ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠦᠬᠦ ᠲᠠᠯ᠎ᠠ ᠪᠠᠷ ᠲᠦᠷᠭᠡᠨ ᠥᠷᠨᠢᠭᠦᠯᠵᠦ ᠪᠣᠢ
ᠨᠡᠶᠢᠲᠡᠯᠡᠭᠰᠡᠨ ᠴᠠᠭ᠄
2021/4/14

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠦᠬᠦ ᠲᠠᠯ᠎ᠠ ᠪᠠᠷ ᠲᠦᠷᠭᠡᠨ ᠥᠷᠨᠢᠭᠦᠯᠵᠦ ᠪᠣᠢ
      ᠨᠠᠮ ᠤᠨ ᠲᠡᠦᠬᠡ ᠶᠢᠨ ᠵᠠᠪᠠᠯ ᠰᠤᠷᠬᠤ ᠬᠢᠴᠢᠶᠡᠯ ᠢ ᠰᠠᠶᠢᠲᠤᠷ ᠰᠤᠷᠤᠯᠴᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠨ ᠪᠠᠲᠤᠳᠬᠠᠶ᠎ᠠ


      3 ᠳ᠋ᠤᠭᠠᠷ ᠰᠠᠷ᠎ᠠ ᠶᠢᠨ 5 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠤ ᠪᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠣᠨᠴᠠᠭᠠᠶᠢᠯᠠᠨ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠵᠠᠮᠨᠠᠬᠤ ᠶᠢ ᠪᠠᠷᠢᠮᠲᠠᠯᠠᠬᠤ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠵᠡᠯ ᠰᠠᠨᠠᠭ᠎ᠠ ᠲᠠᠨᠢᠯᠲᠠ ᠪᠠ ᠠᠵᠢᠯ ᠤᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠮᠠᠨ ᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶ᠎ᠠ ᠶᠢ ᠭᠦᠨᠵᠡᠭᠡᠢ ᠰᠤᠷᠤᠯᠴᠠᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠬᠢᠴᠢᠶᠡᠯ ᠪᠣᠯᠭᠠᠵᠤ᠂ ᠲᠠᠶᠢᠴᠢᠯᠠᠯᠳᠠ ᠶᠢᠨ ᠬᠤᠷᠠᠯ ᠬᠢᠬᠦ᠂ ᠲᠥᠪᠯᠡᠷᠡᠭᠦᠯᠦᠨ ᠰᠤᠷᠤᠯᠴᠠᠬᠤ᠂ ᠳᠠᠪᠲᠠᠨ ᠪᠣᠯᠪᠠᠰᠤᠷᠠᠭᠤᠯᠵᠤ ᠬᠠᠪᠰᠤᠷᠤᠨ ᠵᠢᠯᠣᠭᠤᠳᠬᠤ ᠵᠡᠷᠭᠡ ᠠᠷᠭ᠎ᠠ ᠬᠡᠯᠪᠡᠷᠢ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠦᠬᠦ ᠲᠠᠯ᠎ᠠ ᠪᠠᠷ ᠲᠦᠷᠭᠡᠨ ᠥᠷᠨᠢᠬᠦ ᠶᠢ ᠠᠬᠢᠭᠤᠯᠤᠭᠰᠠᠨ ᠪᠠᠶᠢᠨ᠎ᠠ᠃
      ᠦᠵᠡᠯ ᠰᠠᠨᠠᠭᠠᠨ ᠤ ᠠᠤᠭ᠎ᠠ ᠬᠦᠴᠦᠨ ᠢ ᠣᠶᠢᠯᠠᠭᠠᠵᠤ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠪᠡ
