ᠮᠠᠨ ᠤ ᠣᠷᠤᠨ ᠪᠡᠭᠡᠵᠢᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠵᠣᠷᠢᠭᠤᠯᠤᠨ ᠠᠵᠢᠯᠲᠠᠨ ᠡᠯᠰᠡᠬᠦ ᠲᠤᠰᠬᠠᠶ ᠴᠤᠭᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2021/4/13

      4 ᠳ᠋ᠦ᠋ᠭᠡᠷ ᠰᠠᠷ᠎ᠠ ᠶᠢᠨ 8 ᠠᠴᠠ 9 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠠᠮᠲᠤᠷᠠᠨ ᠡᠷᠭᠢᠯᠡᠭᠰᠡᠨ ︽ᠴᠢᠳᠠᠪᠤᠷᠢᠲᠠᠳ ᠢ ᠥᠷᠭᠡᠨ ᠢᠶᠠᠷ ᠡᠯᠰᠡᠵᠦ ᠴᠢᠳᠠᠯ ᠣᠶᠤᠨ ᠢ ᠨᠢ ᠲᠠᠯ᠎ᠠ ᠨᠤᠲᠤᠭ ᠲᠤ ᠪᠠᠨ ᠡᠷᠭᠦᠭᠦᠯᠦᠶ᠎ᠡ︾ ᠬᠡᠮᠡᠬᠦ ᠠᠵᠢᠯᠲᠠᠨ ᠡᠯᠰᠡᠬᠦ ᠴᠤᠭᠯᠠᠭᠠᠨ ᠨᠢ ᠲᠣᠰ ᠲᠣᠰ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠪᠠ ᠣᠷᠳᠣᠰ ᠬᠤᠲᠠ ᠶᠢᠨ ᠪᠡᠭᠡᠵᠢᠩ ᠳᠤ ᠰᠠᠭᠤᠭ᠎ᠠ ᠴᠢᠳᠠᠪᠤᠷᠢᠲᠠᠨ ᠤ ᠠᠵᠢᠯ ᠤᠨ ᠥᠷᠲᠡᠭᠡ ᠳᠤ ᠶᠠᠪᠤᠭᠳᠠᠵᠤ᠂ ᠲᠡᠭᠦᠰᠬᠦ ᠰᠤᠷᠤᠭᠴᠢᠳ ᠤᠨ ᠲᠤᠬᠠᠢ ᠶᠢᠨ ᠭᠠᠵᠠᠷ ᠲᠤ ᠪᠠᠨ ᠴᠢᠨᠠᠷ ᠰᠠᠶᠢᠲᠠᠶ ᠠᠵᠢᠯ ᠤᠯᠬᠤ ᠳᠤ ᠨᠢ ᠲᠥᠬᠦᠮ ᠦᠵᠡᠭᠦᠯᠦᠭᠰᠡᠨ ᠪᠠᠶᠢᠨ᠎ᠠ᠃
      ᠲᠣᠰ ᠤᠳᠠᠭ᠎ᠠ ᠶᠢᠨ ᠠᠵᠢᠯᠲᠠᠨ ᠡᠯᠰᠡᠬᠦ ᠲᠤᠰᠬᠠᠶ ᠬᠤᠷᠠᠯ ᠪᠣᠯ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠠᠵᠢᠯ ᠤᠨ ︽ᠨᠢᠭᠡ ᠲᠥᠪ ᠣᠯᠠᠨ ᠴᠡᠭ︾ ᠰᠢᠨ᠎ᠡ ᠪᠠᠶᠢᠷᠢᠰᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠰᠯᠡᠯ ᠤᠨ ᠡᠨᠡ ᠬᠦ ᠴᠢᠳᠠᠪᠤᠷᠢᠲᠠᠳ ᠴᠤᠭᠯᠠᠷᠠᠭᠰᠠᠨ ᠲᠥᠪ ᠤᠨ ᠲᠣᠭᠤᠷᠢᠨ ᠳᠤ

