᠨ ᠮᠤᠩᠭᠤᠯ ᠦᠨᠳᠤᠰᠤᠳᠠᠨ ᠤ ᠰᠤᠷᠭᠠᠭᠤᠯᠢ᠂ ᠪᠤᠭᠤᠳᠤ ᠬᠤᠳᠠ ᠶᠢᠨ ᠦᠨᠳᠤᠰᠤᠳᠠᠨ ᠤ ᠠᠵᠢᠯ ᠤᠨ ᠵᠢᠱᠢᠶ᠎ᠠ ᠦᠵᠡᠬᠦᠯᠬᠦ ᠨᠡᠶᠢᠭᠡᠮ ᠲᠤᠭᠤᠷᠢᠭ ᠪᠤᠯᠬᠤ ᠴᠢᠩᠱᠠᠨ ᠲᠤᠭᠤᠷᠢᠭ ᠤᠨ ᠸᠠᠨ ᠵᠢᠶᠦ᠋ᠨ ᠨᠡᠶᠢᠭᠡᠮ ᠲᠤᠭᠤᠷᠢᠭ ᠢᠶᠠᠷ ᠲᠤᠭᠤᠷᠢᠨ ᠦᠵᠡᠪᠠ᠃ ᠪᠤᠭᠤᠳᠤ ᠬᠤᠳᠠ ᠶᠢᠨ ᠦᠨᠳᠤᠰᠤᠳᠠᠨ ᠤ ᠭᠡᠷᠡᠭ ᠡᠷᠬᠢᠯᠡᠬᠦ ᠵᠦᠪᠯᠡᠯ᠂ ᠬᠢᠨᠭ᠍ᠭᠠᠨ ᠠᠶᠢᠮᠠᠭ ᠤᠨ ᠦᠨᠳᠤᠰᠤᠳᠠᠨ ᠤ ᠭᠡᠷᠡᠭ ᠡᠷᠬᠢᠯᠡᠬᠦ ᠵᠦᠪᠯᠡᠯ᠂ ᠦᠪᠡᠷᠳᠡᠭᠡᠨ ᠵᠠᠰᠠᠬᠤ ᠤᠷᠤᠨ ᠤ ᠦᠨᠳᠤᠰᠤᠳᠠᠨ ᠤ ᠭᠡᠷᠡᠭ ᠡᠷᠬᠢᠯᠡᠬᠦ ᠵᠦᠪᠯᠡᠯ ᠤᠨ ᠪᠠᠶᠢᠭᠤᠯᠭ᠎ᠠ ᠶᠢᠨ ᠨᠡᠶᠢᠭᠡᠮ ᠤᠨ ᠬᠦᠭᠵᠢᠯᠳᠠ ᠶᠢᠨ ᠭᠠᠵᠠᠷ ᠤᠨ ᠨᠠᠮ ᠤᠨ ᠡᠬᠦᠷ᠂ ᠮᠡᠳᠡᠭᠡ ᠵᠠᠩᠬᠢᠵᠢᠯᠳᠠ ᠶᠢᠨ ᠭᠠᠵᠠᠷ ᠤᠨ ᠨᠠᠮ ᠤᠨ ᠡᠬᠦᠷ᠂ ᠤᠷᠴᠤᠨ ᠤ ᠦᠪᠡᠷᠳᠡᠭᠡᠨ ᠵᠠᠰᠠᠬᠤ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠡᠵᠡᠨ ᠬᠤᠷᠤᠭ᠎ᠠ ᠬᠤᠰᠢᠭᠤ ᠶᠢᠨ ᠦᠨᠳᠤᠰᠤᠳᠠᠨ ᠤ ᠭᠡᠷᠡᠭ ᠡᠷᠬᠢᠯᠡᠬᠦ ᠵᠦᠪᠯᠡᠯ ᠤᠨ ᠬᠢᠨ ᠪᠤᠳᠤᠯ ᠰᠠᠨᠠᠯ ᠢᠶᠠᠨ ᠰᠤᠯᠢᠯᠴᠠᠪᠠ᠃
      ᠣᠶᠢᠯᠠᠭᠠᠭᠰᠠᠨ ᠢᠶᠠᠷ᠂ ᠡᠨᠡ ᠵᠢᠯ ᠤᠨ 1 ᠰᠠᠷ᠎ᠠ ᠠᠴᠠ ᠡᠬᠢᠯᠡᠨ᠂ ᠪᠥᠬᠦ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠰᠢᠰᠲ᠋ᠧᠮ ᠤᠨ ᠬᠢᠨ

︽ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠰᠡᠳᠦᠪᠲᠦ ᠬᠥᠮᠦᠵᠢᠯ ᠢ ᠪᠦᠬᠦ ᠲᠠᠯ᠎ᠠ ᠪᠠᠷ ᠥᠷᠨᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠦᠨᠳᠦᠰᠦᠲᠡᠨ ᠤ ᠣᠨᠣᠯ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ ᠤᠨ ᠲᠤᠭᠤᠷᠢᠨ ᠳᠤ ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠭᠰᠠᠨ ᠪᠠᠶᠢᠨ᠎ᠠ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