      4 ᠳ᠋ᠦ᠋ᠭᠡᠷ ᠰᠠᠷ᠎ᠠ ᠶᠢᠨ 6 ᠤ ᠡᠳᠦᠷ ᠠᠴᠠ 8 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠪᠠ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢ ᠡᠷᠭᠢᠯᠡᠵᠦ᠂ ᠲᠦᠷᠦᠭᠦᠯᠡᠨ ᠲᠥᠪᠯᠡᠷᠡᠭᠦᠯᠦᠨ ᠪᠢᠲᠡᠭᠦᠮᠵᠢᠯᠡᠨ ᠰᠤᠷᠤᠯᠴᠠᠵᠤ᠂ ᠨᠢᠭᠡ ᠰᠡᠳᠬᠢᠯ ᠢᠶᠠᠷ ᠰᠢᠮᠳᠠᠨ ᠰᠤᠳᠤᠯᠵᠤ᠂ ᠭᠦᠨᠵᠡᠭᠡᠶ ᠰᠡᠳᠬᠢᠨ ᠪᠣᠳᠣᠯᠬᠢᠯᠠᠬᠤ ᠶᠢᠨ ᠬᠠᠮᠲᠤ ᠣᠯᠤᠯᠲᠠ ᠲᠥᠷᠥᠭᠳᠡᠯ ᠢᠶᠠᠨ ᠨᠠᠷᠢᠨ ᠬᠢᠨᠠᠮᠠᠭᠠᠶ ᠪᠢᠴᠢᠵᠦ᠂ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠪᠡ᠃
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠱᠢ ᠲᠠᠢ ᠹᠧᠩ ᠢᠯᠡᠳᠬᠡᠬᠦ ᠳᠤ ᠪᠠᠨ᠂ ᠡᠯ᠎ᠡ ᠱᠠᠲᠤᠨ ᠤ ᠺᠠᠳ᠋ᠷᠴᠤᠳ ᠨᠠᠮ ᠤᠨ ᠲᠡᠤᠬᠡ ᠶᠢ ᠰᠤᠷᠤᠯᠴᠠᠬᠤ ᠪᠠᠷ ᠳᠠᠮᠵᠢᠭᠤᠯᠤᠨ ᠮᠠᠷᠺᠰ ᠤᠨ ᠦᠵᠡᠯ ᠵᠢᠴᠢ ᠲᠡᠭᠦᠨ ᠢ ᠳᠤᠮᠳᠠᠳᠤ ᠤᠯᠤᠰᠴᠢᠯᠠᠨ ᠰᠢᠨᠡᠴᠢᠯᠡᠭᠰᠡᠨ ᠣᠨᠣᠯ ᠤᠨ ᠦᠨᠡᠨ ᠶᠣᠰᠣᠴᠢ ᠴᠢᠨᠠᠷ ᠢ ᠤᠯᠠᠮ ᠨᠢᠭᠡ ᠠᠯᠬᠤᠮ ᠭᠦᠨᠵᠡᠭᠡᠶ ᠣᠶᠢᠯᠠᠭᠠᠵᠤ᠂ ᠨᠠᠩ ᠡᠷᠡᠰ ᠪᠠᠲᠤ ᠪᠠᠷ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠣᠶᠣᠨ ᠲᠠᠷᠢᠬᠢ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠵᠡᠶ᠃
      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠮᠠᠨ ᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠥᠪ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠦᠳᠲᠡᠷ ᠲᠦᠷᠭᠡᠨ ᠨᠠᠶᠢᠳᠠᠪᠤᠷᠢᠵᠢᠭᠤᠯᠪᠠ᠃
      ᠮᠠᠨ ᠤ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢ ᠭᠦᠨᠵᠡᠭᠡᠢ ᠰᠤᠷᠤᠯᠴᠠᠨ ᠰᠡᠳᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠳᠤ ᠠᠭᠤᠯᠤᠭᠳᠠᠵᠤ ᠪᠠᠶᠢᠭ᠎ᠠ ᠦᠨᠡᠨ ᠶᠣᠰᠣᠨ ᠤ ᠬᠦᠴᠦᠨ ᠴᠢᠳᠠᠯ ᠪᠣᠯᠤᠨ ᠦᠵᠡᠯ ᠰᠠᠨᠠᠭᠠᠨ ᠤ ᠠᠤᠭ᠎ᠠ ᠬᠦᠴᠦᠨ ᠢ ᠭᠦᠨᠵᠡᠭᠡᠢ ᠣᠶᠢᠯᠠᠭᠠᠪᠠ᠃
      ᠭᠠᠷᠠᠭ ᠪᠦᠷᠢ ᠶᠢᠨ ᠲᠦᠷᠪᠡᠨ ᠤ ᠤᠷᠤᠢ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠥᠪᠥᠷ ᠮᠣᠩᠭᠤᠯ ᠤᠨ ᠨᠠᠮ ᠤᠨ ᠰᠤᠷᠭᠠᠭᠤᠯᠢ ᠳᠤ ᠡᠷᠬᠢᠯᠡᠭᠰᠡᠨ ︽ᠰᠥᠨᠢ ᠶᠢᠨ ᠰᠤᠷᠤᠯᠴᠠᠯᠭ᠎ᠠ ᠶᠢᠨ ᠰᠤᠷᠭᠠᠭᠤᠯᠢ︾ ᠳᠤ ᠬᠦᠮᠦᠰ ᠫᠢᠳ ᠳᠦᠭᠦᠷᠲᠡᠯ᠎ᠡ ᠰᠠᠭᠤᠯᠴᠠᠵᠤ᠂ ᠨᠠᠮ ᠤᠨ ᠭᠡᠰᠢᠭᠦᠨ ᠺᠠᠳ᠋ᠷ ᠵᠢᠭᠠᠨ ᠲᠣᠭᠲᠠᠭᠠᠭᠰᠠᠨ ᠰᠤᠷᠤᠯᠴᠠᠯᠭ᠎ᠠ ᠶᠢᠨ ᠮᠠᠲ᠋ᠧᠷᠢᠶᠠᠯ ᠤᠨ ᠲᠣᠭᠤᠷᠢᠨ ᠳᠤ ᠬᠠᠮᠲᠤ ᠪᠠᠷ ᠥᠪᠡᠷᠲᠡᠭᠡᠨ ᠰᠤᠷᠤᠯᠴᠠᠪᠠ᠃ ︽ᠡᠶᠢᠮᠦᠷᠬᠦ ᠰᠤᠷᠤᠯᠴᠠᠯᠭ᠎ᠠ ᠨᠢ ᠪᠢᠳᠡᠨ ᠤ ᠨᠠᠮ ᠤᠨ ᠲᠡᠦᠬᠡ ᠶᠢ ᠰᠡᠳᠬᠢᠯ ᠢᠶᠠᠨ ᠲᠣᠭᠲᠠᠪᠤᠷᠢᠵᠢᠭᠤᠯᠤᠨ ᠰᠢᠰᠲ᠋ᠧᠮ ᠲᠠᠢ ᠪᠠᠷ ᠰᠤᠷᠤᠯᠴᠠᠨ ᠣᠶᠢᠯᠠᠭᠠᠭᠤᠯᠪᠠ︾ ᠭᠡᠵᠦ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶᠡᠨ ᠤ ᠪᠦᠯᠦᠭᠯᠡᠯ ᠤᠨ ᠠᠵᠢᠯᠲᠠᠨ ᠵᠠᠩ ᠴᠢᠶᠠᠨ ᠬᠡᠯᠡᠪᠡ᠃ ᠣᠳᠣᠬᠠᠨ ᠳᠤ ︽ᠰᠥᠨᠢ ᠶᠢᠨ ᠰᠤᠷᠤᠯᠴᠠᠯᠭ᠎ᠠ ᠶᠢᠨ ᠰᠤᠷᠭᠠᠭᠤᠯᠢ︾ ᠶᠢ ᠡᠷᠬᠢᠯᠡᠭᠡᠦᠠ ᠨᠢᠭᠡᠨᠲᠡ 4 ᠭᠠᠷᠠᠭ ᠪᠤᠯᠵᠦ ᠪᠠᠶᠢᠨ᠎ᠠ᠃
      3 ᠳ᠋ᠤᠭᠠᠷ ᠰᠠᠷ᠎ᠠ ᠶᠢᠨ 1 ᠤ ᠡᠳᠦᠷ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠨᠢ ᠤᠯᠠᠭᠠᠨᠬᠦᠦ ᠶᠢᠨ ᠳᠤᠷᠠᠰᠬᠠᠯ ᠤᠨ ᠣᠷᠳᠣᠨ ᠳᠤ ᠬᠠᠮᠲᠤ ᠶᠢᠨ ᠰᠤᠷᠤᠯᠴᠠᠯᠭ᠎ᠠ ᠬᠢᠵᠦ᠂ ᠤᠯᠠᠭᠠᠨᠬᠦᠦ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠬᠦᠰᠡᠯᠡᠩ ᠢᠲᠡᠭᠡᠯ ᠪᠢᠰᠢᠷᠡᠯ ᠪᠣᠯᠤᠨ ᠰᠢᠯᠢᠳᠡᠭ ᠵᠠᠩ ᠴᠢᠨᠠᠷ ᠢ ᠣᠶᠢᠯᠠᠭᠠᠵᠤ᠂ ᠲᠡᠳᠡᠨ ᠤ ᠶᠠᠪᠤᠵᠤ ᠢᠷᠡᠭᠰᠡᠨ ᠭᠡᠷᠡᠯ ᠰᠠᠴᠤᠷᠠᠩᠭᠤᠢ ᠥᠩᠭᠡᠷᠡᠯᠲᠡ ᠶᠢ ᠪᠠᠲᠤ ᠴᠡᠭᠡᠵᠢᠯᠡᠵᠦ᠂ ᠢᠷᠠᠭᠤ ᠠᠯᠳᠠᠷᠲᠤ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠤᠨ᠂ ᠬᠤᠪᠢᠰᠬᠠᠯ ᠤᠨ ᠭᠧᠨ ᠢ ᠤᠯᠠᠮᠵᠢᠯᠠᠪᠠ᠃
      ︽ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠯᠲᠠ ᠶᠢ ᠰᠣᠨᠣᠰᠬᠤ ᠪᠠᠷ ᠲᠠᠮᠵᠢᠨ᠂ ᠪᠢ ᠨᠠᠮ ᠤᠨ ᠶᠡᠷᠦ ᠪᠤᠰᠤ ᠶᠢᠨ ᠲᠡᠦᠬᠡᠨ ᠶᠠᠪᠤᠴᠠ ᠠᠴᠠ ᠮᠠᠷᠺᠰ ᠤᠨ ᠦᠵᠡᠯ ᠤᠨ ᠦᠨᠡᠨ ᠶᠣᠰᠣᠨ ᠤ ᠬᠦᠴᠦᠨ ᠪᠠ ᠦᠢᠯᠡᠳᠦᠯᠭᠡ ᠶᠢᠨ ᠬᠦᠴᠦᠨ ᠢ ᠤᠢᠢᠯᠠᠭᠠᠭᠰᠠᠨ ᠶᠤᠮ︾ ᠭᠡᠵᠦ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠠᠷᠺᠰ ᠯᠧᠨᠢᠨ ᠤ ᠦᠵᠡᠯ ᠤᠨ ᠬᠡᠯᠲᠡᠰ ᠤᠨ ᠫᠷᠤᠹᠧᠰᠰᠤᠷ ᠯᠢ ᠶᠠᠨ ᠹᠧᠨ ᠬᠡᠯᠡᠪᠡ᠃