︽ᠴᠢᠳᠠᠪᠤᠷᠢᠲᠠᠳ ᠢ ᠥᠷᠭᠡᠨ ᠢᠶᠠᠷ ᠡᠯᠰᠡᠵᠦ ᠴᠢᠳᠠᠯ ᠣᠶᠤᠨ ᠢ ᠨᠢ ᠲᠠᠯ᠎ᠠ ᠨᠤᠲᠤᠭ ᠲᠤ ᠪᠠᠨ ᠡᠷᠭᠦᠭᠦᠯᠦᠶ᠎ᠡ︾ ᠴᠢᠳᠠᠪᠤᠷᠢᠲᠠᠨ ᠤᠷᠢᠬᠤ ᠲᠤᠰᠬᠠᠶ ᠠᠵᠢᠯᠯᠠᠭᠠᠨ ᠤ ᠨᠢᠭᠡᠨ ᠠᠭᠤᠯᠭ᠎ᠠ ᠨᠢ ᠶᠤᠮ᠃ ᠡᠨᠡ ᠬᠤᠭᠤᠴᠠᠭᠠᠨ ᠳᠤ᠂ ᠮᠠᠨ ᠤ ᠣᠷᠣᠨ ᠪᠠᠰᠠ ᠣᠷᠳᠣᠰ ᠬᠤᠲᠠ ᠶᠢᠨ ᠪᠡᠭᠡᠵᠢᠩ ᠳᠤ ᠰᠠᠭᠤᠭ᠎ᠠ ᠴᠢᠳᠠᠪᠤᠷᠢᠲᠠᠨ ᠤ ᠠᠵᠢᠯ ᠤᠨ ᠥᠷᠲᠡᠭᠡ ᠳᠤ ᠲᠦᠰᠢᠭᠯᠡᠨ ︽ᠪᠡᠭᠡᠵᠢᠩ ᠬᠤᠲᠠ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠠᠨᠳᠤᠭᠤᠯᠤᠭᠰᠠᠨ︾ ᠠᠵᠢᠯᠲᠠᠨ ᠡᠯᠰᠡᠬᠦ ᠲᠤᠰᠬᠠᠶ ᠬᠤᠷᠠᠯ ᠬᠢᠵᠡᠢ᠂  ᠡᠨᠡ ᠨᠢ ᠲᠣᠰ ᠥᠷᠲᠡᠭᠡᠨ ᠤ ᠴᠢᠳᠠᠪᠤᠷᠢᠲᠠᠳ ᠤᠨ ᠰᠣᠯᠢᠯᠴᠠᠭ᠎ᠠ ᠶᠢ ᠦᠷᠭᠡᠳᠬᠡᠵᠦ᠂ ᠭᠠᠳᠠᠨ᠎ᠠ ᠣᠷᠤᠨ ᠳᠤ ᠰᠠᠭᠤᠭ᠎ᠠ ᠴᠢᠳᠠᠪᠤᠷᠢᠲᠠᠨ ᠤ ᠠᠵᠢᠯ ᠤᠨ ᠥᠷᠲᠡᠭᠡ ᠶᠢᠨ ᠲᠤᠯᠭᠠᠭᠤᠷᠢᠯᠠᠬᠤ ᠴᠡᠭ ᠤᠨ ᠦᠶᠯᠡᠳᠦᠯ ᠢ ᠪᠠᠳᠠᠷᠠᠭᠤᠯᠤᠭᠰᠠᠨ ᠠᠮᠢᠳᠤ ᠦᠶᠯᠡᠳᠦᠯᠭᠡ ᠮᠥᠨ ᠪᠥᠭᠡᠳ ᠪᠡᠭᠡᠵᠢᠩ ᠢᠶᠠᠷ ᠲᠥᠪ ᠪᠣᠯᠭᠠᠭᠰᠠᠨ ᠣᠷᠣᠨ ᠤ ᠭᠠᠳᠠᠨ᠎ᠠ ᠠᠴᠠ ᠴᠢᠳᠠᠪᠤᠷᠢᠲᠠᠳ ᠤᠷᠢᠬᠤ ᠪᠠᠶᠢᠩᠭᠤᠵᠢᠭᠰᠠᠨ ᠠᠵᠢᠯ ᠭᠦᠨᠵᠡᠭᠡᠶᠢᠷᠡᠬᠦ ᠶᠢ ᠠᠭᠢᠭᠤᠯᠵᠠᠢ᠃
