ᠰᠢᠯᠢ ᠶᠢᠨ ᠭᠤᠤᠯ ᠠᠶᠢᠮᠠᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ 8 ᠵᠦᠶᠯ ᠤᠨ ᠲᠤᠬᠠᠶᠢᠯᠠᠭᠰᠠᠨ ᠠᠵᠢᠯ ᠢ ᠤᠷᠢᠳᠴᠢᠯᠠᠨ ᠪᠡᠶᠡᠯᠡᠭᠦᠯᠪᠡ
ᠨᠡᠶᠢᠲᠡᠯᠡᠭᠰᠡᠨ ᠴᠠᠭ᠄
2021/4/14

     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠰᠢᠯᠢ ᠶᠢᠨ ᠭᠤᠣᠯ ᠠᠶᠢᠮᠠᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠨᠠᠮ ᠤᠨ ᠲᠡᠦᠬᠡ ᠰᠤᠷᠤᠯᠴᠠᠬᠤ ᠶᠢ ︽ᠪᠢ ᠤᠯᠠᠨ ᠲᠦᠮᠡᠨ ᠳᠤ ᠪᠣᠳᠠᠲᠠᠢ ᠠᠵᠢᠯ ᠬᠢᠬᠦ︾ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠭᠰᠠᠨ 2021 ᠣᠨ ᠤ ᠡᠴᠦᠰ ᠠᠴᠠ ᠡᠮᠦᠨ᠎ᠡ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ 8 ᠵᠦᠢᠯ ᠤᠨ ᠠᠵᠢᠯ ᠢ ᠪᠡᠶᠡᠯᠡᠭᠦᠯᠬᠦ ᠶᠢ ᠲᠦᠷᠭᠡᠳᠬᠡᠨ ᠠᠭᠢᠭᠤᠯᠵᠠᠢ᠃ 2021 ᠣᠨ ᠤ 3 ᠳ᠋ᠤᠭᠠᠷ ᠰᠠᠷ᠎ᠠ ᠶᠢᠨ ᠡᠴᠦᠰ ᠪᠣᠯᠬᠤ ᠳᠤ᠂ ᠰᠢᠯᠢ ᠶᠢᠨ ᠭᠤᠤᠯ ᠠᠶᠢᠮᠠᠭ ᠪᠥᠬᠦ ᠶᠠᠪᠤᠴᠠ ᠶᠢ ᠰᠦᠯᠵᠢᠶ᠎ᠡ ᠪᠠᠷ ᠭᠦᠶᠴᠡᠳᠬᠡᠬᠦ᠂ ᠲᠤᠰᠬᠠᠶ ᠴᠣᠩᠬᠤᠪᠴᠢ ᠭᠠᠷᠭᠠᠵᠤ ᠣᠷᠣᠯᠠᠨ ᠭᠥᠯᠢᠶᠡᠨ ᠠᠪᠴᠤ ᠣᠷᠣᠯᠠᠨ ᠭᠦᠶᠴᠡᠳᠬᠡᠬᠦ᠂ ᠣᠯᠠᠨ‌ᠭᠠᠵᠠᠷ ᠬᠠᠮᠲᠤᠷᠠᠯᠴᠠᠨ ᠭᠦᠶᠴᠡᠳᠬᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ  ᠲᠤᠰᠢᠶᠠᠨ ᠬᠠᠳᠠᠭᠠᠯᠠᠭᠤᠯᠤᠭᠰᠠᠨ ᠪᠤᠶᠤ ᠵᠢᠭᠡᠯᠡᠭᠰᠡᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠵᠢᠭᠡᠯᠡᠯᠭᠡ ᠠᠪᠤᠭᠰᠠᠨ ᠠᠵᠢᠯᠲᠠᠨ ᠠᠵᠢᠯᠴᠢᠨ ᠤ ᠲᠤᠰᠢᠶᠠᠵᠤ ᠬᠠᠳᠠᠭᠠᠯᠠᠭᠤᠯᠤᠭᠰᠠᠨ ᠬᠡᠷᠡᠭᠯᠡᠭᠰᠡᠨ ᠶᠠᠪᠤᠳᠠᠯ ᠳᠤ ᠭᠡᠷᠡᠴᠢᠯᠡᠭᠡ ᠬᠢᠵᠦ ᠥᠭᠬᠦ᠂ ᠬᠡᠪ ᠤᠨ ᠶᠣᠰᠣᠭᠠᠷ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠬᠤ᠂ ᠨᠢᠭᠡᠴᠢ ᠨᠢ ᠳᠠᠩᠰᠠᠯᠠᠨ ᠡᠷᠦᠬᠡ ᠨᠡᠭᠡᠭᠡᠵᠦ ᠥᠭᠬᠦ᠂ ᠨᠢᠭᠡᠴᠢ ᠪᠠ ᠬᠤᠪᠢ ᠬᠥᠮᠦᠨ ᠮᠡᠳᠡᠭᠡ ᠵᠠᠩᠭᠢ ᠪᠠᠨ ᠬᠠᠯᠠᠵᠤ ᠥᠭᠡᠷᠡᠴᠢᠯᠡᠬᠦ᠂ ᠬᠡᠷ ᠪᠠᠶᠢᠰᠢᠩ ᠬᠤᠳᠠᠯᠳᠤᠨ ᠠᠪᠬᠤ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠬᠤ᠂ ᠵᠢᠭᠡᠯᠡᠯᠭᠡ ᠶᠢ ᠳᠥᠯᠥᠵᠦ ᠳᠠᠭᠤᠰᠬᠠᠭᠰᠠᠨ ᠭᠡᠷᠡᠴᠢᠯᠡᠭᠡ ᠬᠢᠵᠦ ᠥᠭᠬᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ ᠤᠷᠢᠳᠴᠢᠯᠠᠨ ᠲᠥᠯᠦᠵᠦ ᠳᠠᠭᠤᠰᠬᠠᠬᠤ︾ ᠵᠡᠷᠭᠡ 8 ᠵᠦᠶᠯ ᠤᠨ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ ᠲᠤᠬᠠᠶᠢᠯᠠᠭᠰᠠᠨ ᠠᠵᠢᠯ ᠤᠳ ᠢ 9 ᠰᠠᠷ᠎ᠠ ᠤᠷᠢᠳᠴᠢᠯᠠᠨ ᠪᠡᠶᠡᠯᠡᠭᠦᠯᠦᠭᠰᠡᠨ ᠪᠠᠶᠢᠨ᠎ᠠ᠃

ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