      ᠬᠢᠩᠭᠠᠨ ᠠᠶᠢᠮᠠᠭ ᠨᠠᠮ ᠤᠨ ᠲᠡᠦᠬᠡ ᠶᠢ ᠰᠤᠷᠤᠯᠴᠠᠬᠤ ᠶᠢ ᠢᠷᠠᠭᠤ ᠠᠯᠳᠠᠷᠲᠤ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠬᠤ᠂ ᠬᠢᠩᠭᠠᠨ ᠤ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠬᠤ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ᠂ ᠲᠠᠪᠤᠨ ᠰᠠᠷ᠎ᠠ ᠶᠢᠨ ᠨᠢᠭᠡᠨ ᠤ ᠬᠤᠷᠠᠯ ᠤᠨ ᠭᠠᠵᠠᠷ ᠵᠡᠷᠭᠡ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠢ ᠭᠦᠢᠴᠡᠳ ᠠᠰᠢᠭᠯᠠᠨ᠂ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠪᠠ ᠲᠤᠰᠬᠠᠢ ᠰᠡᠳᠦᠪᠲᠦ ᠪᠣᠯᠪᠠᠰᠤᠷᠠᠯ ᠢ ᠨᠠᠷᠢᠨ ᠨᠢᠮᠪᠠᠢ ᠲᠥᠯᠥᠪᠯᠡᠵᠦ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠬᠤᠪᠢᠰᠬᠠᠯᠲᠤ ᠵᠠᠰᠠᠭ ᠬᠢᠯᠪᠠᠷ ᠪᠤᠰᠤ ᠪᠠᠷ ᠢᠷᠡᠭᠰᠡᠨ᠂ ᠰᠢᠨ᠎ᠡ ᠳᠤᠮᠳᠠᠳᠤ ᠤᠯᠤᠰ ᠬᠢᠯᠪᠠᠷ ᠪᠤᠰᠤ ᠪᠠᠷ ᠢᠷᠡᠭᠰᠡᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠬᠢᠯᠪᠠᠷ ᠪᠤᠰᠤ ᠪᠠᠷ ᠢᠷᠡᠭᠰᠡᠨ ᠢ ᠭᠦᠨᠵᠡᠭᠡᠢ ᠲᠠᠨᠢᠭᠤᠯᠵᠤ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠣᠶᠢᠯᠠᠭᠠᠭᠤᠯᠪᠠ᠃
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠪᠡ
      ᠮᠠᠨ ᠤ ᠣᠷᠣᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠢ ᠨᠢᠭᠡᠨ ᠴᠢᠬᠤᠯᠠ ᠠᠭᠤᠯᠭ᠎ᠠ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠶᠢ ᠨᠡᠮᠡᠭᠳᠡᠭᠦᠯᠵᠡᠢ᠃
      3 ᠳ᠋ᠤᠭᠠᠷ ᠰᠠᠷ᠎ᠠ ᠶᠢᠨ 1 ᠤ ᠡᠳᠦᠷ ᠤᠨ ᠣᠷᠣᠶ ᠶᠢᠨ 8 ᠴᠠᠭ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠥᠬᠦ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠴᠠᠭ ᠦᠶ᠎ᠡ ᠶᠢᠨ ᠰᠢᠨ᠎ᠡ ᠬᠥᠮᠦᠨ ᠪᠣᠯᠣᠶ᠎ᠠ︾ ᠭᠡᠰᠡᠨ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠢ ᠡᠬᠢᠯᠡᠭᠦᠯᠵᠦ᠂ 