      ᠠᠵᠢᠯᠲᠠᠨ ᠡᠯᠰᠡᠬᠦ ᠬᠤᠷᠠᠯ ᠤᠨ ᠠᠬᠤᠢ ᠲᠠᠯᠠᠪᠠᠶ ᠳᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠨᠦᠭᠦᠳ ᠪᠠ ᠬᠥᠬᠡᠬᠤᠲᠠ᠂ ᠪᠤᠭᠤᠲᠤ ᠬᠤᠲᠠ ᠵᠡᠷᠭᠡ 9 ᠠᠶᠢᠮᠠᠭ ᠬᠤᠲᠠ ᠪᠦᠯᠬᠦᠮ ᠪᠠᠶᠢᠭᠤᠯᠤᠨ ᠠᠵᠢᠯᠲᠠᠨ ᠡᠯᠰᠡᠬᠦ ᠠᠵᠢᠯ ᠥᠷᠨᠢᠭᠦᠯᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠪᠠ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠵᠡᠷᠭᠡ 16 ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠨᠦᠭᠦᠳ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠵᠡᠷᠭᠡ ᠭᠤᠤᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠶᠢᠨ ᠠᠵᠢᠯ ᠡᠷᠢᠭᠰᠡᠳ ᠲᠤ 126 ᠠᠵᠢᠯ ᠤᠨ ᠪᠠᠶᠢᠷᠢ ᠬᠠᠩᠭᠠᠭᠰᠠᠨ ᠮᠥᠷᠲᠡᠭᠡᠨ ᠲᠡᠭᠦᠨ ᠤ ᠳᠣᠲᠤᠷ᠎ᠠ ᠮᠠᠰᠲ᠋ᠧᠷ᠂ ᠳ᠋ᠣᠺᠲ᠋ᠣᠷ ᠤᠨ ᠱᠠᠭᠠᠷᠳᠠᠯᠭ᠎ᠠ ᠲᠠᠢ 502 ᠬᠥᠮᠦᠨ ᠤ ᠠᠵᠢᠯ ᠤᠨ ᠪᠠᠶᠢᠷᠢ ᠪᠣᠶ᠃
      ︽ᠭᠠᠳᠠᠨ᠎ᠠ ᠣᠷᠣᠨ ᠤ ᠰᠤᠷᠤᠬᠴᠢ ᠶᠢᠨ ᠬᠤᠪᠢ ᠳᠤ᠂ ᠥᠪᠥᠷ ᠮᠣᠩᠭᠤᠯ ᠳᠤ ᠣᠴᠢᠨ ᠠᠵᠢᠯ ᠣᠯᠵᠤ ᠦᠢᠯᠡᠰ ᠪᠤᠰᠬᠠᠬᠤ ᠶᠢ ᠬᠦᠰᠡᠵᠦ ᠪᠠᠶᠢᠨ᠎ᠠ︾ ᠴᠢᠩᠬᠤᠸᠠ ᠶᠡᠭᠡ ᠰᠤᠷᠭᠠᠭᠤᠯᠢ ᠶᠢᠨ ᠤᠳᠬ᠎ᠠ ᠵᠣᠬᠢᠶᠠᠯ ᠤᠨ ᠳᠡᠭᠡᠳᠦ ᠰᠤᠷᠭᠠᠭᠤᠯᠢ ᠶᠢᠨ ᠳ᠋ᠣᠺᠲ᠋ᠣᠷᠠᠨᠲ ᠮᠠ ᠬᠠᠢ ᠪᠥᠸᠧ᠂ ᠡᠨᠡ ᠵᠢᠯ ᠲᠡᠭᠦᠰᠬᠦ ᠪᠣᠯᠤᠨ᠎ᠠ᠂ ᠲᠡᠷᠡ ᠪᠠᠷ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠵᠢᠭᠠᠬᠤ ᠶᠢ ᠰᠤᠳᠤᠯᠬᠤ ᠠᠵᠢᠯ ᠤᠨ ᠪᠠᠶᠢᠷᠢ ᠳᠤ ᠮᠠᠰᠢ ᠶᠡᠭᠡ  ᠰᠣᠨᠢᠷᠬᠠᠯ ᠲᠠᠢ᠃ ᠠᠵᠢᠯ ᠤᠨ ᠣᠷᠴᠢᠨ ᠨᠥᠭᠦᠴᠡᠯ ᠶᠠᠮᠠᠷ᠂ ᠰᠤᠳᠤᠯᠭᠠᠨ ᠤ ᠢᠷᠡᠭᠡᠳᠦᠶ ᠬᠢᠷᠢ ᠪᠠᠶᠢᠬᠤ︖ ᠵᠡᠷᠭᠡ ᠶᠢ ᠭᠦᠨᠵᠡᠭᠡᠢ ᠰᠤᠳᠤᠯᠤᠨ ᠶᠠᠷᠢᠯᠴᠠᠭᠰᠠᠨ ᠤ ᠳᠠᠷᠠᠭ᠎ᠠ᠂ ᠲᠡᠷᠡ ᠪᠠᠷ ᠥᠪᠥᠷ ᠮᠣᠩᠭᠤᠯ ᠤᠨ ᠴᠢᠩ ᠦᠨᠡᠨᠴᠢ ᠰᠡᠳᠬᠢᠯᠭᠡ ᠶᠢ ᠮᠡᠳᠡᠷᠡᠯ᠎ᠡ᠃
      ︽ᠥᠪᠥᠷ ᠮᠣᠩᠭᠤᠯ ᠤᠨ ᠬᠠᠨᠳᠤᠯᠭ᠎ᠠ ᠲᠠᠢ ᠪᠠᠷ ᠰᠤᠷᠤᠭᠴᠢ ᠰᠣᠩᠭᠤᠨ ᠠᠪᠬᠤ ᠶᠠᠷᠢᠯᠴᠠᠬᠤ ᠬᠤᠷᠠᠯ᠂ ᠪᠠᠰᠠ ᠰᠤᠷᠭᠠᠭᠤᠯᠢ ᠶᠢᠨ ᠠᠵᠢᠯ ᠣᠯᠭᠤᠯᠲᠠ ᠶᠢᠨ ᠲᠠᠪᠴᠠᠩ᠂ ᠸᠢᠴᠡᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ᠂ ᠪᠢ ᠡᠨᠡ ᠤᠳᠠᠭ᠎ᠠ ᠶᠢᠨ ᠠᠵᠢᠯᠳᠠᠨ ᠡᠯᠰᠡᠬᠦ ᠲᠤᠰᠬᠠᠢ ᠬᠤᠷᠠᠯ ᠤᠨ ᠴᠢᠮᠡᠭᠡ ᠶᠢ ᠣᠯᠵᠠᠢ︾ ᠪᠡᠭᠡᠵᠢᠩ ᠶᠡᠭᠡ ᠰᠤᠷᠭᠠᠭᠤᠯᠢ ᠶᠢᠨ ᠬᠤᠲᠠ ᠪᠠ ᠣᠷᠴᠢᠨ ᠲᠣᠭᠤᠷᠢᠨ ᠤ ᠳᠡᠭᠡᠳᠦ ᠰᠤᠷᠭᠠᠭᠤᠯᠢ ᠶᠢᠨ ᠳ᠋ᠣᠺᠲ᠋ᠣᠷᠠᠨᠲ ᠶᠦᠨ ᠭᠦᠸᠧ ᠯᠢᠶᠠᠩ ᠳᠠᠷᠠᠭ᠎ᠠ ᠵᠢᠯ ᠲᠡᠭᠦᠰᠬᠦ ᠪᠣᠯᠤᠨ᠎ᠠ᠂ ᠲᠡᠷᠡ᠄ ︽ᠪᠢ ᠥᠪᠥᠷ ᠮᠣᠩᠭᠤᠯ ᠳᠤ ᠪᠠᠨ ᠬᠠᠷᠢᠵᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠪᠡᠯᠡᠳᠬᠡᠯ ᠢ ᠨᠢᠭᠡᠨᠲᠡ ᠰᠠᠶᠢᠲᠤᠷ ᠬᠢᠯ᠎ᠡ︾ ᠭᠡᠪᠡ᠃
      ᠠᠵᠢᠯᠯᠠᠭ᠎ᠠ ᠶᠢᠨ ᠦᠷ᠎ᠡ ᠪᠦᠲᠦᠮᠵᠢ ᠶᠢ ᠪᠠᠲᠤᠯᠠᠬᠤ ᠶᠢᠨ ᠲᠤᠯᠠᠳᠠ᠂ ᠠᠵᠢᠯᠯᠠᠭ᠎ᠠ ᠶᠢᠨ ᠡᠬᠢᠨ ᠤ ᠬᠤᠭᠤᠴᠠᠭᠠᠨ ᠳᠤ ᠪᠡᠭᠡᠵᠢᠩ ᠤᠨ ᠭᠤᠤᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠨᠤᠭᠤᠳ ᠤᠨ ᠠᠯᠪᠠᠨ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠢᠶᠠᠷ ᠳᠠᠮᠵᠢᠭᠤᠯᠤᠨ ᠪᠥᠬᠦ ᠲᠠᠯ᠎ᠠ ᠪᠠᠷ᠂ ᠣᠯᠠᠨ ᠠᠷᠭ᠎ᠠ ᠵᠠᠮ ᠢᠶᠠᠷ ᠣᠬᠠᠭᠤᠯᠭ᠎ᠠ ᠬᠢᠵᠡᠢ᠃ ᠠᠵᠢᠯᠲᠠᠨ ᠡᠯᠰᠡᠬᠦ ᠬᠤᠷᠠᠯ ᠤᠨ ᠠᠬᠤᠶ ᠲᠠᠯᠠᠪᠠᠶ ᠳᠤ ᠪᠠᠰᠠ ᠠᠰᠠᠭᠤᠨ ᠯᠠᠪᠯᠠᠬᠤ ᠭᠠᠵᠠᠷ ᠭᠠᠷᠭᠠᠭᠠᠳ᠂ ᠠᠵᠢᠯ ᠡᠷᠢᠭᠰᠡᠳ ᠲᠤ ᠠᠵᠢᠯ ᠡᠷᠢᠬᠦ ᠳᠡᠩᠰᠡᠯᠡᠯᠲᠡ᠂ ᠠᠵᠢᠯ ᠡᠷᠢᠬᠦ ᠵᠢᠯᠣᠭᠤᠳᠣᠯᠭ᠎ᠠ᠂ ᠠᠵᠢᠯ ᠤᠨ ᠲᠠᠨᠢᠯᠴᠠᠭᠤᠯᠭ᠎ᠠ ᠵᠡᠷᠭᠡ ᠠᠯᠢ ᠣᠯᠠᠨ ᠮᠥᠷᠳᠡᠨ ᠦᠶᠯᠡᠴᠢᠯᠡᠬᠦ ᠦᠶᠯᠡᠴᠢᠯᠡᠭᠡ ᠬᠠᠩᠭᠠᠭᠰᠠᠨ ᠪᠠᠶᠢᠨ᠎ᠠ᠃
      2017 ᠣᠨ ᠳᠤ ᠮᠠᠨ ᠤ ᠣᠷᠤᠨ ᠶᠡᠭᠡ ᠳᠡᠭᠡᠳᠦ ᠰᠤᠷᠭᠠᠭᠤᠯᠢ ᠨᠤᠭᠤᠳ ᠲᠤ ᠣᠴᠢᠵᠤ ᠴᠢᠳᠠᠪᠤᠷᠢᠲᠠᠨ ᠤᠷᠢᠬᠤ ᠲᠤᠰᠬᠠᠶ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠴᠢᠨᠠᠷ ᠰᠠᠶᠢᠲᠠᠶ ᠠᠵᠢᠯ ᠣᠯᠭᠤᠯᠲᠠ ᠶᠢᠨ ᠡᠬᠢ ᠪᠠᠶᠠᠯᠢᠭ ᠢ ᠬᠤᠷᠠᠮᠳᠤᠭᠤᠯᠵᠤ᠂ ᠬᠥᠮᠦᠨ ᠬᠡᠷᠡᠭᠯᠡᠬᠦ ᠨᠢᠭᠡᠴᠢ ᠶᠢᠨ ᠴᠢᠳᠠᠪᠤᠷᠢᠲᠠᠨ ᠰᠣᠩᠭᠤᠬᠤ ᠪᠠ ᠲᠡᠭᠦᠰᠬᠦ ᠰᠤᠷᠤᠭᠴᠢᠳ ᠤᠨ ᠠᠵᠢᠯ ᠰᠣᠩᠭᠤᠬᠤ ᠬᠡᠷᠡᠭᠴᠡᠭᠡ ᠳᠤ ᠨᠠᠩ ᠰᠠᠶᠢᠲᠤᠷ ᠦᠢᠯᠡᠴᠢᠯᠡᠨ᠂ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ ᠹᠦᠳᠠᠨ ᠶᠡᠭᠡ ᠰᠤᠷᠭᠠᠭᠤᠯᠢ ᠵᠡᠷᠭᠡ ᠣᠯᠠᠨ ᠶᠡᠭᠡ ᠳᠡᠭᠡᠳᠦ ᠰᠤᠷᠭᠠᠭᠤᠯᠢ ᠨᠤᠭᠤᠳ ᠲᠤ ᠴᠢᠳᠠᠪᠤᠷᠢᠲᠠᠨ ᠤᠷᠢᠬᠤ ᠲᠤᠰᠬᠠᠶ ᠠᠵᠢᠯᠯᠠᠭ᠎ᠠ ᠶᠢ 9 ᠤᠳᠠᠭ᠎ᠠ ᠡᠷᠭᠢᠯᠡᠭᠰᠡᠨ ᠪᠥᠭᠡᠳ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠳᠤ ᠵᠠᠯᠭᠠᠭ᠎ᠠ ᠪᠠᠷ 3 ᠤᠳᠠᠭ᠎ᠠ ᠴᠢᠳᠠᠪᠤᠷᠢᠲᠠᠨ ᠤᠷᠢᠬᠤ ᠲᠤᠰᠬᠠᠶ ᠴᠤᠭᠯᠠᠭᠠᠨ ᠡᠷᠬᠢᠯᠡᠭᠰᠡᠨ ᠪᠠᠶᠢᠯ᠎ᠠ᠃ ᠪᠦᠷᠢᠳᠬᠡᠯ ᠢ ᠦᠨᠳᠦᠰᠦᠯᠡᠪᠡᠯ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠠᠬᠤᠶ ᠲᠠᠯᠠᠪᠠᠶ ᠵᠢᠴᠢ ᠰᠦᠯᠵᠢᠶᠡᠨ ᠳᠡᠭᠡᠷ᠎ᠡ ᠪᠡᠭᠡᠵᠢᠩ ᠳᠠᠬᠢ ᠲᠡᠭᠦᠰᠬᠦ ᠤᠶᠤᠲᠠᠳ ᠤᠨ ᠰᠤᠷᠪᠤᠯᠵᠢᠯᠠᠭ᠎ᠠ ᠪᠠ ᠬᠤᠪᠢ ᠶᠢᠨ ᠨᠠᠮᠲᠠᠷ ᠶᠢ 640 ᠬᠥᠮᠦᠨ ᠤᠳᠠᠭ᠎ᠠ ᠬᠦᠯᠢᠶᠠᠨ ᠠᠪᠴᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠥᠮᠦᠨ ᠬᠡᠷᠡᠭᠯᠡᠬᠦ 16 ᠨᠢᠭᠡᠴᠢ ᠪᠣᠯᠤᠨ 9 ᠠᠶᠢᠮᠠᠭ ᠬᠤᠲᠠ ᠲᠡᠭᠦᠰᠬᠦ ᠰᠤᠷᠤᠭᠴᠢᠳ ᠲᠠᠢ ᠲᠤᠬᠠᠶ ᠶᠢᠨ ᠲᠠᠯᠠᠪᠤᠷ ᠲᠤ 464 ᠬᠥᠮᠦᠨ ᠤᠳᠠᠭ᠎ᠠ ᠠᠵᠢᠯ ᠤᠯᠬᠤ ᠰᠠᠨᠠᠮᠵᠢ ᠲᠣᠬᠢᠷᠠᠵᠠᠢ᠂ ᠡᠭᠦᠨ ᠳᠤ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠶᠢᠨ ᠲᠤᠰᠬᠠᠶ ᠲᠠᠯᠠᠪᠤᠷ ᠲᠤ 57 ᠬᠥᠮᠦᠨ ᠤᠳᠠᠭ᠎ᠠ ᠠᠵᠢᠯ ᠤᠯᠬᠤ ᠰᠠᠨᠠᠮᠵᠢ ᠳᠣᠭᠢᠷᠠᠵᠤ᠂ ᠳ᠋ᠣᠺᠲ᠋ᠣᠷ ᠨᠠᠷ 192 ᠬᠥᠮᠦᠨ ᠤᠳᠠᠭ᠎ᠠ ᠠᠵᠢᠯ ᠤᠯᠬᠤ ᠰᠠᠨᠠᠮᠵᠢ ᠲᠣᠬᠢᠷᠠᠪᠠ᠃

ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