250 ᠭᠠᠷᠤᠶ ᠲᠦᠮᠡᠨ ᠪᠠᠭᠰᠢ ᠰᠣᠷᠣᠭᠴᠢ᠂ ᠣᠯᠠᠨ ᠲᠦᠮᠡᠨ ᠰᠣᠨᠢᠷᠬᠠᠪᠠ᠃ ᠥᠷᠭᠡᠨ ᠤᠯᠠᠨ ᠪᠠᠭᠰᠢ ᠰᠤᠷᠤᠭᠴᠢᠳ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠳᠤ ᠴᠢᠩᠭ᠎ᠠ ᠲᠤᠰᠬᠠᠯ ᠲᠠᠢ ᠪᠠᠶᠢᠵᠤ᠂ ᠨᠡᠪᠲᠡᠷᠡᠭᠦᠯᠬᠦ ᠲᠠᠪᠴᠠᠩ ᠳᠤ ᠬᠡᠳᠦᠨ ᠲᠦᠮᠡᠨ ᠵᠤᠷᠪᠤᠰ ᠦᠭᠡ ᠦᠯᠡᠳᠡᠭᠡᠨ ᠮᠠᠭᠲᠠᠨ

ᠰᠠᠶᠢᠰᠢᠶᠠᠵᠠᠢ᠃
      ᠬᠥᠬᠡᠬᠤᠲᠠ ᠶᠢᠨ ᠪᠠᠭᠰᠢ ᠬᠦᠰᠡᠯ ᠢᠯᠡᠳᠬᠡᠬᠦ ᠳᠤ ᠪᠠᠨ᠂ ᠬᠤᠶᠢᠰᠢᠳᠠ ᠬᠢᠴᠢᠶᠡᠯ ᠤᠨ ᠲᠠᠩᠬᠢᠮ ᠤᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠪᠣᠯᠤᠨ ᠠᠩᠬᠢ ᠶᠢᠨ ᠠᠵᠢᠯᠯᠠᠭ᠎ᠠ ᠶᠢᠨ ᠬᠥᠮᠦᠨ ᠬᠥᠮᠦᠵᠢᠭᠦᠯᠬᠦ ᠴᠢᠳᠠᠪᠬᠢ ᠶᠢ ᠪᠦᠲᠦᠮᠵᠢᠲᠡᠢ ᠤᠶᠠᠯᠳᠤᠭᠤᠯᠵᠤ᠂ ᠨᠡᠶᠢᠭᠡᠮ ᠵᠢᠷᠤᠮ ᠤᠨ ᠪᠦᠳᠦᠬᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ ᠦᠨᠳᠦᠷᠴᠡ ᠠᠴᠠ ᠨᠠᠮ ᠳᠤ ᠪᠠᠨ ᠬᠥᠮᠦᠨ ᠬᠥᠮᠦᠵᠢᠭᠦᠯᠬᠦ᠂ ᠤᠯᠤᠰ ᠲᠤ ᠪᠠᠨ ᠴᠢᠳᠠᠪᠤᠷᠢᠲᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ᠃
      ︽ᠪᠢᠳᠡ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠥᠭᠡᠮᠡᠯᠵᠢᠭᠦᠯᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠴᠢᠩᠭᠠᠳᠬᠠᠨ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠦᠬᠡᠳ ᠤᠳ ᠤᠨ ᠰᠡᠳᠬᠢᠯ ᠳᠤ ᠭᠦᠨ ᠬᠠᠲᠠᠩᠰᠢᠭᠤᠯᠤᠨ᠎ᠡ︾ ᠭᠡᠵᠦ ᠤᠷᠠᠳ ᠤᠨ ᠡᠮᠦᠨᠡᠲᠦ ᠬᠤᠰᠢᠭᠤᠨ ᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠤᠶᠤᠨᠴᠢᠮᠡᠭ ᠬᠡᠯᠡᠪᠡ᠃
      ᠪᠦᠬᠦ ᠣᠷᠣᠨ ᠤ 75 ᠰᠠᠯᠠᠭ᠎ᠠ ᠤᠯᠠᠭᠠᠨᠮᠥ᠋ᠴᠢᠷ ᠴᠦ ᠵᠠᠯᠭᠠᠭ᠎ᠠ ᠪᠠᠷ ᠬᠥᠳᠡᠯᠦᠯᠴᠡᠵᠦ᠂ ᠨᠠᠮ ᠤᠨ ᠲᠡᠦᠬᠡ ᠶᠢᠨ ᠮᠡᠳᠡᠯᠭᠡ᠂ ᠬᠤᠪᠢᠰᠬᠠᠯ ᠤᠨ ᠦᠯᠢᠭᠡᠷ ᠢ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠫᠷᠤᠭ᠍ᠷᠠᠮ ᠳᠤ ᠠᠭᠤᠰᠬᠠᠵᠤ᠂ ᠨᠠᠮ ᠤᠨ ᠳᠠᠭᠤᠨ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠤᠯᠠᠮᠵᠢᠯᠠᠪᠠ᠃ ᠤᠷᠳᠤᠰ ᠬᠤᠳᠠ ᠶᠢᠨ ᠤᠯᠠᠭᠠᠨᠮᠥ᠋ᠴᠢᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠳᠬ᠎ᠠ ᠤᠷᠠᠯᠢᠭ ᠤᠨ ᠤᠬᠠᠭᠤᠯᠭ᠎ᠠ ᠶᠢᠨ ᠪᠠᠭ᠎ᠠ ᠰᠠᠯᠪᠤᠷᠢ ᠠᠩᠬᠢ ᠶᠢᠨ ᠬᠢᠨ ᠦᠦᠰᠢᠨ ᠬᠤᠰᠢᠭᠤᠨ ᠤ ᠭᠠᠯᠠᠭᠤᠲᠤ ᠭᠠᠴᠠᠭ᠎ᠠ ᠳᠤ ᠬᠦᠷᠴᠦ᠂ ᠲᠤᠬᠠᠢ ᠶᠢᠨ ᠭᠠᠵᠠᠷ ᠤᠨ ᠮᠠᠯᠴᠢᠳ ᠲᠤ ᠭᠤᠶᠢᠳᠠ ᠰᠠᠶᠢᠬᠠᠨ ᠲᠣᠭᠯᠠᠯᠲᠠ ᠦᠵᠡᠭᠦᠯᠪᠡ᠃ ︽ᠲᠣᠭᠯᠠᠯᠲᠠ ᠨᠢ ᠰᠠᠶᠢᠬᠠᠨ ᠮᠦᠷᠲᠡᠭᠡᠨ ᠬᠡᠷᠡᠭᠴᠡᠭᠡ ᠲᠠᠢ ᠪᠠᠶᠢᠨ᠎ᠠ᠂ ᠪᠢᠳᠡ ᠨᠠᠮ ᠤᠨ ᠲᠡᠦᠬᠡ ᠶᠢᠨ ᠮᠡᠳᠡᠯᠭᠡ ᠶᠢ ᠰᠤᠷᠴᠤ᠂ ᠨᠠᠮ ᠠᠴᠠ ᠮᠠᠯᠴᠢᠳ ᠢ ᠬᠠᠯᠠᠮᠵᠢᠯᠠᠵᠤ ᠪᠠᠶᠢᠭ᠎ᠠ ᠶᠢ ᠣᠯᠵᠤ ᠮᠡᠳᠡᠯ᠎ᠡ᠂ ᠪᠢᠳᠡ ᠢᠮᠠᠭᠲᠠ ᠨᠠᠮ ᠤᠨ ᠦᠭᠡ ᠶᠢ ᠰᠣᠨᠣᠰᠴᠤ᠂ ᠡᠭᠦᠷᠢᠳᠡ ᠨᠠᠮ ᠢᠶᠠᠨ ᠳᠠᠭᠠᠨ᠎ᠠ︾ ᠭᠡᠵᠦ ᠭᠠᠯᠠᠭᠤᠲᠤ ᠭᠠᠴᠠᠭ᠎ᠠ ᠶᠢᠨ ᠮᠠᠯᠴᠢᠨ ᠪᠠᠲᠤᠴᠡᠩᠭᠡᠯ ᠬᠡᠯᠡᠪᠡ᠃
      ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠳᠠᠪᠲᠠᠨ ᠪᠣᠯᠪᠠᠰᠤᠷᠠᠭᠤᠯᠵᠤ᠂ ᠤᠯᠠᠨ ᠲᠦᠮᠡᠨ ᠤ ︽ᠪᠠᠴᠢᠮ ᠬᠦᠴᠢᠷ ᠵᠣᠪᠠᠨᠢᠯ ᠬᠦᠰᠡᠯ︾ ᠤᠨ ᠠᠰᠠᠭᠤᠳᠠᠯ ᠢ ᠰᠢᠢᠳᠪᠦᠷᠢᠯᠡᠪᠡ
      ᠱᠢ ᠲᠠᠢ ᠹᠧᠩ ᠢᠯᠡᠳᠬᠡᠬᠦ ᠳᠤ ᠪᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠨ᠂ ᠬᠠᠮᠤᠭ ᠤᠨ ᠬᠦᠴᠢᠷᠳᠡᠯ ᠲᠠᠢ ᠣᠯᠠᠨ ᠲᠦᠮᠡᠨ ᠠᠴᠠ ᠭᠠᠷᠳᠠᠵᠤ᠂ ᠬᠠᠮᠤᠭ ᠤᠨ ᠲᠣᠪᠤᠶᠢᠮ᠎ᠠ ᠠᠰᠠᠭᠤᠳᠠᠯ ᠠᠴᠠ ᠡᠬᠢᠯᠡᠨ ᠠᠳᠬᠤᠵᠤ᠂ ᠬᠠᠮᠤᠭ ᠤᠨ ᠪᠣᠳᠠᠲᠠᠶ ᠠᠰᠢᠭ ᠲᠤᠰᠠ ᠠᠴᠠ ᠡᠭᠦᠰᠴᠦ᠂ ᠥᠷᠭᠡᠨ ᠤᠯᠠᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠡᠯ᠎ᠡ ᠠᠵᠢᠯ ᠲᠦᠷᠦᠯ ᠡᠯ᠎ᠡ ᠨᠢᠭᠡᠴᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠬᠠᠶᠢᠯᠠᠭᠰᠠᠨ ᠠᠵᠢᠯ ᠳᠤ ᠪᠠᠨ ᠰᠠᠭᠤᠷᠢᠯᠠᠨ ᠦᠨᠡᠨ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠤ ᠬᠦᠴᠢᠷ ᠵᠣᠪᠠᠭᠤᠷᠢ ᠶᠢ ᠠᠷᠢᠯᠭᠠᠨ ᠥᠭᠴᠥ᠂ ᠤᠯᠠᠨ ᠲᠦᠮᠡᠨ ᠤ ︽ᠪᠠᠴᠢᠮ ᠬᠦᠴᠢᠷ ᠵᠣᠪᠠᠨᠢᠯ ᠬᠦᠰᠡᠯ︾ ᠤᠨ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠲᠡᠳᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠵᠤ᠂ ᠨᠠᠮ ᠪᠣᠯᠤᠨ ᠠᠷᠠᠳ ᠲᠦᠮᠡᠨ ᠤ ᠴᠢᠰᠤ ᠮᠢᠬᠠᠨ ᠤ ᠬᠠᠷᠢᠯᠴᠠᠭ᠎ᠠ ᠶᠢ ᠨᠡᠩ ᠰᠠᠶᠢᠲᠤᠷ ᠪᠠᠲᠤᠯᠠᠬᠤ ᠬᠡᠷᠡᠭᠲᠡᠢ ᠭᠡᠵᠡᠢ᠃
      ᠤᠷᠳᠤᠰ ᠬᠤᠳᠠ ︽ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ︾ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠦᠴᠦᠯᠡᠬᠦ ᠴᠡᠭ ᠪᠠ ᠲᠤᠰᠤᠯᠳᠠ ᠪᠣᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠪᠣᠳᠠᠲᠠᠢ ᠶᠠᠪᠤᠳᠠᠯ ᠬᠢᠬᠦ ᠨᠠᠷᠢᠨ ᠳᠠᠩᠰᠠ ᠪᠠᠨ ᠵᠠᠯᠭᠠᠪᠡᠷ ᠭᠠᠷᠭᠠᠪᠠ᠃ ᠡᠵᠡᠨ ᠬᠤᠷᠤᠭ᠎ᠠ ᠬᠤᠰᠢᠭᠤᠨ ᠤ ᠰᠣᠪᠣᠷᠭ᠎ᠠ ᠪᠠᠯᠭᠠᠰᠤ ᠶᠢᠨ 28 ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠡᠭᠦᠷ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠲᠦᠷᠦᠯ ᠵᠦᠢᠯ ᠢ 168 ᠲᠣᠭᠲᠠᠭᠠᠵᠤ᠂ ᠶᠡᠭᠡ ᠳᠤ ᠪᠠᠨ ᠵᠠᠮ ᠵᠠᠰᠠᠬᠤ᠂ ᠬᠠᠮᠲᠤ ᠶᠢᠨ ᠠᠵᠤ ᠠᠬᠤᠢ ᠶᠢ ᠬᠥᠭᠵᠢᠭᠦᠯᠬᠦ᠂ ᠪᠠᠭ᠎ᠠ ᠳᠤ ᠪᠠᠨ ᠪᠠᠶᠠᠷ ᠳᠤᠷᠠᠰᠬᠠᠯ ᠤᠨ ᠡᠳᠦᠷ ᠤᠨ ᠲᠣᠬᠤᠨᠢᠭᠤᠯᠭ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠯᠲᠡ ᠵᠡᠷᠭᠡ ᠲᠠᠯ᠎ᠠ ᠪᠠᠷ ᠴᠥᠮ ᠨᠠᠷᠢᠨ ᠨᠢᠭᠲᠠ ᠲᠥᠯᠥᠪᠵᠢᠭᠦᠯᠭᠡ ᠬᠢᠵᠡᠢ᠃
      ᠦᠬᠠᠢ ᠬᠤᠳᠠ ᠨᠠᠮ ᠤᠨ ᠲᠡᠦᠬᠡ ᠶᠢ ᠰᠤᠷᠤᠯᠴᠠᠬᠤ ᠶᠢ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠵᠤ᠂ ᠠᠵᠢᠯ ᠤᠨ ᠭᠠᠷᠳᠠᠴᠠ ᠪᠠᠨ ᠣᠨᠣᠪᠴᠢᠲᠠᠢ ᠡᠷᠢᠪᠡ᠃ ᠭᠠᠷᠠᠭ ᠪᠦᠷᠢ ᠶᠢᠨ ᠲᠠᠪᠤᠨ ᠤ ᠦᠳᠡ ᠶᠢᠨ ᠡᠮᠦᠨ᠎ᠡ ᠦᠬᠠᠢ ᠬᠤᠲᠠ ᠶᠢᠨ ᠤᠳᠠ ᠲᠣᠭᠤᠷᠢᠭ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ ᠲᠣᠭᠤᠷᠢᠭ ᠤᠨ ᠳᠠᠷᠤᠭ᠎ᠠ ᠶᠢᠨ ᠬᠦᠯᠢᠶᠡᠨ ᠠᠪᠬᠤ ᠡᠳᠦᠷ ᠪᠠᠶᠢᠵᠤ᠂ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠢ ᠲᠤᠬᠠᠶ ᠶᠢᠨ ᠲᠠᠯᠠᠪᠠᠢ ᠳᠤ ᠰᠢᠢᠳᠪᠦᠷᠢᠯᠡᠬᠦ ᠶᠢ ᠨᠢ ᠳᠠᠷᠤᠶᠢᠬᠠᠨ ᠰᠢᠢᠳᠪᠦᠷᠢᠯᠡᠵᠦ᠂ ᠲᠤᠬᠠᠶ ᠶᠢᠨ ᠲᠠᠯᠠᠪᠠᠢ ᠳᠤ ᠰᠢᠢᠳᠪᠦᠷᠢᠯᠡᠬᠦ ᠶᠢᠨ ᠠᠷᠭ᠎ᠠ ᠥᠬᠡᠶ ᠶᠢ ᠨᠢ ᠪᠣᠯ ᠡᠬᠡ ᠲᠠᠩᠰᠠ ᠪᠠᠶᠢᠭᠤᠯᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠬᠠᠷᠢᠭᠤᠴᠠᠯᠭᠠᠲᠠᠨ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠭᠰᠠᠨ ᠤ ᠬᠠᠮᠲᠤ᠂ ᠲᠣᠭᠤᠷᠢᠭ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠭᠠᠷᠠᠭ ᠪᠦᠷᠢ ᠪᠠᠶᠢᠳᠠᠯ ᠤᠨ ᠠᠬᠢᠴᠠ ᠶᠢᠨ ᠮᠡᠳᠡᠭᠡᠯᠡᠯ ᠬᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠭᠦᠯᠵᠦ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠡᠢ᠃
      ︽ᠪᠢ ᠪᠣᠯ ᠡᠪ ᠬᠠᠮᠲᠤ ᠨᠠᠮ ᠤᠨ ᠭᠡᠰᠢᠭᠦᠨ · ᠪᠢ ᠴᠢᠮᠠᠶᠢ ᠬᠠᠪᠰᠤᠷᠤᠨ᠎ᠠ︾ ︽ᠪᠢ ᠪᠣᠯ ᠤᠮᠠᠷᠠᠲᠤ ᠬᠢᠯᠢ ᠶᠢᠨ ᠦᠯᠢᠬᠡᠷ ᠳᠠᠭᠤᠷᠢᠶᠠᠯ · ᠪᠢ ᠴᠢᠮᠠᠶᠢ ᠬᠠᠪᠰᠤᠷᠤᠨ᠎ᠠ︾ ︽ᠪᠢ ᠪᠣᠯ ᠲᠠᠷᠢᠶ᠎ᠠ ᠲᠠᠷᠢᠬᠤ ᠴᠢᠳᠠᠪᠤᠷᠢᠲᠠᠨ · ᠪᠢ ᠴᠢᠮᠠᠶᠢ ᠬᠠᠪᠰᠤᠷᠤᠨ᠎ᠠ︾ ᠁ ᠮᠠᠨ ᠤ ᠣᠷᠣᠨ ᠤ ᠡᠯ᠎ᠡ ᠱᠠᠲᠤᠨ ᠤ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠰᠠᠨᠠᠭᠠᠴᠢᠯᠠᠭᠰᠠᠨ ︽ᠪᠢ ᠴᠢᠮᠠᠶᠢ ᠬᠠᠪᠰᠤᠷᠤᠨ᠎ᠠ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠬᠤ ᠲᠠᠢ ᠤᠶᠠᠯᠳᠤᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠨᠥᠬᠦᠷᠰᠡᠭ ᠬᠠᠶᠢᠷ᠎ᠠ ᠪᠠᠷ ᠬᠠᠷᠢᠯᠴᠠᠨ ᠬᠠᠪᠰᠤᠷᠤᠯᠴᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠭᠦᠯᠵᠡᠢ᠃
      ᠮᠠᠨ ᠤ ᠣᠷᠣᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠭᠡᠷᠡᠯ ᠰᠠᠴᠤᠷᠠᠩᠭᠤᠢ ᠲᠡᠦᠬᠡ ᠠᠴᠠ ᠡᠯᠪᠡᠭ ᠪᠠᠶᠠᠯᠢᠭ ᠰᠢᠮ᠎ᠡ ᠲᠡᠵᠢᠭᠡᠯ ᠬᠦᠷᠳᠡᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠠᠵᠢᠯ ᠤᠨ ᠬᠥᠳᠡᠯᠭᠡᠬᠦ ᠬᠦᠴᠦᠨ ᠪᠠ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠰᠢᠨ᠎ᠡ ᠴᠠᠭ ᠦᠶ᠎ᠡ ᠶᠢᠨ ᠭᠡᠷᠡᠯ ᠰᠠᠴᠤᠷᠠᠩᠭᠤᠢ ᠦᠢᠯᠡᠰ ᠢ ᠪᠢᠴᠢᠭᠯᠡᠬᠦ ᠪᠠᠷ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